ᠲᠦᠷᠦᠬᠦᠬᠡᠨ᠂ ᠬᠥᠬᠡᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ ᠵᠢᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠠᠷᠪᠠᠨ ᠨᠢᠭᠡᠳᠦᠭᠡᠷ ᠬᠤᠭᠤᠴᠠᠭᠠᠨ᠎ᠤ 《ᠵᠠᠯᠠᠭᠤ ᠨᠠᠰᠤᠨ᠎ᠤ ᠬᠠᠷᠢᠭᠤᠴᠠᠯᠭ᠎ᠠ᠎ᠵᠢ ᠡᠬᠦᠷᠬᠡᠯᠡᠨ᠂ ᠬᠦᠰᠡᠨ ᠮᠦᠷᠦᠬᠡᠳᠦᠭᠰᠡᠨ ᠢᠷᠡᠭᠡᠳᠦᠢ ᠵᠦᠭ ᠤᠷᠤᠭᠰᠢᠯᠠᠨᠠᠮ》 ᠭᠡᠬᠦ ᠨᠣᠮ᠎ᠤᠨ ᠠᠬ᠎ᠠ ᠨᠠᠷ᠎ᠤᠨ ᠶᠡᠬᠡ ᠳᠡᠭᠡᠳᠦ ᠰᠤᠷᠭᠠᠭᠤᠯᠢ ᠵᠢ ᠳᠠᠨᠢᠯᠴᠠᠭᠤᠯᠬᠤ ᠲᠠᠨᠢᠯᠴᠠᠭᠤᠯᠭ᠎ᠠ᠎ᠶᠢᠨ ᠬᠤᠷᠠᠯ ᠶᠠᠪᠤᠭᠳᠠᠪᠠ᠃ ᠲᠣᠰ ᠤᠳᠠᠭᠠᠨ᠎ᠤ ᠠᠵᠢᠯᠯᠠᠭ᠎ᠠ᠎ᠳᠤ ᠪᠥᠬᠥ ᠤᠯᠤᠰ᠎ᠤᠨ 118 ᠶᠡᠬᠡ ᠳᠡᠭᠡᠳᠦ ᠰᠤᠷᠭᠠᠭᠤᠯᠢ᠎ᠶᠢᠨ 350 ᠰᠢᠯᠢᠳᠡᠭ ᠰᠤᠷᠭᠠᠭᠤᠯᠢ᠎ᠵᠢᠨ ᠬᠠᠨᠢᠳᠠᠳ ᠨᠢᠭᠡ ᠳᠠᠩᠬᠢᠮ᠎ᠳᠦ ᠴᠤᠭᠯᠠᠷᠠᠵᠤ᠂ ᠪᠥᠬᠥ ᠰᠤᠷᠭᠠᠭᠤᠯᠢ᠎ᠶᠢᠨ 3000 ᠭᠠᠷᠤᠢ ᠰᠣᠷᠣᠭ᠍ᠴᠢ ᠵᠢᠴᠢ ᠭᠡᠷ᠎ᠦᠨ ᠠᠬᠠᠮᠠᠳ᠎ᠲᠤ ᠰᠤᠷᠭᠠᠭᠤᠯᠢ ᠳᠡᠪᠰᠢᠬᠤ ᠵᠢᠯᠣᠭᠣᠳᠤᠯᠭ᠎ᠠ ᠬᠠᠩᠭᠠᠭᠰᠠᠨ ᠪᠠᠢᠨ᠎ᠠ᠃
