ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ 《7·1 ᠤ᠋ ᠭᠠᠪᠢᠶᠠᠨ ᠲᠡᠮᠳᠡᠭ》 ᠤ᠋ᠨ ᠨᠡᠷ᠎ᠡ ᠳᠤᠷᠠᠳᠬᠤ ᠪᠠ ᠪᠥᠬᠥ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》 ᠎ᠢ ᠰᠤᠨᠭᠭᠤᠨ ᠲᠠᠨᠢᠯᠴᠠᠭᠤᠯᠬᠤ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ᠎ᠢ ᠳᠠᠷᠤᠮᠠᠯᠯᠠᠨ ᠲᠠᠷᠬᠠᠭᠠᠪᠠ
2026-03-02 09:18:33
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ 《〈7·1 ᠤ᠋ ᠭᠠᠪᠢᠶᠠᠨ ᠲᠡᠮᠳᠡᠭ〉 ᠤ᠋ᠨ ᠨᠡᠷ᠎ᠡ ᠳᠤᠷᠠᠳᠬᠤ ᠪᠠ ᠪᠥᠬᠥ ᠤᠯᠤᠰ᠎ᠤᠨ 〈ᠬᠣᠶᠠᠷ ᠰᠢᠯᠢᠳᠡᠭ ᠨᠢᠭᠡ ᠲᠡᠷᠢᠭᠦᠨ〉᠎ᠢ ᠰᠤᠨᠭᠭᠤᠨ ᠲᠠᠨᠢᠯᠴᠠᠭᠤᠯᠬᠤ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》 (ᠳᠣᠷᠣᠭ᠍ᠰᠢ 《ᠮᠡᠳᠡᠭᠳᠡᠯ》 ᠭᠡᠵᠦ ᠳᠦᠭᠦᠮᠴᠢᠯᠡᠨ᠎ᠠ) ᠢ᠋ ᠳᠠᠷᠤᠮᠠᠯᠯᠠᠨ ᠲᠠᠷᠬᠠᠭᠠᠪᠠ᠃ 《ᠮᠡᠳᠡᠭᠳᠡᠯ》 ᠳ᠋ᠤ᠌᠂ ᠨᠠᠮ᠎ᠤᠨ ᠲᠥᠪ ᠬᠣᠷᠢᠶ᠎ᠠ᠎ᠡᠴᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢᠨ ᠲᠠᠰᠢᠷᠠᠮ᠎ᠢᠶᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠡᠮᠦᠨ᠎ᠡ ᠡᠴᠡ 《7·1 ᠤ᠋ ᠭᠠᠪᠢᠶᠠᠨ ᠲᠡᠮᠳᠡᠭ》 ᠣᠯᠭᠣᠵᠤ᠂ ᠪᠦᠬᠦ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠪᠦᠬᠦ ᠤᠯᠤᠰ᠎ᠤᠨ ᠰᠢᠯᠢᠳᠡᠭ ᠨᠠᠮ᠎ᠤᠨ ᠠᠵᠢᠯ᠎ᠤᠨ ᠠᠵᠢᠯᠲᠠᠨ ᠪᠣᠯᠣᠨ ᠪᠦᠬᠦ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠬᠥᠬᠢᠭᠦᠯᠦᠨ ᠰᠠᠢᠰᠢᠶᠠᠬᠤ᠎ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃

《ᠮᠡᠳᠡᠭᠳᠡᠯ》 ᠳ᠋ᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ 《7·1 ᠤ᠋ ᠭᠠᠪᠢᠶᠠᠨ ᠲᠡᠮᠳᠡᠭ》 ᠢ᠋ ᠰᠢᠯᠭᠠᠷᠠᠭᠤᠯᠵᠤ ᠣᠯᠭᠣᠬᠤ ᠪᠠ ᠪᠦᠬᠦ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》 ᠢ᠋ ᠰᠢᠯᠭᠠᠷᠠᠭᠤᠯᠵᠤ ᠬᠥᠬᠢᠭᠦᠯᠦᠨ ᠰᠠᠢᠰᠢᠶᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠭᠠᠪᠢᠶᠠᠲᠤ ᠵᠢᠱ᠌ᠢᠶᠡᠴᠢ ᠪᠠ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢᠨ ᠵᠣᠷᠢᠭ᠋ ᠰᠠᠨᠠᠭᠠᠨ᠎ᠤ ᠬᠡᠪ ᠲᠦᠷᠬᠦ᠎ᠶᠢ ᠭᠦᠢᠴᠡᠳ ᠢᠯᠡᠷᠡᠭᠦᠯᠵᠦ᠂ ᠥᠷᠭᠡᠨ ᠤᠯᠠᠨ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠰᠢᠭᠦᠨ᠎ᠦ ᠡᠯ᠎ᠡ ᠹᠷᠣᠨᠲ᠂ ᠡᠯ᠎ᠡ ᠬᠦᠷᠢᠶ᠎ᠡ᠂ ᠡᠯ᠎ᠡ ᠵᠦᠢᠯ᠎ᠦᠨ ᠠᠵᠢᠯ᠎ᠤᠨ ᠳᠤᠮᠳᠠ ᠣᠯᠣᠭᠰᠠᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠭᠦᠢᠴᠡᠳ ᠢᠯᠡᠷᠡᠭᠦᠯᠬᠦ ᠬᠡᠷᠡᠭᠳᠡᠢ; ᠢᠲᠡᠭᠡᠯ ᠪᠢᠰᠢᠷᠡᠯ ᠵᠢᠠᠨ ᠪᠠᠲᠤᠳᠬᠠᠬᠤ᠂ ᠵᠣᠷᠢᠯᠲᠠ᠎ᠪᠠᠨ ᠦᠢᠯᠡᠳᠦᠯᠭᠡᠵᠢᠭᠦᠯᠬᠦ᠂ ᠴᠢᠷᠮᠠᠢᠨ ᠲᠡᠮᠡᠴᠡᠵᠤ ᠵᠢᠳᠬᠦᠯ ᠭᠠᠷᠭᠠᠬᠤ᠂ ᠠᠷᠢᠭᠤᠨ ᠴᠢᠬᠡᠴᠢ᠎ᠪᠡᠷ ᠨᠡᠶ᠋ᠢᠲᠡ᠎ᠶᠢᠨ ᠲᠥᠯᠥᠭᠡ ᠵᠢᠳᠬᠦᠬᠦ ᠡᠷᠬᠢᠮ ᠳᠡᠭᠡᠳᠦ ᠵᠠᠩ ᠴᠢᠨᠠᠷ ᠪᠣᠯᠣᠨ ᠡᠷᠬᠢᠮ ᠳᠡᠭᠡᠳᠦ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ 《ᠬᠣᠶᠠᠷ ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠭᠤᠯᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠲᠡᠷᠢᠭᠦᠨ᠎ᠦ ᠬᠢ᠎ᠪᠤᠯᠬᠤ ᠪᠡᠷ ᠡᠷᠡᠯᠬᠡᠭᠯᠡᠨ ᠲᠡᠮᠡᠴᠡᠵᠦ᠂ ᠪᠦᠬᠦ ᠨᠠᠮ ᠪᠦᠬᠦ ᠨᠡᠢᠭᠡᠮ᠎ᠦᠨ ᠲᠡᠷᠢᠭᠦᠨ᠎ᠦ ᠬᠢ᠎ᠶᠢ ᠡᠷᠬᠢᠮᠯᠡᠬᠦ᠂ ᠮᠡᠷᠭᠡᠳ᠎ᠡᠴᠡ ᠳᠠᠭᠠᠨ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠬᠤ᠎ᠶᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠪᠠᠢᠳᠠᠯ᠎ᠢ ᠲᠠᠰᠤᠷᠠᠯᠳᠠ ᠦᠭᠡᠢ ᠪᠤᠢ ᠪᠣᠯᠭᠠᠬᠤ᠎ᠶᠢᠨ ᠲᠥᠯᠥᠭᠡ ᠬᠠᠮᠲᠤ᠎ᠪᠠᠷ ᠲᠡᠮᠡᠴᠡᠬᠦ ᠬᠡᠷᠡᠭᠲᠡᠢ ᠭᠡᠵᠤ ᠱᠠᠭᠠᠷᠳᠠᠪᠠ᠃

