3 ᠰᠠᠷ᠎ᠠ᠎ᠶᠢᠨ 17᠎ᠤ ᠡᠳᠦᠷ᠂ ᠬᠥᠬᠡᠬᠣᠲᠠ᠎ᠶᠢᠨ
ᠲᠣᠭᠲᠠᠬᠤ ᠰᠢᠶᠠᠨ᠎ᠤ ᠦᠪᠦᠷ ᠮᠤᠨᠭᠭᠤᠯ᠎ᠤᠨ ᠪᠠᠷᠠᠭᠤᠨ ᠬᠡᠰᠡᠭ — ᠪᠡᠭᠡᠵᠢᠩ ᠲᠢᠶᠠᠨᠵᠢᠨ ᠾᠧᠪᠧᠢ ᠬᠦᠷᠬᠦ ±800 ᠺᠢᠯᠤᠸᠤᠯᠲ᠎ᠤᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠦᠶᠦᠳᠡᠯᠲᠦ ᠴᠠᠬᠢᠯᠭᠠᠨ
ᠬᠦᠷᠭᠡᠬᠦ ᠢᠨᠵᠸᠨ᠋ᠸᠷᠢᠩ᠎ᠤᠨ ᠪᠠᠷᠢᠯᠭ᠎ᠠ ᠡᠬᠢᠯᠡᠭᠰᠡᠨ ᠪᠠᠢᠨ᠎ᠠ᠃

《ᠥᠪᠦᠷ ᠮᠤᠨᠭᠭᠤᠯ᠎ᠤᠨ ᠪᠠᠷᠠᠭᠤᠨ
ᠬᠡᠰᠡᠭ — ᠪᠡᠭᠡᠵᠢᠩ ᠲᠢᠶᠠᠨᠵᠢᠨ ᠾᠧᠪᠧᠢ ᠬᠦᠷᠬᠦ ±800 ᠺᠢᠯᠤᠸᠤᠯᠲ᠎ᠤᠨ ᠣᠨᠴᠠ ᠥᠨᠳᠥᠷ
ᠬᠦᠴᠦᠳᠡᠯᠲᠦ ᠲᠣᠭᠲᠠᠮᠠᠯ ᠭᠦᠶᠦᠳᠡᠯᠲᠦ ᠴᠠᠬᠢᠯᠭᠠᠨ ᠬᠦᠷᠭᠡᠬᠦ ᠢᠨᠵᠸᠨ᠋ᠸᠷᠢᠩ ᠪᠣᠯ ᠥᠪᠥᠷ ᠮᠣᠩᠭᠣᠯ᠎ᠤᠨ ᠠᠩᠬᠠᠳᠠᠭ᠍ᠴᠢ
ᠡᠯᠡᠰᠦ ᠭᠤᠪᠢ ᠴᠦᠯ᠎ᠤᠨ ᠰᠢᠨ᠎ᠡ ᠡᠨᠧᠷᠭᠢ᠎ᠶᠢᠨ ᠰᠠᠭᠤᠷᠢᠨ᠎ᠤ ᠭᠠᠳᠠᠭ᠍ᠰᠢ ᠬᠦᠷᠭᠡᠬᠦ ᠵᠠᠮ ᠪᠠᠢᠵᠦ᠂ ᠬᠥᠪᠴᠢ᠎ᠶᠢᠨ
ᠡᠯᠡᠰᠦᠨ᠎ᠦ 1200 ᠲᠦᠮᠡᠨ ᠺᠢᠯᠣᠸᠠᠲ᠎ᠤᠨ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ ᠲᠠᠢ ᠰᠢᠨ᠎ᠡ ᠡᠨᠧᠷᠭᠢ᠎ᠶᠢ
ᠤᠮᠠᠷᠠᠲᠤ ᠣᠷᠣᠨ᠎ᠤ ᠴᠠᠬᠢᠯᠭᠠᠨ ᠬᠦᠴᠦᠨ᠎ᠦ ᠳᠠᠭᠠᠭᠠᠴᠠ᠎ᠶᠢᠨ ᠲᠥᠪ᠎ᠲᠦ ᠬᠦᠷᠭᠡᠬᠦ ᠪᠣᠯᠣᠨ᠎ᠠ》 ᠭᠡᠵᠦ ᠤᠯᠤᠰ᠎ᠤᠨ
