ᠸᠠᠩ ᠸᠧᠢ ᠵᠦᠩ ᠶᠠᠷᠢᠶ᠎ᠠ ᠲᠠᠯᠪᠢᠵᠤ ᠪᠦᠦ ᠭᠠᠩ ᠡᠷᠬᠢᠯᠡᠵᠤ ᠱᠢ ᠭᠤᠸᠠᠩ ᠬᠤᠢ ᠣᠷᠣᠯᠴᠠᠵᠠᠢ
3 ᠰᠠᠷ᠎ᠠ᠎ᠶ᠋ᠢᠨ 1 ᠤ᠋ ᠡᠳᠦᠷ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ 2026 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠬᠦ᠌ ᠲᠠᠱᠢᠷᠠᠮ᠎ᠢᠶᠠᠷ᠂ ᠠᠢᠮᠠᠭ ᠬᠣᠲᠠ ᠲᠢᠩᠬᠢᠮ ᠲᠣᠪᠴᠢᠶ᠎ᠠ᠎ᠶ᠋ᠢᠨ ᠭᠤᠤᠯ ᠤᠳᠤᠷᠢᠳᠭᠤ ᠺᠠᠳ᠋ᠷᠴᠤᠳ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠰᠤᠷᠤᠯᠭ᠎ᠠ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠵᠠᠬᠢᠷᠤᠯ ᠸᠠᠩ ᠸᠧᠶ ᠵᠥᠩ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠰᠤᠷᠤᠯᠴᠠᠯᠭ᠎ᠠ᠎ᠪᠠᠷ ᠰᠠᠭᠤᠷᠢ ᠪᠣᠯᠭᠠᠵᠤ᠂ ᠪᠣᠳᠠᠲᠠᠶ ᠠᠵᠢᠯᠯᠠᠬᠤ᠎ᠪᠠᠷ ᠡᠬᠢᠯᠡᠯᠲᠡ ᠪᠣᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠣᠢᠯᠠᠭᠠᠯᠲᠠ ᠡᠵᠡᠮᠱᠢᠯ᠎ᠢᠶᠡᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠤᠨ ᠡᠯ᠎ᠡ ᠵᠦᠶ᠋ᠯ᠎ᠦᠨ ᠠᠵᠢᠯ᠎ᠢᠶᠠᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠰᠤᠷᠤᠯᠭ᠎ᠠ ᠡᠬᠢᠯᠡᠬᠦ᠌ ᠶᠣᠰᠣᠯᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠣᠷᠣᠯᠴᠠᠵᠠᠶ᠃
ᠸᠠᠩ ᠸᠧᠢ ᠵᠦᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷᠴᠤᠳ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠳᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠯᠢ ᠤᠯᠠᠨ ᠴᠢᠬᠤᠯᠠ ᠶᠡᠬᠡ ᠤᠨᠤᠯ ᠪᠠ ᠦᠢᠯᠡᠳᠦᠯᠭᠡ᠎ᠶ᠋ᠢᠨ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠪᠢᠳᠡᠨ᠎ᠦ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠬᠦ᠌᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠨ ᠥᠭ᠌ᠴᠦ᠂ ᠦᠨᠳᠦᠰᠦᠨ ᠵᠢᠷᠤᠮᠯᠠᠯ ᠬᠠᠩᠭᠠᠪᠠ᠃ ᠪᠥᠬᠥ᠌ ᠣᠷᠣᠨ᠎ᠤ ᠡᠯ᠎ᠡ ᠱᠠᠲᠤᠨ᠎ᠤ᠎ᠬᠢᠨ ᠨᠡᠪᠲᠡᠷᠡᠲᠡᠯ᠎ᠡ ᠡᠵᠡᠮᠰᠢᠨ ᠰᠤᠷᠤᠯᠴᠠᠨ ᠣᠢᠯᠠᠭᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠣᠨᠣᠪᠴᠢᠲᠠᠶ ᠥᠨᠳᠥᠷ ᠪᠦᠲᠦᠮᠵᠢᠲᠡᠶ ᠰᠠᠢᠲᠤᠷ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠪᠠ᠃
ᠸᠠᠩ ᠸᠧᠶ ᠵᠥᠩ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠨᠠᠮ ᠪᠠ ᠤᠯᠤᠰ ᠡᠴᠡ 14 ᠲᠠᠪᠤᠨ ᠵᠢᠯ᠎ᠦᠨ ᠲᠥᠯᠥᠪᠵᠢᠭᠦᠯᠭᠡ (ᠲᠥᠯᠥᠪᠯᠡᠭᠡ) ᠵᠢ ᠲᠣᠭ᠍ᠲᠠᠭᠠᠨ ᠬᠡᠷᠡᠭ᠌ᠵᠢᠭᠦᠯᠵᠦ᠍᠂ ᠮᠠᠨ᠎ᠤ ᠤᠯᠤᠰ᠎ᠤᠨ ᠶᠠᠳᠠᠭᠤ ᠪᠠᠭᠤᠷᠠᠶ ᠲᠠᠷᠢᠶᠠᠯᠠᠩ᠎ᠤᠨ ᠤᠯᠤᠰ ᠡᠴᠡ ᠳᠡᠯᠡᠬᠡᠶ᠎ᠶ᠋ᠢᠨ ᠬᠣᠶᠠᠳᠤᠭᠠᠷ ᠲᠣᠮᠣ ᠠᠵᠤ ᠠᠬᠤᠶ᠎ᠶ᠋ᠢᠨ ᠴᠣᠭ᠍ᠴᠠ ᠪᠣᠯᠵᠣ ᠬᠥᠭ᠌ᠵᠢᠬᠦ᠌ ᠪᠠ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠥᠬᠥ᠌ ᠲᠠᠯ᠎ᠠ᠎ᠪᠠᠷ ᠪᠠᠢᠭᠤᠯᠤᠨ ᠪᠦᠲᠦᠭᠡᠬᠦ ᠬᠠᠷᠠᠯᠲᠠ ᠳᠠᠢᠰᠢ ᠤᠷᠤᠭ᠍ᠰᠢᠯᠠᠬᠤ᠎ᠶ᠋ᠢ ᠬᠥᠲᠥᠯᠦᠨ ᠠᠬᠢᠭᠤᠯᠵᠤ᠂ 《ᠳᠤᠮᠳᠠᠳᠤ ᠤᠯᠤᠰ᠎ᠤᠨ ᠪᠠᠢᠭᠤᠯᠤᠯ》 ᠤ᠋ᠨ ᠯᠤᠲᠤ ᠶᠡᠬᠡ ᠳᠠᠪᠠᠭᠤᠯᠢᠭ᠎ᠢ ᠭᠦᠶ᠋ᠴᠡᠳ ᠢᠯᠡᠷᠡᠭᠦᠯᠵᠦ᠍᠂《ᠳᠤᠮᠳᠠᠳᠤ ᠤᠯᠤᠰ᠎ᠤᠨ ᠵᠠᠰᠠᠯᠲᠠ》 ᠶ᠋ᠢᠨ ᠬᠦᠴᠦᠷᠬᠡᠭ ᠶᠡᠬᠡ ᠬᠦᠴᠦᠨ ᠴᠢᠳᠠᠪᠤᠷᠢ᠎ᠶ᠋ᠢ ᠭᠦᠶ᠋ᠴᠡᠳ ᠢᠯᠡᠷᠡᠭᠦᠯᠪᠡ᠃ ᠮᠠᠨ᠎ᠤ ᠨᠠᠮ᠎ᠤᠨ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ 《ᠲᠦᠷᠪᠡᠨ ᠠᠱᠢᠭ᠍ᠲᠠᠢ》 ᠤᠯᠤᠰ ᠲᠦᠷᠦ᠍᠎ᠶ᠋ᠢᠨ ᠳᠠᠪᠠᠭᠤᠯᠢᠭ᠎ᠢ ᠭᠦᠨᠵᠡᠭᠡᠢ ᠲᠠᠨᠢᠵᠤ᠂ 《ᠲᠠᠪᠤ᠎ᠶ᠋ᠢ ᠪᠠᠷᠢᠮᠲᠠᠯᠠᠬᠤ》 ᠴᠢᠬᠤᠯᠠ ᠲᠤᠷᠱᠢᠯᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠳᠤ ᠭᠦᠢᠴᠡᠳ ᠬᠡᠷᠡᠭ᠌ᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠡᠩ ᠡᠷᠡᠰ ᠴᠢᠩᠭ᠎ᠠ ᠬᠦᠴᠦᠲᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠬᠠᠮᠰᠠᠷ ᠡᠴᠡ᠎ᠪᠠᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ ᠠᠵᠢᠯ᠎ᠢᠶᠠᠨ ᠪᠦᠬᠦ᠌ ᠤᠯᠤᠰ᠎ᠤᠨ ᠶᠡᠬᠡ ᠲᠠᠯ᠎ᠠ᠎ᠳᠤ ᠲᠠᠯᠪᠢᠨ ᠪᠣᠳᠣᠯᠬᠢᠯᠠᠵᠤ᠂ ᠪᠠᠢᠷᠢ ᠲᠣᠭ᠍ᠲᠠᠭᠠᠯᠲᠠ ᠬᠢᠵᠦ᠍᠂ ᠠᠬᠢᠭᠤᠯᠵᠤ᠂ ᠨᠢᠭᠡᠨᠲᠡ ᠲᠣᠭ᠍ᠲᠠᠭᠠᠭ᠍ᠰᠠᠨ ᠬᠠᠷᠠᠯᠲᠠ᠎ᠶ᠋ᠢ ᠪᠣᠳᠠᠲᠠᠢ ᠠᠬᠤᠢ ᠪᠤᠯᠭᠠᠬᠤ ᠵᠢ ᠪᠠᠲᠤᠯᠠᠬᠤ ᠬᠡᠷᠡᠭ᠌ᠲᠡᠢ ᠭᠡᠵᠤ ᠵᠢᠭᠠᠵᠤ ᠭᠠᠷᠭᠠᠵᠠᠢ᠃
ᠸᠠᠩ ᠸᠧᠢ ᠵᠦᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠡᠩ ᠪᠦᠬᠦ᠌ ᠲᠠᠯ᠎ᠠ᠎ᠪᠠᠷ᠂ ᠭᠦᠨᠵᠡᠭᠡᠢ᠂ ᠵᠥᠪ ᠣᠨᠣᠪᠴᠢᠲᠠᠢ ᠣᠢᠯᠠᠭᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ᠂ ᠬᠢᠬᠦ᠌ ᠶᠣᠰᠣᠲᠠᠢ᠎ᠶ᠋ᠢ ᠨᠢ ᠵᠠᠪᠠᠯ ᠬᠢᠵᠦ᠍᠂ ᠬᠢᠵᠦ᠍ ᠳᠡᠢᠯᠬᠦ᠌᠎ᠶ᠋ᠢ ᠨᠢ ᠴᠢᠷᠮᠠᠢᠨ ᠬᠢᠵᠦ᠍᠂ ᠬᠢᠵᠦ ᠪᠤᠯᠬᠤ ᠦᠭᠡᠢ᠎ᠶ᠋ᠢ ᠨᠢ ᠶᠠᠭᠠᠬᠢᠭ᠍ᠰᠠᠨ ᠴᠤ᠌ ᠬᠢᠵᠦ ᠪᠤᠯᠬᠤ ᠦᠬᠡᠢ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠱᠢᠨ᠎ᠡ ᠬᠤᠪᠢᠷᠠᠯᠲᠠ᠎ᠶ᠋ᠢ ᠡᠵᠡᠮᠳᠡᠵᠦ᠍᠂ ᠬᠡᠬᠦᠳᠡᠭ ᠴᠡᠭᠡᠵᠢᠨ᠎ᠳᠡᠭᠡᠨ ᠪᠦᠬᠦ᠌ ᠲᠠᠯ᠎ᠠ᠎ᠶ᠋ᠢ ᠪᠠᠭ᠍ᠲᠠᠭᠠᠵᠤ᠂ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠪᠡᠨ ᠴᠢᠩᠭᠠᠳᠭᠠᠨ᠂ ᠬᠥᠭ᠌ᠵᠢᠯᠲᠡ᠎ᠶ᠋ᠢᠨ ᠲᠣᠭ᠍ᠲᠠᠪᠤᠷᠢᠲᠤ ᠴᠢᠨᠠᠷ ᠪᠠ ᠦᠷᠭᠦᠯᠵᠢᠯᠡᠬᠦ᠌ ᠬᠦᠴᠦᠨ᠎ᠢ ᠴᠢᠩᠭᠠᠷᠠᠭᠤᠯᠬᠤ ᠬᠡᠷᠡᠭᠳᠡᠢ᠃ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠲᠡᠷᠢᠭᠦᠨ᠎ᠦ ᠦᠶ᠋ᠯᠡᠳᠬᠦ᠌ ᠦᠶ᠋ᠯᠡᠰ᠎ᠢ ᠪᠤᠵᠠᠭᠠᠢᠷᠠᠭᠤᠯᠤᠨ᠂ ᠨᠡᠭᠦᠷᠡᠰᠦ᠂ ᠬᠢᠮᠢ᠎ᠶ᠋ᠢᠨ ᠠᠵᠤ ᠦᠶ᠋ᠯᠡᠳᠪᠦᠷᠢ᠂ ᠲᠡᠮᠦᠷᠯᠢᠭ ᠬᠠᠢᠯᠤᠭᠤᠯᠬᠤ ᠵᠡᠷᠭᠡ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦᠯᠬᠦ ᠪᠠ ᠬᠡᠯᠬᠢᠶ᠎ᠡ ᠵᠢ ᠤᠷᠲᠤᠳᠭᠠᠨ ᠬᠡᠯᠬᠢᠶ᠎ᠡ ᠵᠢ ᠨᠥᠬᠥᠪᠥᠷᠢᠯᠡᠬᠦ᠌᠎ᠶ᠋ᠢ ᠠᠬᠢᠭᠤᠯᠵᠤ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠪᠤᠳᠤᠯᠳᠠ᠎ᠶᠢᠨ ᠬᠦᠴᠦᠨ᠂ ᠤᠢᠷ᠎ᠠ ᠤᠭᠳᠠᠷᠭᠤᠢ᠎ᠶᠢᠨ ᠠᠵᠤ ᠠᠬᠤᠶ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠢ ᠲᠥᠪᠯᠡᠷᠡᠭᠦᠯᠦᠨ ᠬᠥᠭ᠌ᠵᠢᠭᠦᠯᠵᠦ᠍᠂ ᠢᠷᠡᠭᠡᠳᠦᠶ᠎ᠶ᠋ᠢᠨ ᠠᠵᠤ ᠦᠶ᠋ᠯᠡᠰ᠎ᠦᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠪᠠᠷᠠᠯᠠᠯᠳᠤ ᠴᠢᠨᠠᠷᠲᠠᠶ᠂ ᠱᠢᠰᠲ᠋ᠧᠮᠵᠢᠭ᠌ᠰᠡᠨ ᠪᠠᠢᠷᠢᠱᠢᠭᠤᠯᠤᠯᠲᠠ᠎ᠶ᠋ᠢ ᠴᠢᠩᠭᠠᠳᠭᠠᠨ᠂ ᠪᠥᠬᠥ᠌ ᠶᠠᠪᠤᠴᠠ᠎ᠶᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠴᠣᠭ᠍ᠴᠠᠯᠠᠨ ᠪᠠᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠂ ᠣᠳᠣᠬᠢᠴᠢᠯᠠᠭ᠍ᠰᠠᠨ ᠰᠠᠭᠤᠷᠢ ᠳᠦᠬᠦᠭᠡᠷᠦᠮᠵᠢ᠎ᠶ᠋ᠢ ᠰᠠᠢᠲᠤᠷ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ ᠬᠡᠷᠡᠭᠳᠡᠢ᠃ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠶ ᠠᠭᠤᠰᠤᠯᠴᠠᠬᠤ ᠪᠠ ᠲᠡᠭᠦᠨ᠎ᠳᠦ ᠦᠶ᠋ᠯᠡᠴᠢᠯᠡᠵᠦ᠍᠂ ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠨᠠᠩ ᠴᠢᠬᠤᠯᠠᠴᠢᠯᠠᠵᠤ᠂ ᠬᠡᠷᠡᠭ᠌ᠯᠡᠭᠡ᠎ᠶ᠋ᠢ ᠠᠬᠢᠭᠤᠯᠬᠤ ᠪᠠ ᠪᠠᠯᠠ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠲᠡᠷᠢᠭᠦᠨ᠎ᠦ᠎ᠬᠢ᠎ᠪᠡᠷ ᠪᠠᠷᠢᠮᠵᠢᠶᠠᠯᠠᠨ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠡᠭᠦᠳᠴᠦ᠍᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠦᠶ᠋ᠯᠡᠴᠢᠯᠡᠬᠦ ᠪᠠᠲᠤᠯᠠᠬᠤ ᠳᠤᠮᠳᠠ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ ᠬᠡᠷᠡᠭᠳᠡᠢ᠃ ᠠᠵᠤ ᠠᠬᠤᠶ ᠪᠠ ᠨᠡᠢᠭᠡᠮ᠎ᠦᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠵᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠵᠢᠯᠴᠠᠨ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
ᠸᠠᠩ ᠸᠧᠶ ᠵᠥᠩ᠂ ᠨᠠᠮ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ ᠵᠢ ᠤᠳᠤᠷᠢᠳᠬᠤ ᠴᠢᠳᠠᠪᠤᠷᠢ ᠪᠣᠯᠤᠨ ᠲᠦᠪᠰᠢᠨ ᠤ᠋ ᠱᠢᠶ᠋ᠳᠪᠦᠷᠢᠯᠡᠭ᠌ᠴᠢ ᠴᠢᠨᠠᠷᠳᠠᠢ ᠦᠶ᠋ᠯᠡᠳᠦᠯ᠎ᠢ ᠭᠦᠨᠵᠡᠭᠡᠶ ᠡᠵᠡᠮᠳᠡᠵᠦ᠍᠂ ᠪᠥᠬᠥ᠌ ᠣᠷᠣᠨ᠎ᠤ ᠡᠯ᠎ᠡ ᠱᠠᠲᠤ ᠡᠯ᠎ᠡ ᠲᠠᠯᠠᠶ᠋ᠢᠨᠬᠢᠨᠦ 《ᠠᠷᠪᠠᠨ ᠳᠠᠪᠤᠳᠤᠭᠠᠷ ᠳᠠᠪᠤᠨ ᠵᠢᠯ》 ᠤ᠋ᠨ ᠱᠢᠨ᠎ᠡ ᠠᠶᠠᠨ᠎ᠢᠶᠠᠷ ᠰᠠᠢᠲᠤᠷ ᠵᠠᠮᠨᠠᠬᠤ᠎ᠶ᠋ᠢ ᠬᠥᠲᠥᠯᠥᠨ ᠵᠢᠯᠣᠭᠣᠳᠭᠤ ᠪᠠ ᠠᠬᠢᠭᠤᠯᠬᠤ ᠬᠡᠷᠡᠭ᠌ᠲᠡᠶ᠃ ᠰᠤᠷᠤᠯᠴᠠᠯᠭ᠎ᠠ ᠵᠢ ᠶᠡᠬᠡ ᠪᠡᠷ ᠡᠷᠬᠢᠮᠯᠡᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠨᠠᠮ᠎ᠤᠨ ᠲᠥᠪ ᠬᠤᠷᠢᠶ᠎ᠠ᠎ᠶᠢᠨ ᠦᠨᠳᠦᠰᠦᠨ ᠪᠣᠳᠣᠯᠭ᠎ᠠ ᠴᠢᠭ᠌ᠯᠡᠯᠲᠡ ᠪᠣᠯᠤᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢᠨ ᠰᠤᠷᠤᠯᠴᠠᠯᠭ᠎ᠠ᠎ᠶ᠋ᠢ ᠴᠢᠩᠭᠠᠳᠭᠠᠵᠤ᠂ ᠡᠯ᠎ᠡ ᠬᠦᠷᠢᠶᠡᠨ᠎ᠦ ᠬᠣᠱᠢᠭᠤᠷᠠᠯ ᠮᠡᠳᠡᠯᠭᠡ᠎ᠶ᠋ᠢᠨ ᠰᠤᠷᠤᠯᠴᠠᠯᠭ᠎ᠠ ᠪᠠᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠵᠢᠨ ᠨᠠᠢᠳᠠᠪᠤᠷᠢᠵᠢᠭᠤᠯᠤᠯᠳᠠ ᠵᠢ ᠵᠢᠯᠣᠭᠣᠳᠬᠤ ᠪᠠ ᠠᠬᠢᠭᠤᠯᠬᠤ᠎ᠳᠦ ᠬᠡᠷᠡᠭᠯᠡᠬᠦ ᠬᠡᠷᠡᠭ᠌ᠲᠡᠶ᠃ ᠭᠦᠨᠵᠡᠭᠡᠢ ᠪᠠᠢᠴᠠᠭᠠᠨ ᠰᠤᠳᠤᠯᠵᠤ᠂ ᠠᠰᠠᠭᠤᠳᠠᠯ ᠲᠤᠯᠭᠠᠷᠠᠪᠠᠯ ᠶᠠᠭᠤᠨ᠎ᠤ ᠤᠴᠢᠷ ᠡᠴᠡ ᠪᠣᠯᠤᠭ᠍ᠰᠠᠨ᠎ᠢ ᠢᠯᠡᠭᠦᠦ ᠬᠡᠳᠦ ᠠᠰᠠᠭᠤᠵᠤ᠂ ᠠᠵᠢᠯ᠎ᠢᠶᠠᠨ ᠬᠠᠷᠠᠯᠲᠠ᠎ᠲᠠᠶ᠎ᠪᠠᠷ ᠥᠷᠨᠢᠭᠦᠯᠬᠦ᠌ ᠬᠡᠷᠡᠭ᠌ᠲᠡᠢ᠃ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠬᠤᠭᠤᠴᠠᠭ᠎ᠠ ᠰᠣᠯᠢᠬᠤ ᠠᠵᠢᠯ᠎ᠲᠠᠶ ᠤᠶᠠᠯᠳᠤᠭᠤᠯᠤᠨ ᠬᠥᠮᠦᠨ ᠰᠣᠩᠭᠣᠨ ᠬᠡᠷᠡᠭ᠌ᠯᠡᠬᠦ᠌ ᠲᠥᠪ ᠪᠤᠰᠤ ᠰᠤᠷᠲᠠᠯ᠎ᠢ ᠴᠡᠭ᠌ᠴᠡᠯᠡᠨ ᠵᠠᠰᠠᠵᠤ᠂ ᠬᠥᠮᠦᠨ ᠰᠣᠩᠭᠣᠨ ᠬᠡᠷᠡᠭ᠌ᠯᠡᠬᠦ᠌ ᠵᠥᠪ ᠣᠨᠣᠪᠴᠢᠲᠠᠢ ᠤᠳᠤᠷᠢᠳᠤᠮᠵᠢ᠎ᠪᠠᠷ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ ᠬᠡᠷᠡᠭ᠌ᠲᠡᠢ᠃ ᠠᠷᠢᠭᠤᠨ ᠴᠢᠬᠡᠴᠢ ᠪᠠᠢᠵᠤ᠂ ᠪᠡᠶ᠎ᠡ᠎ᠪᠡᠨ ᠴᠢᠩᠭ᠎ᠠ ᠵᠠᠰᠠᠵᠤ᠂ ᠡᠷᠬᠡ᠎ᠪᠡᠨ ᠬᠡᠷᠡᠭᠯᠡᠬᠦ ᠳ᠋ᠤ ᠲᠦᠪ ᠴᠢᠩᠭ᠎ᠠ ᠪᠠᠢᠵᠤ᠂ ᠦᠪᠡᠷ᠎ᠢ ᠪᠠᠨ ᠴᠢᠩᠭ᠎ᠠ ᠱᠠᠭᠠᠷᠳᠠᠵᠤ᠂ ᠭᠡᠷ ᠪᠦᠯᠢ᠎ᠶ᠋ᠢᠨ ᠬᠥᠮᠦᠵᠢᠯ ᠭᠡᠷ᠎ᠦᠨ ᠰᠤᠷᠲᠠᠯ᠎ᠤᠨ ᠪᠠᠢᠭᠤᠯᠤᠯᠲᠠ ᠪᠠᠨ ᠴᠢᠩᠭᠠᠳᠭᠠᠵᠤ᠂ ᠬᠠᠷᠢᠯᠴᠠᠭᠠᠨ᠎ᠤ ᠬᠦᠷᠢᠶ᠎ᠡ᠂ ᠠᠮᠢᠳᠤᠷᠠᠯ᠎ᠤᠨ ᠬᠦᠷᠢᠶ᠎ᠡ᠂ ᠨᠠᠢᠵᠠ᠎ᠶ᠋ᠢᠨ ᠬᠦᠷᠢᠶ᠎ᠡ᠎ᠪᠡᠨ ᠤᠬᠠᠮᠰᠠᠷ ᠡᠴᠡ᠎ᠪᠠᠨ ᠴᠡᠪᠡᠷᠱᠢᠭᠦᠯᠵᠦ᠍᠂ ᠠᠷᠢᠭᠤᠨ ᠴᠢᠬᠡᠴᠢ᠎ᠪᠡᠷ ᠳᠠᠷᠤᠭ᠎ᠠ ᠰᠠᠭᠤᠵᠤ᠂ ᠴᠡᠪᠡᠷ ᠴᠢᠬᠡᠴᠢ᠎ᠪᠡᠷ ᠠᠵᠢᠯ ᠬᠢᠵᠦ᠍᠂ ᠨᠣᠮᠣᠬᠠᠨ ᠱᠢᠳᠤᠷᠭᠤ᠎ᠪᠠᠷ ᠬᠥᠮᠦᠨ ᠪᠣᠯᠬᠤ ᠬᠡᠷᠡᠭ᠌ᠲᠡᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠨᠡᠩ ᠲᠤᠪᠤᠢ᠌ᠮ᠎ᠠ ᠪᠠᠢᠷᠢᠨ᠎ᠳᠤ ᠲᠠᠯᠪᠢᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠰᠦᠨ ᠱᠤᠤ ᠴᠸᠩ᠂ ᠸᠠᠩ ᠯᠢ ᠱᠢᠶᠠ ᠵᠡᠷᠭᠡ ᠬᠥᠮᠦᠰ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠰᠤᠷᠭᠠᠮᠵᠢ᠎ᠶ᠋ᠢ ᠭᠦᠨᠵᠡᠭᠡᠢ ᠱᠢᠩᠭᠡᠭᠡᠨ ᠠᠪᠴᠤ᠌᠂ ᠢᠯᠵᠢᠷᠠᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ᠎ᠢ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠷᠭᠦᠯᠵᠢᠯᠡᠨ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠡᠯ᠎ᠡ ᠠᠢᠮᠠᠭ ᠬᠣᠲᠠ ᠪᠣᠯᠤᠨ ᠮᠠᠨᠵᠤᠤᠷ ᠬᠣᠲᠠ᠂ ᠡᠷᠢᠶᠡᠨ ᠬᠣᠲᠠ᠎ᠶ᠋ᠢᠨ ᠨᠠᠮ ᠵᠠᠰᠠᠭ᠎ᠤᠨ ᠭᠤᠤᠯ ᠬᠠᠷᠢᠭᠤᠴᠠᠯᠭᠠᠲᠠᠨ ᠨᠥᠬᠥᠳ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ ᠨᠢᠭᠡᠴᠢ᠂ ᠠᠷᠠᠳ᠎ᠤᠨ ᠪᠦᠯᠬᠦᠮ᠂ ᠵᠢᠩᠬᠢᠨᠢ ᠠᠩᠭᠢ᠎ᠶ᠋ᠢᠨ ᠶᠡᠬᠡ ᠳᠡᠭᠡᠳᠦ ᠰᠤᠷᠭᠠᠭᠤᠯᠢ᠂ ᠱᠢᠭᠤᠳ ᠬᠠᠷᠢᠶ᠎ᠠ ᠠᠵᠤ ᠠᠬᠤᠢᠯᠠᠯ᠎ᠤᠨ ᠭᠤᠤᠯ ᠬᠠᠷᠢᠭᠤᠴᠠᠯᠭᠠᠲᠠᠨ ᠨᠥᠬᠥᠳ ᠣᠷᠣᠯᠴᠠᠵᠠᠶ᠃