3 ᠰᠠᠷ᠎ᠠ᠎ᠶᠢᠨ 16᠎ᠤ ᠡᠳᠦᠷ᠎ᠦᠨ ᠦᠳᠡ᠎ᠶᠢᠨ
ᠬᠣᠢᠨ᠎ᠠ᠂ 9068 ᠺᠢᠯᠣᠭ᠌ᠷᠠᠮ ᠬᠦᠨᠳᠦ ᠪᠠᠷᠠᠭ᠎ᠠ ᠲᠡᠭᠡᠭᠡᠭᠰᠡᠨ ᠰᠢᠤᠳᠠᠨ᠎ᠤ ᠲᠡᠷᠭᠡ ᠡᠷᠢᠶᠡᠨ ᠬᠣᠲᠠ᠎ᠶᠢᠨ ᠣᠯᠠᠨ
ᠤᠯᠤᠰ᠎ᠤᠨ ᠰᠢᠤᠳᠠᠨ᠎ᠤ ᠵᠦᠢᠯ᠎ᠢ ᠰᠣᠯᠢᠯᠴᠠᠬᠤ ᠲᠣᠪᠴᠢᠶ᠎ᠠ (ᠰᠣᠯᠢᠯᠴᠠᠭᠠᠨ᠎ᠤ ᠥᠷᠲᠡᠭᠡ)᠎ᠡᠴᠠ ᠮᠤᠷᠳᠠᠵᠤ᠂
ᠣᠷᠣᠰ᠎ᠤᠨ ᠨᠡᠢᠰᠯᠡᠯ ᠮᠣᠰᠺᠸᠠ ᠵᠢ ᠵᠤᠷᠢᠪᠠ᠃ ᠡᠨᠡ ᠪᠣᠯ ᠥᠪᠥᠷ ᠮᠣᠩᠭᠣᠯ᠎ᠤᠨ ᠰᠢᠤᠳᠠᠨ᠎ᠤ ᠶᠠᠪᠤᠳᠠᠯ᠎ᠤᠨ 《ᠡᠷᠢᠶᠡᠨ ᠬᠤᠳᠠ — ᠰᠢᠨ᠎ᠡ ᠰᠢᠪᠧᠷᠢᠶ᠎ᠠ》 ᠵᠢᠨ ᠳᠤᠮᠳᠠᠳᠤ ᠤᠷᠤᠰ᠎ᠤᠨ ᠬᠠᠭᠤᠷᠠᠢ ᠵᠠᠮ᠎ᠤᠨ ᠰᠢᠤᠳᠠᠨ᠎ᠤ ᠵᠠᠮ᠎ᠤᠨ ᠪᠠᠢᠩᠭᠤᠵᠢᠭ᠍ᠰᠠᠨ
ᠡᠵᠡᠩᠨᠡᠯᠲᠡ᠎ᠶᠢ ᠪᠡᠶᠡᠯᠡᠭᠦᠯᠦᠭᠰᠡᠨ᠎ᠦ ᠳᠠᠷᠠᠭᠠᠬᠢ ᠤᠮᠠᠷᠠᠰᠢ ᠨᠡᠭᠡᠭᠡᠯᠲᠡ ᠬᠢᠬᠦ ᠬᠢᠯᠢ ᠠᠯᠤᠰᠯᠠᠭᠰᠠᠨ
ᠢᠯᠡᠭᠡᠯᠲᠡ᠎ᠶᠢᠨ ᠵᠠᠮ᠎ᠤᠨ ᠪᠦᠲᠦᠭᠡᠨ ᠪᠠᠢᠭᠤᠯᠤᠯᠲᠠ᠎ᠶᠢᠨ ᠲᠠᠯ᠎ᠠ᠎ᠪᠠᠷ ᠣᠯᠣᠭᠰᠠᠨ ᠪᠠᠰᠠ ᠨᠢᠭᠡᠨ ᠴᠢᠬᠤᠯᠠ
ᠰᠢᠪᠲᠤᠯᠤᠯᠲᠠ ᠪᠣᠯᠣᠨ᠎ᠠ᠂ ᠡᠨᠡ ᠨᠢ ᠳᠤᠮᠳᠠᠳᠤ ᠮᠣᠩᠭᠣᠯ ᠤᠷᠤᠰ ᠭᠤᠷᠪᠠᠨ ᠤᠯᠤᠰ᠎ᠤᠨ ᠰᠢᠤᠳᠠᠨ᠎ᠤ
ᠪᠠᠷᠠᠭᠠᠨ᠎ᠤ ᠭᠦᠢᠯᠭᠡᠭᠡᠨ᠎ᠦ ᠬᠠᠮᠲᠤᠷᠠᠯᠴᠠᠭ᠎ᠠ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠤᠢ᠃
ᠲᠣᠰ ᠤᠳᠠᠭ᠎ᠠ ᠵᠢᠨ ᠨᠡᠪᠲᠡᠷᠡᠭᠦᠯᠦᠭᠰᠡᠨ 《ᠡᠷᠢᠶᠡᠨ ᠬᠣᠲᠠ — ᠮᠣᠰᠺᠸᠠ》 ᠵᠢᠨ ᠰᠢᠤᠳᠠᠨ᠎ᠤ ᠵᠠᠮ ᠨᠢ ᠵᠠᠰᠠᠮᠠᠯ ᠵᠠᠮ ᠲᠡᠮᠦᠷ ᠵᠠᠮ᠎ᠤᠨ ᠬᠠᠮᠲᠤᠷᠠᠭᠰᠠᠨ
ᠲᠡᠭᠡᠭᠡᠪᠦᠷᠢ᠎ᠶᠢᠨ ᠵᠠᠭᠪᠤᠷ᠎ᠢ ᠬᠡᠷᠡᠭᠯᠡᠨ ᠮᠣᠰᠺᠸᠠ᠎ᠳᠤ ᠰᠢᠭᠤᠳ ᠬᠦᠷᠴᠦ᠂ ᠦᠢᠯᠡᠴᠢᠯᠡᠭᠡᠨ᠎ᠦ ᠬᠡᠪᠴᠢᠶ᠎ᠡ ᠨᠢ
ᠣᠷᠣᠰ᠎ᠤᠨ ᠪᠥᠬᠥ ᠬᠢᠯᠢ᠎ᠶᠢ ᠬᠠᠮᠤᠷᠴᠤ᠂ ᠣᠷᠣᠰ᠎ᠲᠤ ᠶᠠᠪᠤᠭᠤᠯᠬᠤ ᠬᠠᠭᠤᠷᠠᠢ ᠵᠠᠮ᠎ᠤᠨ ᠲᠡᠭᠡᠭᠡᠪᠦᠷᠢ᠎ᠶᠢᠨ ᠪᠥᠬᠥ
ᠲᠥᠷᠥᠯ᠎ᠦᠨ ᠰᠢᠤᠳᠠᠨ᠎ᠤ ᠵᠦᠢᠯ᠎ᠢ ᠠᠴᠢᠶᠠᠯᠠᠵᠤ ᠪᠣᠯᠬᠤ᠎ᠶᠢᠨ ᠬᠠᠮᠲᠤ ᠲᠡᠭᠡᠭᠡᠪᠦᠷᠢ᠎ᠶᠢᠨ ᠭᠣᠭᠴᠣᠭ᠎ᠠ᠎ᠳᠤ ᠦᠵᠡᠭᠦᠯᠬᠦ
ᠠᠭᠤᠷ ᠠᠮᠢᠰᠬᠤᠯ᠎ᠤᠨ ᠬᠦᠴᠦᠨ ᠵᠦᠢᠯ᠎ᠦᠨ ᠨᠥᠯᠥᠭᠡ᠎ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠰᠢᠤᠳᠠᠨ᠎ᠤ
ᠵᠠᠮ᠎ᠤᠨ ᠪᠦᠬᠦ ᠲᠡᠭᠡᠭᠡᠪᠦᠷᠢ᠎ᠶᠢᠨ ᠬᠤᠭᠤᠴᠠᠭ᠎ᠠ ᠪᠠᠷᠤᠭ 15 ᠡᠳᠦᠷ ᠪᠠᠢᠵᠤ᠂ ᠤᠷᠤᠰ ᠵᠦᠭ ᠶᠠᠪᠤᠭᠤᠯᠬᠤ ᠬᠠᠭᠤᠷᠠᠢ
ᠵᠠᠮ᠎ᠤᠨ ᠰᠢᠤᠳᠠᠨ᠎ᠤ ᠵᠦᠢᠯ᠎ᠦᠨ ᠪᠦᠬᠦᠶ᠋ᠢᠯᠡ ᠳᠠᠮᠵᠢᠭᠤᠯᠭ᠎ᠠ᠎ᠶᠢᠨ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠪᠡ᠃
ᠳᠤᠮᠳᠠᠳᠤ ᠤᠷᠤᠰᠢ ᠬᠣᠯᠪᠣᠭᠰᠠᠨ ᠴᠢᠬᠤᠯᠠ
ᠪᠠᠷᠠᠭᠠᠨ᠎ᠤ ᠭᠦᠢᠯᠭᠡᠭᠡᠨ᠎ᠦ ᠰᠢᠨ᠎ᠡ ᠵᠠᠮ ᠪᠣᠯᠤᠭᠰᠠᠨ᠎ᠤ ᠬᠤᠪᠢ᠎ᠳᠤ᠂ ᠲᠤᠰ ᠰᠢᠤᠳᠠᠨ᠎ᠤ ᠵᠠᠮ ᠨᠡᠪᠲᠡᠷᠡᠭᠰᠡᠨ
ᠨᠢ ᠳᠤᠮᠳᠠᠳᠤ ᠤᠷᠤᠰ᠎ᠤᠨ ᠬᠢᠯᠢ ᠠᠯᠤᠰᠯᠠᠭᠰᠠᠨ ᠠᠷᠠᠯᠵᠢᠶ᠎ᠠ᠎ᠳᠤ ᠳᠥᠭᠥᠮ ᠳᠥᠲᠡ ᠥᠨᠳᠥᠷ ᠪᠦᠲᠦᠮᠵᠢᠲᠡᠢ ᠰᠢᠤᠳᠠᠨ᠎ᠤ
ᠪᠠᠷᠠᠭᠠᠨ᠎ᠤ ᠭᠦᠢᠯᠭᠡᠭᠡᠨ᠎ᠦ ᠬᠥᠭᠥᠷᠭᠡ᠎ᠶᠢ ᠪᠠᠢᠭᠤᠯᠵᠤ ᠥᠭᠭᠦᠭᠰᠡᠨ ᠪᠥᠭᠡᠳ ᠪᠠᠰᠠ ᠥᠪᠥᠷ ᠮᠣᠩᠭᠣᠯ᠎ᠤᠨ ᠠᠷᠠᠯᠵᠢᠶᠠᠴᠢᠨ
ᠤᠷᠢᠵᠤ ᠪᠡᠯᠡ ᠮᠥᠩᠭᠥ ᠤᠷᠤᠭᠤᠯᠤᠨ ᠠᠪᠴᠢᠷᠠᠬᠤ᠎ᠳᠤ ᠪᠠᠲᠤ ᠪᠡᠬᠢ ᠪᠠᠷᠠᠭᠠᠨ᠎ᠤ ᠭᠦᠢᠯᠭᠡᠭᠡᠨ᠎ᠦ ᠲᠤᠯᠭᠠᠭᠤᠷᠢᠯᠠᠯ
ᠬᠠᠩᠭᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ
ᠬᠦᠴᠦᠨ ᠨᠡᠮᠡᠷᠢᠯᠡᠪᠡ᠃
ᠣᠢᠷ᠎ᠠ᠎ᠶᠢᠨ ᠵᠢᠯ᠎ᠦᠨ ᠲᠤᠷᠰᠢ᠂ ᠥᠪᠥᠷ
ᠮᠣᠩᠭᠣᠯ᠎ᠤᠨ ᠰᠢᠤᠳᠠᠨ᠎ᠤ ᠬᠤᠪᠢᠶᠠᠷᠢ ᠺᠣᠮᠫᠠᠨᠢ ᠨᠢ ᠡᠷᠢᠶᠡᠨ ᠬᠣᠲᠠ᠎ᠶᠢᠨ ᠪᠣᠭᠣᠮᠲᠠ᠎ᠶᠢᠨ ᠳᠠᠪᠠᠭᠤᠯᠢᠭ᠋᠎ᠲᠠᠭᠠᠨ