ᠲᠠᠨᠢᠯᠴᠠᠭᠤᠯᠭ᠎ᠠ᠎ᠶᠢᠨ ᠬᠤᠷᠠᠯ᠎ᠤᠨ ᠠᠬᠤᠢ ᠲᠠᠯᠠᠪᠠᠶ᠎ᠶᠢᠨ ᠠᠭᠤᠷ ᠠᠮᠢᠰᠬᠤᠯ ᠬᠥᠷ ᠬᠥᠭᠵᠢᠶᠡᠨ᠎ᠲᠠᠢ ᠪᠠᠢᠵᠤ᠂ ᠰᠤᠷᠭᠠᠭᠤᠯᠢ᠎ᠵᠢᠨ ᠬᠠᠨᠢᠳᠠᠳ ᠡᠴᠡ ᠵᠥᠪᠯᠡᠯᠭᠡ ᠥᠭᠬᠦ᠂ ᠲᠤᠰᠬᠠᠢ ᠮᠡᠷᠭᠡᠵᠢᠯ᠎ᠦᠨ ᠲᠠᠢᠯᠤᠮᠵᠢ ᠬᠢᠬᠦ᠂ ᠲᠤᠷᠰᠢᠯᠭ᠎ᠠ᠎ᠪᠠᠨ ᠬᠤᠪᠢᠶᠠᠯᠴᠠᠬᠤ ᠵᠡᠷᠭᠡ ᠬᠡᠯᠪᠡᠷᠢ᠎ᠪᠡᠷ ᠳᠠᠮᠵᠢᠨ᠂ ᠨᠤᠮ᠎ᠦᠨ ᠳᠡᠭᠦᠦ ᠨᠠᠷᠲᠡᠬᠡᠨ ᠶᠡᠬᠡ ᠳᠡᠭᠡᠳᠦ ᠰᠤᠷᠭᠠᠭᠤᠯᠢ᠎ᠶᠢᠨ ᠮᠡᠳᠡᠭᠡ ᠵᠠᠩᠭᠢ ᠪᠠ ᠲᠤᠰᠬᠠᠢ ᠮᠡᠷᠭᠡᠵᠢᠯᠰᠣᠩᠭᠣᠬᠤ ᠨᠠᠷᠢᠨ ᠪᠣᠳᠠᠲᠠᠢ ᠰᠠᠨᠠᠭᠤᠯᠭ᠎ᠠ ᠬᠠᠩᠭᠠᠭᠰᠠᠨ ᠪᠠᠢᠨ᠎ᠠ᠃ ᠥᠨᠳᠥᠷ ᠵᠡᠷᠬᠡ ᠵᠢᠨ ᠳᠤᠮᠳᠠᠳᠤ᠎ᠰᠤᠷᠭᠠᠭᠤᠯᠢ ᠵᠢᠨ ᠨᠢᠭᠡᠳᠦᠭᠡᠷ᠂ ᠬᠣᠶᠠᠳᠤᠭᠠᠷ ᠣᠨ᠎ᠤ ᠰᠣᠷᠣᠭ᠍ᠴᠢ ᠲᠣᠰ ᠤᠳᠠᠭᠠᠨ᠎ᠤ ᠠᠵᠢᠯᠯᠠᠭ᠎ᠠ᠎ᠳᠤ ᠤᠷᠤᠯᠴᠠᠬᠤ ᠪᠡᠷ ᠳᠠᠮᠵᠢᠨ ᠰᠤᠷᠤᠯᠭ᠎ᠠ᠎ᠶᠢᠨ ᠲᠥᠯᠦᠪᠵᠢᠭᠦᠯᠭᠡ᠎ᠪᠡᠨ ᠠᠩᠬ᠎ᠠ ᠠᠯᠬᠤᠮ ᠲᠣᠳᠣᠷᠬᠠᠢᠯᠠᠵᠤ᠂ ᠥᠨᠳᠥᠷ ᠵᠡᠷᠬᠡ ᠵᠢᠨ ᠳᠤᠮᠳᠠᠳᠤ᠎ᠰᠤᠷᠭᠠᠭᠤᠯᠢ ᠵᠢᠨ ᠭᠤᠷᠪᠠᠳᠤᠭᠠᠷ ᠣᠨ᠎ᠤ ᠰᠣᠷᠣᠭ᠍ᠴᠢᠳ ᠰᠢᠯᠭᠠᠯᠲᠠ᠎ᠳᠤ ᠨᠡᠷ᠎ᠡ ᠮᠡᠳᠡᠭᠦᠯᠬᠦ ᠣᠨᠣᠪᠴᠢᠲᠠᠶ ᠵᠢᠯᠣᠭᠣᠳᠤᠯᠭ᠎ᠠ ᠬᠦᠷᠳᠡᠭᠰᠡᠨ ᠪᠠᠢᠨ᠎ᠠ᠃