《ᠮᠡᠳᠡᠭᠳᠡᠯ》 ᠳ᠋ᠤ 《7·1 ᠤ᠋ ᠭᠠᠪᠢᠶᠠᠨ ᠲᠡᠮᠳᠡᠭ》 ᠤ᠋ᠨ ᠨᠡᠷ᠎ᠡ ᠳᠤᠷᠠᠳᠬᠤ ᠪᠠ ᠪᠥᠬᠥ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》 ᠎ᠢ ᠰᠤᠨᠭᠭᠤᠨ ᠲᠠᠨᠢᠯᠴᠠᠭᠤᠯᠬᠤ ᠲᠣᠭ᠎ᠠ᠂ ᠨᠥᠬᠥᠴᠡᠯ ᠪᠠ ᠠᠷᠭ᠎ᠠ᠎ᠶᠢ ᠲᠣᠳᠣᠷᠬᠠᠢ ᠲᠣᠭᠲᠠᠭᠠᠪᠠ᠃ ᠡᠯ᠎ᠡ ᠨᠡᠷ᠎ᠡ ᠳᠤᠷᠠᠳᠤᠬᠳᠠᠭᠰᠠᠨ ᠨᠢᠭᠡᠴᠢ (ᠰᠤᠨᠭᠭᠤᠨ ᠲᠠᠨᠢᠯᠴᠠᠭᠤᠯᠤᠭᠳᠠᠭᠰᠠᠨ ᠨᠢᠭᠡᠴᠢ) ᠵᠣᠬᠢᠶᠠᠨ ᠪᠠᠢᠭᠤᠯᠵᠦ ᠤᠳᠤᠷᠢᠳᠬᠤ᠎ᠪᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ᠎ᠪᠡᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠢᠭᠤᠯᠵᠤ ᠬᠡᠷᠡᠭᠵᠢᠭᠦᠯᠬᠦ ᠬᠡᠷᠡᠭᠲᠡᠢ;ᠬᠣᠯᠪᠣᠭᠳᠠᠯ ᠪᠦᠬᠦᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠠᠷᠢᠮᠵᠢᠶ᠎ᠠ᠂ ᠨᠥᠬᠥᠴᠡᠯ ᠪᠠ ᠲᠡᠰ ᠳᠠᠷᠠᠭᠠᠯᠠᠯ᠎ᠢ ᠴᠢᠩᠭ᠎ᠠ ᠵᠢᠷᠤᠮᠯᠠᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠤᠳᠤᠷᠢᠳᠬᠤ ᠪᠠ ᠪᠣᠭᠣᠮᠲᠠ ᠰᠠᠬᠢᠬᠤ ᠦᠢᠯᠡᠳᠦᠯ᠎ᠢ ᠦᠨᠡᠨ ᠬᠦ᠌ ᠪᠠᠳᠠᠷᠠᠭᠤᠯᠬᠤ ᠬᠡᠷᠡᠭᠲᠡᠢ; ᠤᠯᠤᠰ ᠲᠦᠷᠦ᠎ᠶᠢᠨ ᠪᠠᠷᠢᠮᠵᠢᠶ᠎ᠠ᠎ᠶᠢ ᠲᠡᠷᠢᠭᠦᠨ᠎ᠳᠤ ᠲᠠᠯᠪᠢᠬᠤ᠎ᠶᠢ ᠪᠠᠷᠢᠮᠲᠠᠯᠠᠵᠤ᠂ ᠨᠡᠷ᠎ᠡ ᠳᠤᠷᠠᠳᠤᠭᠳᠠᠭᠰᠠᠨ ᠬᠥᠮᠥᠨ ᠪᠠ ᠰᠤᠨᠭᠭᠤᠨ ᠲᠠᠨᠢᠯᠴᠠᠭᠤᠯᠤᠭᠳᠠᠭᠰᠠᠨ ᠡᠲᠡᠭᠡᠳ᠎ᠦᠨ ᠪᠦᠬᠦᠢᠯᠡ ᠢᠯᠡᠷᠡᠯ᠎ᠢ ᠪᠦᠬᠦ ᠲᠠᠯ᠎ᠠ᠎ᠪᠠᠷ ᠰᠢᠯᠭᠠᠨ ᠪᠠᠢᠴᠠᠭᠠᠵᠤ᠂ ᠪᠣᠳᠠᠲᠠᠢ ᠬᠤᠪᠢ ᠨᠡᠮᠡᠷᠢ ᠂ ᠤᠯᠠᠨ ᠲᠦᠮᠡᠨ᠎ᠦ ᠨᠡᠶ᠋ᠢᠲᠡ᠎ᠵᠢᠨ ᠮᠡᠳᠡᠷᠡᠴᠡ᠎ᠪᠡᠷ ᠦᠨᠡᠯᠡᠯᠳᠡ ᠵᠢᠨ ᠪᠠᠷᠢᠮᠵᠢᠶ᠎ᠠ ᠪᠣᠯᠭᠠᠬᠤ ᠬᠡᠷᠡᠭᠳᠡᠢ; ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ᠎ᠶᠢᠨ ᠬᠢᠨ᠎ᠦ ᠰᠠᠨᠠᠯ᠎ᠢ ᠥᠷᠭᠡᠨ᠎ᠢᠶᠡᠷ ᠰᠣᠨᠣᠰᠴᠤ᠂ ᠲᠡᠷᠢᠭᠦᠨ᠎ᠦ ᠴᠢᠨᠠᠷ᠂ ᠲᠥᠯᠥᠭᠡᠯᠡᠬᠦ ᠴᠢᠨᠠᠷ᠂ ᠴᠠᠭ ᠦᠶᠡᠴᠢ ᠴᠢᠨᠠᠷ᠎ᠢ ᠭᠦᠢᠴᠡᠳ ᠢᠯᠡᠷᠡᠭᠦᠯᠬᠦ ᠬᠡᠷᠡᠭᠳᠡᠢ ᠭᠡᠵᠤ ᠱᠠᠭᠠᠷᠳᠠᠵᠠᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 1᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号