ᠭᠦᠢᠴᠡᠳ ᠲᠦᠰᠢᠭᠯᠡᠨ᠂ ᠳᠤᠮᠳᠠᠳᠤ ᠮᠣᠩᠭᠣᠯ ᠣᠷᠣᠰ᠎ᠤᠨ ᠰᠢᠤᠳᠠᠨ᠂ ᠪᠣᠭᠣᠮᠲᠠ ᠵᠡᠷᠭᠡ ᠰᠠᠯᠠᠭ᠎ᠠ ᠮᠥᠴᠢᠷ ᠯᠦ᠍ᠭᠡ᠎ᠶᠢᠨ
ᠬᠠᠮᠵᠢᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠂ ᠳᠤᠮᠳᠠᠳᠤ ᠮᠣᠩᠭᠣᠯ ᠣᠷᠣᠰ᠎ᠤᠨ ᠬᠢᠯᠢ ᠠᠯᠤᠰᠯᠠᠨ
ᠢᠯᠡᠭᠡᠯᠲᠡ ᠬᠦᠷᠭᠡᠬᠦ ᠦᠢᠯᠡᠴᠢᠯᠡᠭᠡᠨ᠎ᠦ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠣᠰ ᠮᠣᠩᠭᠣᠯ᠎ᠤᠨ
ᠣᠯᠠᠨ ᠤᠯᠤᠰ᠎ᠤᠨ ᠢᠯᠡᠭᠡᠯᠲᠡ ᠬᠦᠷᠭᠡᠯᠲᠡ ᠵᠢᠨ ᠠᠮᠤᠷ ᠲᠦᠪᠰᠢᠨ᠂ ᠥᠨᠳᠥᠷ ᠪᠦᠲᠦᠮᠵᠢᠲᠡᠶ᠂ ᠲᠣᠭᠲᠠᠭᠤᠨ ᠶᠡᠷᠦᠩᠬᠡᠢᠯᠡᠭᠰᠡᠨ
ᠲᠣᠣᠷ᠎ᠤᠨ ᠨᠡᠪᠲᠡᠷᠡᠬᠦ ᠵᠠᠮ᠎ᠢ ᠪᠥᠬᠥ ᠬᠦᠴᠦᠨ᠎ᠢᠶᠡᠷ᠎ᠢᠶᠡᠨ ᠪᠠᠢᠭᠤᠯᠵᠤ᠂ ᠥᠪᠥᠷ ᠮᠣᠩᠭᠣᠯ᠎ᠤᠨ ᠤᠯᠤᠰ᠎ᠤᠨ ᠤᠮᠠᠷᠠᠰᠢ
ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠦᠲᠦᠭᠡᠨ ᠪᠠᠶ᠋ᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ
ᠬᠦᠴᠦᠨ ᠨᠡᠮᠡᠷᠢᠯᠡᠪᠡ᠃