ᠲᠣᠰ ᠤᠳᠠᠭᠠᠨ᠎ᠤ ᠠᠵᠢᠯᠯᠠᠭ᠎ᠠ ᠪᠣᠯ ᠰᠤᠷᠭᠠᠭᠤᠯᠢ᠎ᠶᠢᠨ ᠰᠤᠷᠤᠯᠭ᠎ᠠ ᠠᠮᠢᠳᠤᠷᠠᠯ᠎ᠤᠨ ᠲᠥᠯᠦᠪᠵᠢᠭᠦᠯᠭᠡ᠎ᠶᠢᠨ ᠰᠤᠷᠭᠠᠨ ᠬᠥᠮᠦᠵᠢᠯ᠎ᠦᠨ ᠴᠢᠬᠤᠯᠠ ᠦᠢᠯᠡᠳᠦᠯᠭᠡ ᠮᠥᠨ᠂ 《ᠰᠤᠷᠭᠠᠭᠤᠯᠢ᠎ᠵᠢᠨ ᠬᠠᠨᠢᠳᠠᠳ᠎ᠡᠴᠡ ᠬᠠᠪᠰᠤᠷᠬᠤ》 ᠰᠢᠨ᠎ᠡ᠎ᠶᠢ ᠡᠭᠦᠳᠬᠦ ᠬᠡᠯᠪᠡᠷᠢ᠎ᠪᠡᠷ ᠳᠠᠮᠵᠢᠨ᠂ ᠰᠤᠷᠭᠠᠭᠤᠯᠢ᠎ᠳᠤ ᠪᠠᠢᠭ᠎ᠠ ᠰᠣᠷᠣᠭ᠍ᠴᠢ ᠪᠣᠯᠣᠨ ᠶᠡᠬᠡ ᠳᠡᠭᠡᠳᠦ ᠰᠤᠷᠭᠠᠭᠤᠯᠢ᠎ᠶᠢᠨ ᠬᠣᠭᠣᠷᠣᠨᠳᠣᠬᠢ ᠮᠡᠳᠡᠭᠡ ᠵᠠᠩᠭᠢ᠎ᠶᠢᠨ ᠬᠥᠭᠥᠷᠭᠡ᠎ᠶᠢ ᠴᠣᠭᠴᠠᠯᠠᠭᠰᠠᠨ ᠪᠠᠢᠨ᠎ᠠ᠃ ᠡᠨᠡ ᠬᠦ᠌ ᠠᠵᠢᠯᠯᠠᠭ᠎ᠠ ᠨᠢ ᠰᠤᠷᠤᠭ᠍ᠴᠢᠳ᠎ᠤᠨ ᠰᠤᠷᠭᠠᠭᠤᠯᠢ ᠳᠡᠪᠰᠢᠬᠤ ᠬᠠᠷᠠᠭ᠎ᠠ᠎ᠶᠢ ᠥᠷᠭᠡᠳᠬᠡᠭᠰᠡᠨ᠎ᠢᠶᠡᠷ ᠪᠠᠷᠠᠬᠤ ᠦᠭᠡᠢ᠂ ᠨᠠᠩ ᠴᠤ᠌ ᠬᠦᠬᠡᠬᠤᠳᠠ ᠵᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠬᠠᠷᠢᠯᠴᠠᠨ ᠬᠠᠪᠰᠤᠷᠤᠯᠴᠠᠵᠤ ᠬᠠᠮᠲᠤ᠎ᠪᠠᠷ ᠳᠠᠪᠰᠢᠬᠤ ᠰᠢᠯᠢᠳᠡᠭ ᠤᠯᠠᠮᠵᠢᠯᠠᠯ᠎ᠢ ᠤᠯᠠᠮᠵᠢᠯᠠᠨ ᠵᠠᠯᠭᠠᠮᠵᠢᠯᠠᠵᠤ᠂ ᠰᠤᠷᠤᠭ᠍ᠴᠢᠳ᠎ᠤᠨ ᠢᠷᠡᠭᠡᠳᠦᠢ᠎ᠶᠢᠨ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ᠎ᠢ ᠨᠡᠮᠡᠷᠢᠯᠡᠭᠰᠡᠨ ᠪᠠᠢᠨ᠎ᠠ᠃