3 ᠰᠠᠷ᠎ᠠ᠎ᠶᠢᠨ 18᠎ᠤ ᠡᠳᠦᠷ᠂ G1015 ᠰᠦᠢ ᠹᠧᠨ ᠾᠧ᠎ᠠᠴᠠ ᠮᠠᠨᠵᠤᠤᠷ
ᠬᠦᠷᠬᠦ ᠲᠦᠷᠭᠡᠨ᠎ᠦ ᠵᠠᠰᠠᠮᠠᠯ ᠵᠠᠮ᠎ᠤᠨ ᠲᠢᠶᠧ ᠯᠢᠡᠴᠡ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠬᠦᠷᠬᠦ
ᠬᠣᠯᠪᠣᠭᠠᠨ᠎ᠤ ᠱᠤᠭᠤᠮ᠎ᠤᠨ ᠰᠢᠨ ᠹᠠ (ᠦᠪᠦᠷ ᠮᠣᠩᠭᠣᠯ ᠭᠢᠷᠢᠨ᠎ᠦ ᠵᠠᠭᠠᠭ)᠎ᠠᠴᠠ ᠭᠤᠤᠯ᠎ᠤᠨ ᠪᠠᠢᠰᠢᠩ ᠬᠦᠷᠬᠦ
ᠬᠡᠰᠡᠭ ᠵᠢᠩᠬᠢᠨᠢ ᠪᠡᠷ ᠠᠰᠢᠭ᠍ᠯᠠᠯᠲᠠ᠎ᠳᠤ ᠣᠷᠣᠪᠠ᠃ ᠥᠪᠥᠷ ᠮᠣᠩᠭᠣᠯ᠂ ᠭᠢᠷᠢᠨ᠂ ᠬᠠᠷᠠᠮᠥ᠋ᠷᠡᠨ ᠭᠤᠷᠪᠠᠨ ᠮᠤᠵᠢ
ᠣᠷᠣᠨ᠎ᠢ ᠬᠣᠯᠪᠣᠭᠰᠠᠨ ᠡᠨᠡ ᠬᠦ᠌ ᠴᠢᠬᠤᠯᠠ ᠲᠦᠷᠭᠡᠨ᠎ᠤ ᠵᠠᠰᠠᠮᠠᠯ ᠵᠠᠮ ᠪᠥᠬᠥ ᠱᠤᠭᠤᠮ᠎ᠢᠶᠠᠷ᠎ᠢᠶᠠᠨ ᠨᠡᠪᠲᠡᠷᠡᠭᠰᠡᠨ
ᠨᠢ ᠣᠷᠣᠨ ᠪᠦᠰᠡ᠎ᠶᠢᠨ ᠵᠠᠮ᠎ᠤᠨ ᠲᠣᠣᠷ᠎ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠣᠯᠠᠨ ᠲᠦᠮᠡᠨ᠎ᠦ
ᠶᠠᠪᠤᠵᠤ ᠰᠠᠭᠤᠬᠤ᠎ᠳᠤ ᠲᠥᠬᠥᠮ ᠪᠣᠯᠵᠤ᠂ ᠣᠷᠣᠨ ᠪᠦᠰᠡ᠎ᠶᠢᠨ ᠬᠠᠮᠵᠢᠯᠴᠠᠨ ᠬᠥᠭᠵᠢᠬᠦ᠎ᠳᠦ ᠪᠠᠲᠤ ᠪᠡᠬᠢ ᠳᠠᠷᠳᠠᠩ
ᠵᠠᠮ ᠳᠡᠪᠢᠰᠦᠭᠰᠡᠨᠢ ᠬᠠᠷᠠᠭᠤᠯᠵᠤ ᠪᠠᠢᠨ᠎ᠠ᠃
ᠲᠣᠰ ᠲᠥᠷᠥᠯ ᠵᠦᠢᠯ᠎ᠦᠨ ᠵᠠᠮ᠎ᠤᠨ ᠬᠡᠰᠡᠭ᠎ᠢ
2023 ᠣᠨ᠎ᠤ 7 ᠰᠠᠷ᠎ᠠ᠎ᠠᠴᠠ ᠡᠬᠢᠯᠡᠨ ᠪᠦᠲᠦᠭᠡᠨ ᠪᠠᠢᠭᠤᠯᠵᠤ᠂ 2025 ᠣᠨ᠎ᠤ 8 ᠰᠠᠷ᠎ᠠ᠎ᠶᠢᠨ ᠰᠡᠭᠦᠯᠴᠢ᠎ᠪᠡᠷ
ᠪᠠᠷᠢᠯᠭ᠎ᠠ ᠵᠢ ᠲᠤᠰᠢᠶᠠᠵᠤ ᠰᠢᠯᠭᠠᠨ ᠠᠪᠴᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 27.0724 ᠳ᠋ᠦᠩᠰᠢᠭᠤᠷ