ᠴᠠᠬᠢᠯᠭᠠᠨ ᠬᠦᠴᠦᠨ᠎ᠤ ᠲᠤᠤᠷ᠎ᠤᠨ ᠬᠢᠵᠠᠭᠠᠷᠲᠤ ᠺᠤᠮᠫᠠᠨᠢ ᠵᠢᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ
ᠬᠦᠴᠦᠨ᠎ᠦ ᠺᠣᠮᠫᠠᠨᠢ᠎ᠶᠢᠨ ᠪᠦᠲᠦᠭᠡᠨ ᠪᠠᠢᠭᠤᠯᠤᠯᠲᠠ᠎ᠶᠢᠨ ᠬᠡᠯᠲᠡᠰ᠎ᠦᠨ ᠳᠡᠳ᠋ ᠡᠷᠬᠢᠯᠡᠭᠴᠢ ᠵᠢᠶᠠ ᠲᠢ ᠺᠠᠩ
ᠲᠠᠨᠢᠯᠴᠠᠭᠤᠯᠪᠠ᠃
ᠲᠤᠰ ᠪᠠᠷᠢᠯᠭ᠎ᠠ ᠨᠢ ᠣᠷᠳᠣᠰᠬᠤᠲᠠ
ᠵᠢᠨ ᠳᠠᠯᠠᠳᠬᠤᠰᠢᠭᠤᠨᠡᠴᠡ ᠡᠬᠢᠯᠡᠵᠦ᠂ ᠡᠾᠧᠪᠧᠢ ᠮᠤᠵᠢ᠎ᠶᠢᠨ ᠼᠠᠩᠵᠧᠸ᠋ ᠬᠤᠲᠠ᠎ᠶᠢᠨ ᠰᠢᠶᠦ᠋ᠩ ᠨᠠᠨ ᠬᠦᠷᠴᠦ᠂
ᠥᠪᠥᠷ ᠮᠣᠩᠭᠣᠯ᠂ ᠱᠠᠨ ᠰᠢ᠂ ᠾᠧᠪᠧᠢ ᠭᠤᠷᠪᠠᠨ ᠭᠠᠵᠠᠷ᠎ᠢᠶᠠᠷ ᠥᠩᠭᠡᠷᠡᠡ᠂ ᠴᠠᠬᠢᠯᠭᠠᠨ ᠬᠦᠷᠭᠡᠬᠦ ᠱᠤᠭᠤᠮ᠎ᠤᠨ
ᠪᠥᠬᠥ ᠣᠷᠳᠣ᠌ ᠨᠢ ᠪᠠᠷᠤᠭ 700 ᠺᠢᠯᠣᠮᠧᠲᠷ ᠪᠠᠢᠵᠤ᠂ 2027 ᠣᠨ᠎ᠳᠤ ᠪᠠᠢᠭᠤᠯᠵᠤ ᠳᠠᠭᠤᠰᠬᠠᠨ ᠠᠰᠢᠭ᠍ᠯᠠᠯᠲᠠ᠎ᠳᠤ ᠣᠷᠣᠭᠤᠯᠬᠤ᠎ᠪᠠᠷ ᠲᠥᠯᠥᠪᠯᠡᠵᠦ ᠪᠣᠶ᠃
ᠵᠢᠱ᠌ᠢᠯᠲᠡ᠎ᠪᠡᠷ ᠲᠤᠰ ᠪᠠᠷᠢᠯᠭ᠎ᠠ
ᠨᠢ 390 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ᠎ᠶᠢ ᠳᠠᠶ᠋ᠢᠴᠢᠯᠠᠵᠤ᠂ 1.2 ᠲᠦᠮᠡᠨ ᠠᠵᠢᠯ᠎ᠤᠨ ᠪᠠᠢᠷᠢ
ᠬᠠᠩᠭᠠᠵᠤ᠂ ᠲᠤᠨᠤᠭᠯᠠᠯ ᠦᠢᠯᠡᠳᠬᠦ᠂ ᠬᠠᠢᠨ ᠬᠡᠮᠵᠢᠵᠦ ᠵᠢᠷᠤᠵᠤ ᠲᠥᠯᠥᠪᠯᠡᠬᠦ᠂ ᠪᠠᠷᠢᠯᠭ᠎ᠠ ᠵᠢᠨ ᠲᠤᠨᠤᠭ
ᠲᠦᠬᠦᠭᠡᠷᠦᠮᠵᠢ ᠤᠭᠰᠠᠷᠠᠨ ᠲᠣᠨᠣᠭᠯᠠᠬᠤ ᠵᠡᠷᠭᠡ ᠬᠦᠷᠢᠶ᠎ᠡ ᠴᠠᠷᠠᠭ᠎ᠠ᠎ᠳᠠᠬᠢ ᠵᠠᠭᠤ ᠭᠠᠷᠤᠢ ᠨᠢᠭᠡᠴᠢ᠎ᠲᠠᠢ ᠬᠣᠯᠪᠣᠭᠳᠠᠬᠤ
ᠪᠤᠯᠤᠨ᠎ᠠ᠃