ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ
ᠣᠢᠯᠠᠭᠠᠭᠰᠠᠨ ᠵᠢᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ
ᠲᠠᠮᠢᠷ᠎ᠤᠨ ᠴᠤᠭᠯᠠᠭᠠᠨ᠎ᠤ ᠤᠷᠤᠭᠰᠢᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ᠂ ᠣᠢᠷ᠎ᠠ᠎ᠳᠤ ᠥᠪᠡᠷᠲᠡᠭᠡᠨ
ᠵᠠᠰᠠᠬᠤ ᠣᠷᠣᠨ᠎ᠤ ᠡᠳ᠋᠎ᠦᠨ ᠵᠠᠰᠠᠭ ᠠ᠋ᠴᠠ 1077 ᠲᠦᠮᠡᠨ ᠲᠥᠭᠥᠷᠢᠭ᠎ᠤᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶᠢᠨ
ᠨᠡᠶ᠋ᠢᠲᠡ᠎ᠶᠢᠨ ᠠᠰᠠᠷᠠᠮᠵᠢ᠎ᠶᠢᠨ ᠮᠥᠩᠭᠥ ᠵᠢ ᠲᠠᠮᠢᠷ᠎ᠤᠨ ᠴᠤᠭᠯᠠᠭᠠᠨ᠎ᠢ ᠳᠠᠭᠠᠭᠠᠴᠢᠯᠠᠨ ᠡᠷᠭᠢᠯᠡᠬᠦ ᠬᠣᠲᠠ
ᠪᠤᠭᠤᠲᠤ ᠬᠣᠲᠠ᠎ᠳᠤ ᠪᠠᠭᠤᠯᠭᠠᠵᠤ᠂ ᠤᠷᠤᠯᠳᠤᠭᠠᠨ᠎ᠤ ᠪᠡᠯᠡᠳᠬᠡᠯ ᠪᠠ ᠵᠣᠬᠢᠶᠠᠨ ᠪᠠᠶ᠋ᠢᠭᠤᠯᠬᠤ ᠠᠵᠢᠯ᠎ᠳᠤ ᠳᠤᠰᠬᠠᠢ
ᠲᠦᠷᠦᠯ ᠵᠢᠡᠷ ᠬᠡᠷᠡᠭᠯᠡᠬᠦ ᠵᠢ ᠱᠠᠭᠠᠷᠳᠠᠪᠠ᠃
ᠣᠢᠯᠠᠭᠠᠭᠰᠠᠨ᠎ᠢᠶᠠᠷ᠂ ᠲᠣᠰ
ᠤᠳᠠᠭᠠᠨ᠎ᠤ ᠡᠳ᠋᠎ᠦᠨ ᠵᠠᠰᠠᠭ᠎ᠤᠨ ᠪᠡᠯᠡ ᠮᠥᠩᠭᠥ᠎ᠶᠢᠨ ᠲᠣᠬᠢᠷᠠᠭᠤᠯᠤᠯᠲᠠ᠎ᠳᠤ 《ᠨᠢᠭᠡᠳᠦᠯᠲᠡᠢ ᠲᠥᠯᠥᠪᠵᠢᠭᠦᠯᠬᠦ᠂ ᠭᠣᠣᠯᠳᠠᠯᠭ᠎ᠠ᠎ᠶᠢ ᠳᠣᠪᠣᠶ᠋ᠢᠯᠭᠠᠬᠤ᠂ ᠠᠵᠢᠯ᠎ᠤᠨ ᠪᠦᠲᠦᠮᠵᠢ᠎ᠶᠢ
ᠴᠢᠬᠤᠯᠠᠴᠢᠯᠠᠬᠤ》 ᠵᠠᠷᠴᠢᠮ᠎ᠢ ᠴᠢᠩᠭ᠎ᠠ ᠵᠢᠷᠤᠮᠯᠠᠨ᠂ ᠤᠷᠤᠯᠳᠤᠭᠠᠨ᠎ᠤ
ᠶᠠᠪᠤᠳᠠᠯ᠎ᠢ ᠵᠣᠬᠢᠶᠠᠨ ᠪᠠᠶ᠋ᠢᠭᠤᠯᠬᠤ᠂ ᠳᠠᠯᠠᠪᠤᠷ ᠭᠠᠵᠠᠷ᠎ᠢ ᠬᠠᠮᠠᠭᠠᠯᠠᠬᠤ᠂ ᠠᠮᠤᠷ ᠲᠦᠪᠰᠢᠨ᠎ᠢ ᠪᠠᠲᠤᠯᠠᠬᠤ
ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠷᠤᠯᠳᠤᠭᠠᠨ᠎ᠤ ᠲᠠᠯᠠᠪᠤᠷ
ᠣᠷᠳᠣᠨ᠎ᠢ ᠬᠠᠮᠠᠭᠠᠯᠠᠨ ᠥᠭᠡᠷᠡᠴᠢᠯᠡᠬᠦ᠂ ᠤᠷᠤᠯᠳᠤᠭᠠᠨ᠎ᠤ ᠠᠵᠢᠯᠯᠠᠭ᠎ᠠ ᠵᠢᠴᠢ ᠲᠠᠮᠢᠷᠴᠢᠳ᠎ᠤᠨ ᠪᠣᠯᠪᠠᠰᠤᠷᠠᠯ᠎ᠤᠨ
ᠪᠠᠲᠤᠯᠠᠭ᠎ᠠ ᠵᠡᠷᠭᠡ ᠶᠢ ᠭᠣᠣᠯᠳᠠᠯᠭ᠎ᠠ᠎ᠲᠠᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ
ᠲᠢᠩᠬᠢᠮ᠎ᠡᠴᠡ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠪᠡᠯᠡ ᠮᠥᠩᠭᠥ᠎ᠶᠢᠨ ᠬᠠᠮᠢᠶᠠᠷᠤᠯᠲᠠ᠎ᠪᠠᠨ
ᠴᠢᠩᠭᠠᠳᠬᠠᠵᠤ᠂ ᠲᠤᠰᠬᠠᠢ ᠵᠣᠭᠣᠰ᠎ᠢ ᠲᠤᠰᠬᠠᠢ ᠲᠦᠷᠦᠯ᠎ᠳᠦ ᠬᠡᠷᠡᠭᠯᠡᠬᠦ᠎ᠶᠢ ᠦᠨᠡᠨᠬᠦ ᠪᠠᠲᠤᠯᠠᠵᠤ᠂ ᠪᠡᠯᠡ ᠮᠥᠩᠭᠥ᠎ᠶᠢᠨ
ᠬᠡᠷᠡᠭᠯᠡᠯᠲᠡ᠎ᠶᠢᠨ ᠦᠷ᠎ᠡ ᠠᠰᠢᠭ᠋᠎ᠢ ᠦᠨᠡᠨᠬᠦ ᠳᠡᠭᠡᠭᠰᠢᠯᠡᠭᠦᠯᠵᠦ᠂ ᠲᠣᠰ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠢ 《ᠭᠣᠢᠳᠠ ᠰᠠᠢᠬᠠᠨ᠂ ᠲᠥᠬᠥᠮ ᠠᠪᠰᠠᠷᠬᠠᠨ᠂ ᠪᠣᠬᠢᠷᠲᠤᠯ ᠦᠭᠡᠢ》 ᠪᠡᠶ᠎ᠡ᠎ᠶᠢᠨ
ᠲᠠᠮᠢᠷ᠎ᠤᠨ ᠦᠪᠡᠳᠡᠭᠰᠢ ᠴᠤᠭᠯᠠᠭᠠᠨ ᠪᠣᠯᠭᠠᠨ ᠡᠷᠭᠢᠯᠡᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ
ᠭᠡᠵᠦ ᠱᠠᠭᠠᠷᠳᠠᠪᠠ᠃
ᠣᠢᠯᠠᠭᠠᠭᠰᠠᠨ᠎ᠢᠶᠠᠷ᠂ ᠲᠣᠰ
ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠ᠋ᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ
ᠪᠡᠶ᠎ᠡ᠎ᠶᠢᠨ ᠲᠠᠮᠢᠷ᠎ᠤᠨ ᠲᠣᠪᠴᠢᠶ᠎ᠠ ᠪᠠ ᠪᠤᠭᠤᠳᠤ
ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠬᠠᠮᠳᠤ ᠪᠡᠷ ᠳᠠᠭᠠᠭᠠᠴᠢᠯᠠᠨ ᠡᠷᠬᠢᠯᠡᠵᠤ᠂ 2026 ᠣᠨ᠎ᠤ 1 ᠰᠠᠷ᠎ᠠ᠎ᠳᠤ
ᠨᠢᠭᠡᠨᠳᠡ ᠬᠡᠰᠡᠭ ᠡᠪᠦᠯ᠎ᠦᠨ ᠤᠯᠠᠷᠢᠯ᠎ᠤᠨ ᠤᠷᠤᠯᠳᠤᠭᠠᠨ᠎ᠤ ᠵᠦᠢᠯ᠎ᠢ ᠤᠷᠢᠳᠠᠪᠠᠷ ᠡᠬᠢᠯᠡᠬᠦᠯᠪᠡ; ᠲᠠᠮᠢᠷ᠎ᠤᠨ ᠴᠤᠭᠯᠠᠭᠠᠨ᠎ᠤ ᠵᠣᠨ᠎ᠤ ᠤᠯᠠᠷᠢᠯ᠎ᠤᠨ ᠤᠷᠤᠯᠳᠤᠭᠠᠨ᠎ᠤ ᠵᠦᠢᠯ᠎ᠦᠨ ᠡᠯ᠎ᠡ ᠵᠦᠢᠯ᠎ᠦᠨ
ᠤᠷᠤᠯᠳᠤᠭᠠᠨ᠎ᠤ ᠳᠦᠷᠢᠮ ᠲᠣᠭᠲᠠᠭᠠᠯ᠎ᠢ ᠴᠤ᠌ ᠵᠢᠩᠬᠢᠨᠢ᠎ᠪᠡᠷ ᠵᠠᠷᠯᠠᠨ ᠨᠡᠢᠲᠡᠯᠡᠵᠦ᠂ ᠪᠡᠯᠡᠳᠬᠡᠯ ᠠᠵᠢᠯ ᠶᠠᠭ
ᠡᠮᠬᠢ ᠵᠢᠷᠤᠮ᠎ᠲᠠᠢ ᠶᠠᠪᠤᠭᠳᠠᠵᠤ ᠪᠠᠢᠨ᠎ᠠ᠃ ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ
ᠡᠳ᠋᠎ᠦᠨ ᠵᠠᠰᠠᠭ᠎ᠤᠨ ᠲᠢᠩᠬᠢᠮ᠎ᠡᠴᠡ ᠲᠤᠰᠬᠠᠢ ᠪᠡᠯᠡ ᠮᠥᠩᠭᠥ᠎ᠶᠢᠨ ᠪᠥᠬᠥ ᠶᠠᠪᠤᠴᠠ᠎ᠶᠢᠨ ᠬᠢᠨᠠᠯᠲᠠ ᠬᠠᠮᠢᠶᠠᠷᠤᠯᠲᠠ᠎ᠶᠢ
ᠦᠷᠭᠦᠯᠵᠢᠯᠡᠨ ᠴᠢᠩᠭᠠᠳᠬᠠᠵᠤ᠂ ᠠᠵᠢᠯ᠎ᠤᠨ ᠠᠮᠵᠢᠯᠲᠠ ᠪᠦᠲᠦᠮᠵᠢ᠎ᠶᠢᠨ ᠦᠨᠡᠯᠡᠯᠲᠡ᠎ᠶᠢ ᠴᠢᠩᠭᠠᠳᠬᠠᠨ᠂ ᠪᠡᠯᠡ ᠮᠥᠩᠭᠥ᠎ᠶᠢ
ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠡᠷᠡᠭᠯᠡᠬᠦ᠎ᠶᠢ ᠪᠠᠳᠤᠯᠠᠨ᠎ᠠ᠃