ᠲᠥᠭᠥᠷᠢᠭ᠎ᠲᠦ ᠬᠦᠷᠴᠡᠢ᠃ ᠲᠥᠷᠥᠯ ᠵᠦᠢᠯ᠎ᠦᠨ ᠭᠣᠣᠯ ᠱᠤᠭᠤᠮ᠎ᠤᠨ ᠪᠥᠬᠥ ᠣᠷᠳᠣ᠌ ᠨᠢ 55.746 ᠺᠢᠯᠣᠮᠧᠲᠷ ᠪᠠᠢᠵᠤ᠂
ᠪᠥᠬᠥ ᠱᠤᠭᠤᠮ᠎ᠢ ᠳᠥᠷᠪᠡᠨ ᠲᠡᠷᠭᠡᠨ ᠵᠠᠮᠪᠦᠬᠦᠢ ᠲᠦᠷᠭᠡᠨ᠎ᠤ ᠵᠠᠰᠠᠮᠠᠯ ᠵᠠᠮ᠎ᠤᠨ ᠪᠠᠷᠢᠮᠵᠢᠶ᠎ᠠ᠎ᠪᠠᠷ ᠪᠦᠲᠦᠭᠡᠨ
ᠪᠠᠢᠭᠤᠯᠵᠤ᠂ ᠲᠥᠯᠥᠪᠯᠡᠭᠰᠡᠨ ᠬᠤᠷᠳᠤᠴᠠ ᠨᠢ 120 ᠺᠢᠯᠣᠮᠧᠲᠷ / ᠴᠠᠭ ᠪᠣᠯᠣᠨ᠎ᠠ᠃ ᠲᠣᠰ ᠵᠠᠮ᠎ᠤᠨ ᠬᠡᠰᠡᠭ ᠨᠢ
ᠲᠡᠷᠭᠡ ᠨᠡᠪᠲᠡᠷᠡᠭᠰᠡᠨᠦ ᠳᠠᠷᠠᠭ᠎ᠠ ᠣᠷᠣᠨ ᠪᠦᠰᠡ᠎ᠶᠢᠨ ᠵᠠᠮ ᠬᠠᠷᠢᠯᠴᠠᠭᠠᠨ᠎ᠤ ᠨᠡᠪᠲᠡᠷᠡᠬᠦ ᠦᠷ᠎ᠡ ᠪᠦᠲᠦᠮᠵᠢ᠎ᠶᠢ
ᠢᠯᠡᠳᠲᠡ ᠳᠡᠭᠡᠭᠰᠢᠯᠡᠭᠦᠯᠵᠦ᠂ ᠥᠪᠥᠷ ᠮᠣᠩᠭᠣᠯ ᠭᠢᠷᠢᠨ ᠬᠠᠷᠠᠮᠦ᠋ᠷᠡᠨ ᠭᠤᠷᠪᠠᠨ ᠮᠤᠵᠢ ᠣᠷᠣᠨ᠎ᠤ ᠣᠷᠣᠨ ᠪᠦᠰᠡ
ᠠᠯᠤᠰᠯᠠᠭᠰᠠᠨ ᠲᠦᠷᠭᠡᠨ᠎ᠤ ᠵᠠᠰᠠᠮᠠᠯ ᠵᠠᠮ᠎ᠢ ᠲᠤᠢᠯᠪᠤᠷᠢᠲᠠᠢ ᠨᠡᠪᠲᠡᠷᠡᠭᠦᠯᠬᠦ ᠪᠣᠯᠣᠨ᠎ᠠ᠃ ᠭᠢᠷᠢᠨ ᠮᠤᠵᠢ᠎ᠠᠴᠠ
ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠬᠦᠷᠬᠦ ᠮᠠᠰᠢᠨ ᠲᠡᠷᠭᠡ ᠭᠤᠤᠯ᠎ᠤᠨ ᠪᠠᠢᠰᠢᠩ ᠰᠦᠢᠳᠬᠡᠯ ᠬᠤᠷᠢᠶᠠᠬᠤ
ᠥᠷᠲᠡᠭᠡ᠎ᠪᠡᠷ ᠵᠠᠮ ᠡᠴᠡ ᠪᠠᠭᠤᠭᠰᠠᠨ᠎ᠤ ᠳᠠᠷᠠᠭ᠎ᠠ᠂ G111 ᠤᠯᠤᠰ᠎ᠤᠨ ᠵᠠᠮ᠎ᠢ ᠰᠢᠭᠤᠳ ᠡᠯᠭᠦᠨ
ᠠᠪᠴᠤ ᠪᠤᠯᠤᠨ᠎ᠠ᠃
ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ
ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠢᠩᠭᠠᠨ ᠬᠤᠪᠢᠶᠠᠷᠢ ᠺᠣᠮᠫᠠᠨᠢ᠎ᠶᠢᠨ ᠳᠡᠳ᠋ ᠳᠠᠭᠠᠭᠠᠮᠠᠯ ᠪᠦᠦ
ᠫᠧᠢ ᠷᠦᠩ᠂ ᠲᠤᠰ ᠤᠳᠠᠭᠠᠨ᠎ᠤ ᠲᠡᠷᠭᠡ ᠨᠡᠪᠲᠡᠷᠡᠬᠦ᠎ᠪᠡᠷ ᠰᠢᠨ᠎ᠡ ᠭᠠᠷᠤᠭ᠎ᠠ ᠪᠣᠯᠭᠠᠵᠤ᠂ ᠲᠦᠷᠭᠡᠨ᠎ᠦ ᠵᠠᠰᠠᠮᠠᠯ
ᠵᠠᠮ᠎ᠤᠨ ᠡᠵᠡᠩᠨᠡᠯᠲᠡ ᠬᠠᠮᠢᠶᠠᠷᠤᠯᠲᠠ᠎ᠶᠢᠨ ᠵᠢᠷᠤᠮᠵᠢᠯ᠎ᠢ ᠴᠢᠩᠭ᠎ᠠ ᠨᠠᠢᠳᠠᠪᠤᠷᠢᠵᠢᠭᠤᠯᠵᠤ᠂ ᠵᠠᠰᠠᠮᠠᠯ ᠵᠠᠮ᠎ᠢ
ᠠᠷᠠᠴᠢᠯᠠᠨ ᠬᠠᠮᠠᠭᠠᠯᠠᠬᠤ᠂ ᠰᠦᠢᠳᠬᠡᠯ ᠬᠤᠷᠢᠶᠠᠬᠤ ᠦᠢᠯᠡᠴᠢᠯᠡᠭᠡ᠂ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ
ᠵᠡᠷᠭᠡ ᠡᠯ᠎ᠡ ᠵᠦᠢᠯ᠎ᠦᠨ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠵᠠᠰᠠᠮᠠᠯ ᠵᠠᠮ᠎ᠤᠨ ᠠᠮᠤᠷ
ᠲᠦᠪᠰᠢᠨ ᠰᠠᠭᠠᠳ ᠦᠭᠡᠢ ᠨᠡᠪᠲᠡᠷᠡᠬᠦ᠂ ᠦᠢᠯᠡᠴᠢᠯᠡᠭᠡ ᠴᠢᠨᠠᠷ ᠰᠠᠢᠲᠠᠢ ᠥᠨᠳᠥᠷ ᠪᠦᠲᠦᠮᠵᠢᠲᠡᠢ ᠪᠠᠢᠬᠤ᠎ᠶᠢ ᠦᠷᠭᠦᠯᠵᠢᠯᠡᠨ
ᠪᠠᠲᠤᠯᠠᠵᠤ᠂ ᠬᠢᠷᠢᠨ ᠬᠠᠷᠠᠮᠥ᠋ᠷᠡᠨ ᠬᠣᠶᠠᠷ ᠮᠤᠵᠢ ᠪᠣᠯᠣᠨ ᠥᠪᠥᠷ ᠮᠣᠩᠭᠣᠯ᠎ᠤᠨ ᠵᠠᠮ᠎ᠤᠨ ᠲᠣᠣᠷ᠎ᠤᠨ ᠵᠣᠯᠭᠠᠯᠴᠠᠭ᠎ᠠ᠎ᠶᠢ
ᠤᠯᠠᠮ ᠴᠢᠩᠭᠠᠳᠬᠠᠵᠤ᠂ ᠭᠤᠷᠪᠠᠨ ᠭᠠᠵᠠᠷ᠎ᠤᠨ ᠡᠳ᠋ ᠪᠣᠳᠠᠰ᠎ᠤᠨ ᠭᠦᠢᠯᠭᠡᠭᠡ᠂ ᠰᠣᠶᠣᠯ ᠵᠢᠭᠤᠯᠴᠢᠯᠠᠯ᠎ᠤᠨ ᠰᠣᠯᠢᠯᠴᠠᠭ᠎ᠠ
ᠪᠣᠯᠣᠨ ᠠᠵᠤ ᠠᠬᠤᠢ᠎ᠶᠢᠨ ᠵᠣᠬᠢᠴᠠᠩᠭᠤᠢ ᠬᠥᠭᠵᠢᠯᠲᠡ᠎ᠳᠦ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