ᠥᠪᠥᠷ ᠮᠣᠩᠭᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠴᠦ ᠪᠤᠭᠤᠮᠳᠠ ᠰᠢᠪᠳᠤᠯᠤᠨ ᠬᠦᠴᠦᠷᠭᠡᠭᠵᠢᠨ ᠤᠷᠤᠬᠰᠢᠯᠠᠨ᠎ᠠ
2026-03-02 09:54:01
ᠵᠣᠬᠢᠶᠠᠭ᠍ᠴᠢ᠄
ᠪᠠᠶ ᠯᠢᠶᠠᠨ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭᠰᠡᠨ ᠬᠠᠭᠤᠳᠠᠰᠤ

 

《ᠲᠥᠬᠥᠭᠡᠷᠦᠮᠵᠢ ᠵᠢ ᠨᠢᠭᠡᠨᠲᠡ ᠲᠠᠯᠠᠪᠠᠢ᠎ᠳᠤ ᠠᠪᠴᠢᠷᠠᠵᠠᠢ᠂ ᠰᠠᠷ᠎ᠠ ᠥᠩᠭᠡᠷᠡᠪᠡᠯ ᠡᠨᠡ ᠭᠠᠵᠠᠷ ᠬᠦᠨᠳᠦ ᠠᠴᠢᠶᠠᠨ᠎ᠤ ᠮᠠᠱᠢᠨ᠎ᠤ ᠵᠢᠯᠣᠭᠣᠴᠢ᠎ᠶ᠋ᠢᠨ〈ᠡᠨᠧᠷᠭᠢ᠎ᠶ᠋ᠢᠨ ᠦᠷᠲᠡᠭᠡ〉 ᠪᠤᠯᠬᠤ ᠪᠤᠯᠤᠨ᠎ᠠ》 ᠭᠡᠵᠦ᠍ ᠪᠤᠭᠤᠲᠤ ᠬᠤᠳᠠ᠎ᠶ᠋ᠢᠨ ᠬᠥᠨᠳᠡᠯᠡᠨ ᠲᠣᠭᠣᠷᠢᠭ᠎ᠤᠨ ᠨᠢᠭᠡᠨ ᠪᠠᠷᠢᠯᠭ᠎ᠠ᠎ᠶ᠋ᠢᠨ ᠭᠠᠵᠠᠷ᠎ᠲᠦ ᠱᠠᠩᠬᠠᠢ᠎ᠶ᠋ᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶ᠋ᠢᠨ ᠥᠪᠥᠷ ᠮᠣᠩᠭᠣᠯ᠎ᠤᠨ ᠰᠤᠳᠤᠯᠭᠠᠨ᠎ᠤ ᠬᠦᠷᠢᠶᠡᠯᠡᠩ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠡᠴᠡ ᠲᠤᠬᠢᠷᠠᠭᠤᠯᠤᠨ ᠲᠤᠷᠱᠢᠵᠤ ᠪᠠᠢᠭ᠎ᠠ ᠴᠠᠭᠠᠨ ᠥᠩᠭᠡᠲᠦ ᠮᠠᠱᠢᠨ᠎ᠤ ᠬᠣᠷᠭᠣ᠎ᠶ᠋ᠢ ᠵᠢᠭᠠᠵᠤ ᠬᠡᠯᠡᠪᠡ᠃

ᠥᠪᠥᠷ ᠮᠣᠩᠭᠣᠯ᠎ᠤᠨ ᠠᠩᠬᠠᠳᠠᠭ᠍ᠴᠢ 《ᠥᠨᠳᠥᠷ ᠬᠦᠴᠦᠳᠡᠯᠲᠤ  ᠴᠠᠬᠢᠯᠭᠠᠨ ᠡᠴᠡ ᠱᠢᠭᠤᠳ ᠵᠠᠯᠭᠠᠬᠤ》 ᠬᠦᠨᠳᠦ ᠠᠴᠢᠶᠠᠨ᠎ᠤ ᠮᠠᠱᠢᠨ᠎ᠤ ᠬᠡᠲᠦ ᠴᠡᠨᠡᠭ᠌ᠯᠡᠯ ᠤ᠋ᠨ ᠵᠢᠱ᠌ᠢᠶ᠎ᠡ ᠦᠵᠡᠭᠦᠯᠬᠦ᠌ ᠥᠷᠲᠡᠭᠡ ᠪᠣᠯᠤᠭ᠍ᠰᠠᠨ᠎ᠤ ᠬᠤᠪᠢ᠎ᠳᠤ᠂ ᠲᠥᠷᠥᠯ ᠵᠦᠶ᠋ᠯ᠎ᠦᠨ ᠶᠡᠷᠦᠩᠬᠡᠶ ᠪᠠᠭ᠍ᠲᠠᠭᠠᠮᠵᠢ᠎ᠨᠢ 50 ᠮᠧᠭᠠᠸᠣᠯᠲ ᠠᠮᠫᠧᠷ ᠪᠠᠢᠵᠤ᠂ ᠪᠦᠲᠦᠬᠡᠨ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ 150 ᠬᠦᠨᠳᠦ ᠠᠴᠢᠶᠠᠨ᠎ᠤ ᠮᠠᠱᠢᠨ᠎ᠳᠤ ᠵᠡᠷᠭᠡ ᠪᠡᠷ ᠲᠦᠷᠭᠡᠨ ᠴᠠᠬᠢᠯᠭᠠᠨ ᠴᠡᠨᠡᠭᠯᠡᠬᠦ᠌ ᠦᠶ᠋ᠯᠡᠴᠢᠯᠡᠭᠡ ᠬᠠᠩᠭᠠᠵᠤ ᠪᠣᠯᠤᠨ᠎ᠠ᠃ ᠬᠦᠴᠦᠳᠡᠯ ᠥᠭᠡᠷᠡᠴᠢᠯᠡᠭ᠌ᠴᠢ ᠬᠡᠷᠡᠭ᠌ᠰᠡᠬᠦ᠌ ᠦᠭᠡᠢ᠎ᠪᠡᠷ ᠱᠢᠭᠤᠳ 10 ᠺᠢᠯᠦᠸᠤᠯᠲ᠎ᠤᠨ ᠴᠠᠬᠢᠯᠭᠠᠨ ᠲᠣᠣᠷ ᠡᠴᠡ ᠴᠠᠬᠢᠯᠭᠠᠨ ᠠᠪᠴᠤ᠌᠂ ᠳᠠᠩ ᠴᠡᠨᠡᠭᠯᠡᠬᠦᠷ᠎ᠤᠨ ᠴᠢᠳᠠᠮᠵᠢ 600 ᠺᠢᠯᠦᠸᠠᠲ᠎ᠢ ᠳᠠᠪᠠᠵᠤ᠂ ᠬᠦᠨᠳᠦ ᠠᠴᠢᠶᠠᠨ᠎ᠤ ᠮᠠᠱᠢᠨ ᠤ᠋ ᠴᠠᠬᠢᠯᠭᠠᠨ ᠴᠡᠨᠡᠭᠯᠡᠬᠦ᠌ ᠴᠠᠭ ᠢ᠋ 60% ᠡᠴᠡ ᠳᠡᠭᠡᠭ᠌ᠰᠢ ᠪᠣᠭᠣᠨᠢᠰᠭᠠᠵᠤ ᠪᠣᠯᠤᠨ᠎ᠠ᠃ ᠴᠡᠨᠡᠭᠯᠡᠬᠦᠷ᠎ᠢᠶᠡᠨ ᠳᠡᠷᠭᠡᠨ᠎ᠳᠦ ᠵᠠᠯᠭᠠᠭᠰᠠᠨ᠎ᠤ ᠳᠠᠷᠠᠭ᠎ᠠ᠂ ᠵᠢᠯᠤᠭᠤᠴᠢ ᠨᠢᠭᠡ ᠠᠶᠠᠭ᠎ᠠ ᠳᠥᠭᠥᠮ ᠭᠤᠯᠢᠷ ᠢᠳᠡᠬᠦ᠌ ᠬᠤᠭᠤᠷᠤᠨᠳᠤ ᠴᠠᠬᠢᠯᠭᠠᠨ ᠳᠦᠭᠦᠷᠡᠩ ᠴᠡᠨᠡᠭᠯᠡᠵᠦ ᠠᠮᠵᠢᠳᠠᠭ᠃

ᠡᠨᠡ ᠪᠣᠯ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠤᠭ᠍ᠰᠠᠨ ᠠᠮᠢᠳᠤᠯᠢᠭ ᠦᠢᠯᠡᠳᠦᠯᠭᠡ ᠪᠣᠯᠤᠨ᠎ᠠ᠃ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠱᠢᠪᠲᠤᠯᠤᠯᠲᠠ ᠶᠠᠭ ᠡᠨᠡ ᠬᠦ᠌ ᠬᠠᠯᠠᠭᠤᠨ ᠬᠥᠷᠥᠰᠥᠨ ᠳᠡᠭᠡᠷ᠎ᠡ ᠴᠣᠯᠭᠣᠷᠠᠨ ᠭᠠᠷᠴᠤ᠌ ᠪᠤᠢ᠃ 2025 ᠣᠨ᠎ᠳᠤ᠂ ᠥᠪᠥᠷ ᠮᠣᠩᠭᠣᠯ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠪᠦᠯᠦᠭ᠌ᠯᠡᠯ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ 61 ᠬᠡᠷᠡᠭ᠌ᠵᠢᠭᠦᠯᠵᠦ᠍᠂ ᠰᠦ᠎ᠶᠢᠨ ᠦᠶ᠋ᠯᠡᠰ᠎ᠦᠨ ᠬᠦᠷᠢᠶᠡᠨ᠎ᠦ ᠣᠯᠠᠨ ᠵᠦᠶ᠋ᠯ᠎ᠦᠨ ᠮᠡᠷᠭᠡᠵᠢᠯ ᠭᠠᠳᠠᠭᠠᠳᠤ᠎ᠶ᠋ᠢᠨ ᠭᠠᠭ᠍ᠴᠠᠭᠠᠷ ᠡᠵᠡᠮᠱᠢᠯ᠎ᠢ ᠡᠪᠳᠡᠵᠦ᠍᠂ ᠬᠣᠪᠣᠷ ᠱᠢᠷᠣᠶ᠎ᠶ᠋ᠢᠨ ᠬᠦᠷᠢᠶᠡᠨ᠎ᠳᠡᠬᠢ 10 ᠵᠤᠷᠪᠤᠰ ᠵᠠᠪᠰᠠᠷ᠎ᠤᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠦᠶ᠋ᠯᠡᠳᠪᠦᠷᠢᠯᠡᠯ᠎ᠦᠨ ᠱᠤᠭᠤᠮ᠎ᠢ ᠪᠦᠲᠦᠬᠡᠨ ᠪᠠᠢᠭᠤᠯᠵᠤ ᠲᠠᠭᠤᠰᠬᠠᠨ ᠠᠱᠢᠭ᠍ᠯᠠᠯᠲᠠ᠎ᠳᠤ ᠣᠷᠣᠭᠤᠯᠵᠤ᠂ ᠤᠰᠤᠲᠥ᠋ᠷᠥᠭ᠌ᠴᠢ ᠡᠨᠧᠷᠭᠢ᠎ᠶ᠋ᠢᠨ ᠬᠦᠷᠢᠶᠡᠨ᠎ᠦ ᠴᠠᠬᠢᠯᠭᠠᠨ ᠵᠠᠳᠠᠯᠤᠯ᠎ᠤᠨ ᠤᠩᠭᠤᠴᠠ᠎ᠶᠢᠨ ᠴᠢᠨᠠᠷ ᠴᠢᠨᠰᠠᠭ᠎ᠠ ᠳᠡᠯᠡᠬᠡᠶ᠎ᠶ᠋ᠢᠨ ᠲᠡᠷᠢᠭᠦᠨ᠎ᠦ ᠲᠦᠪᠱᠢᠨ᠎ᠳᠦ ᠬᠦᠷᠴᠦ᠍᠂ ᠤᠮᠠᠷᠠᠲᠤ᠎ᠶ᠋ᠢᠨ ᠬᠦᠨᠳᠦ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ 17 ᠮᠧᠲ᠋ᠷ᠎ᠦᠨ ᠬᠡᠲᠦ ᠣᠷᠳᠣ ᠬᠡᠲᠦ ᠥᠨᠳᠥᠷ ᠬᠦᠴᠦᠳᠡᠯᠲᠦ ᠪᠣᠯᠣᠳ ᠬᠣᠭᠣᠯᠠᠶ᠎ᠶ᠋ᠢ ᠤᠯᠤᠰ᠎ᠲᠠᠭᠠᠨ ᠦᠶ᠋ᠯᠡᠳᠪᠦᠷᠢᠯᠡᠬᠦ᠌᠎ᠪᠡᠷ ᠣᠷᠣᠯᠠᠭᠤᠯᠵᠤ᠂ ᠳᠡᠯᠡᠬᠡᠶ᠎ᠶ᠋ᠢᠨ ᠠᠩᠬᠠᠳᠠᠭ᠍ᠴᠢ ᠭᠠᠭ᠍ᠴᠠ ᠳᠠᠬᠢᠨᠳᠤ ᠪᠡᠶ᠎ᠡ᠎ᠶᠢᠨ ᠭᠤᠤᠯ ᠡᠰ᠎ᠢᠶᠡᠷ ᠪᠣᠢᠵᠢᠭᠤᠯᠤᠭ᠍ᠰᠠᠨ ᠦᠬᠡᠷ ᠬᠣᠨᠢ ᠠᠮᠵᠢᠯᠲᠠᠲᠠᠶ ᠪᠤᠢ ᠪᠤᠯᠵᠦ᠍᠂ ᠪᠦᠦ ᠹᠸᠩ ᠡᠨ᠋ᠸᠷᠬᠢ᠎ᠶᠢᠨ ᠪᠦᠯᠦᠭᠯᠡᠯ ᠺᠤᠮᠫᠠᠨᠢ᠎ᠶᠢᠨ ᠨᠡᠭᠦᠷᠡᠰᠦ᠎ᠪᠡᠷ ᠠᠯᠺᠧᠨ ᠦᠶ᠋ᠯᠡᠳᠬᠦ᠌ ᠲᠥᠷᠥᠯ ᠵᠦᠶ᠋ᠯ᠎ᠦᠨ 23 ᠵᠦᠶ᠋ᠯ᠎ᠦᠨ ᠵᠠᠩᠭᠢᠯᠠᠭ᠎ᠠ᠎ᠶ᠋ᠢᠨ ᠭᠤᠤᠯᠯᠠᠬᠤ ᠲᠥᠬᠥᠭᠡᠷᠦᠮᠵᠢ ᠳᠡᠯᠡᠬᠡᠶ᠎ᠶ᠋ᠢᠨ ᠣᠷᠣᠢᠯᠠᠭ᠍ᠰᠠᠨ ᠲᠦᠪᠱᠢᠨ᠎ᠳᠦ ᠬᠦᠷᠴᠡᠶ᠃

ᠪᠠᠶᠠᠷ᠎ᠤᠨ ᠴᠢᠮᠡᠭᠡ ᠬᠣᠢᠨ᠎ᠠ ᠬᠣᠢᠨ᠎ᠠ ᠡᠴᠡ᠎ᠪᠠᠨ ᠰᠤᠨᠤᠰᠳᠠᠵᠤ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ ᠱᠢᠨ᠎ᠡ ᠳᠠᠪᠠᠯᠲᠠ᠎ᠶ᠋ᠢ ᠪᠡᠶᠡᠯᠡᠭᠦᠯᠪᠡ᠃ ᠡᠨᠡ ᠵᠢᠯ᠂ ᠡᠪᠡᠰᠦᠨ᠎ᠦ ᠦᠶ᠋ᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠥᠪᠥᠷ ᠮᠣᠩᠭᠣᠯ᠎ᠳᠤ ᠨᠤᠲᠤᠭ᠍ᠰᠢᠵᠤ᠂ ᠡᠢᠨ ᠬᠦ᠌ ᠤᠯᠤᠰ᠎ᠤᠨ ᠲᠠᠰ᠎ᠤᠨ ᠱᠢᠨ᠎ᠡ᠎ᠶ᠋ᠢ ᠡᠭᠦᠳᠬᠦ᠌ ᠲᠠᠪᠴᠠᠩ ᠨᠡᠮᠡᠭᠳᠡᠭᠡᠳ 10 ᠪᠤᠯᠪᠠ᠃ 《ᠱᠢᠨ᠎ᠡ᠎ᠶ᠋ᠢ ᠡᠭᠦᠳᠬᠦ᠌ ᠲᠥᠪ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ᠎ᠳᠦ ᠠᠩᠬᠠᠷᠤᠯ᠎ᠢᠶᠡᠨ ᠲᠥᠪᠯᠡᠷᠡᠭᠦᠯᠵᠦ᠍ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠨ᠂ ᠲᠠᠷᠢᠮᠠᠯ᠎ᠤᠨ ᠦᠶ᠋ᠯᠡᠰ᠎ᠦᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠮᠢ ᠠᠬᠤᠶ᠎ᠶ᠋ᠢᠨ ᠠᠮᠤᠷ ᠲᠦᠪᠱᠢᠨ᠎ᠢ ᠪᠠᠲᠤᠯᠠᠨ᠎ᠠ》 ᠭᠡᠵᠦ᠍ ᠱᠢᠨ᠎ᠡ᠎ᠶ᠋ᠢ ᠡᠭᠦᠳᠬᠦ᠌ ᠲᠥᠪ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠬᠡᠯᠡᠪᠡ᠃

ᠱᠢᠨ᠎ᠡ᠎ᠶ᠋ᠢ ᠡᠭᠦᠳᠬᠦ᠌ ᠲᠠᠪᠴᠠᠩ᠎ᠤᠨ ᠲᠤᠯᠭᠠᠭᠤᠷᠢᠯᠠᠬᠤ ᠦᠢᠯᠡᠳᠦᠯ ᠨᠠᠩ ᠬᠦᠴᠦᠲᠡᠶ ᠪᠣᠯᠪᠠ᠃ 2025 ᠣᠨ᠎ᠳᠤ᠂ ᠳᠡᠭᠡᠳᠦ ᠴᠢᠳᠠᠪᠬᠢ᠎ᠶᠢᠨ ᠳᠡᠰ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ᠎ᠶ᠋ᠢ ᠲᠦᠷᠭᠡᠪᠴᠢᠯᠡᠨ ᠨᠠᠢᠳᠠᠪᠤᠷᠢᠵᠢᠭᠤᠯᠵᠤ᠂ 《ᠤᠯᠤᠰ᠎ᠤᠨ ᠠᠩᠭᠢ》 ᠶ᠋ᠢᠨ ᠬᠦᠴᠦᠨ ᠤᠯᠠᠮ ᠨᠢᠭᠡ ᠠᠯᠬᠤᠮ ᠪᠤᠵᠠᠭᠠᠢᠷᠠᠪᠠ᠃ ᠥᠪᠥᠷ ᠮᠣᠩᠭᠣᠯ᠎ᠤᠨ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ ᠡᠴᠡ ᠬᠤᠸᠠᠢ ᠷᠸᠦ᠍ ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ᠎ᠢ ᠲᠤᠯᠭᠠᠭᠤᠷᠢᠯᠠᠨ ᠪᠠᠢᠭᠤᠯᠵᠤ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠂ ᠠᠯᠠᠱᠠ᠎ᠶ᠋ᠢᠨ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠢ ᠡᠭᠦᠳᠦᠨ ᠪᠠᠢᠭᠤᠯᠬᠤ ᠠᠵᠢᠯ ᠮᠥᠨ ᠴᠢᠨᠠᠷ᠎ᠤᠨ ᠱᠢᠪᠲᠤᠯᠤᠯᠲᠠ᠎ᠲᠠᠶ ᠪᠣᠯᠪᠠ᠃ 《ᠣᠷᠣᠨ ᠨᠤᠲᠤᠭ᠎ᠤᠨ ᠠᠩᠭᠢ》 ᠶ᠋ᠢᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠪᠥᠬᠥ᠌ ᠤᠯᠤᠰ᠎ᠲᠤ ᠲᠦᠷᠦᠭᠦᠯᠡᠨ 《ᠴᠠᠭᠠᠨ ᠳᠠᠩᠰᠠ》 ᠶ᠋ᠢᠨ ᠲᠦᠷᠢᠮ᠎ᠢ ᠲᠤᠬᠳᠠᠭᠠᠵᠤ᠂ ᠪᠥᠬᠥ᠌ ᠣᠷᠣᠨ᠎ᠤ 25 ᠲᠥᠷᠥᠯ᠎ᠦᠨ ᠲᠠᠪᠴᠠᠩ᠎ᠢ 12 ᠲᠥᠷᠥᠯ᠂ 238 ᠨᠢᠭᠡᠴᠢ ᠪᠣᠯᠭᠠᠨ ᠨᠡᠢᠳᠬᠡᠪᠡ᠃

ᠠᠮᠢᠵᠢᠷᠠᠯ᠎ᠤᠨ ᠬᠦᠴᠦᠨ᠎ᠵᠢᠡᠷ ᠪᠢᠯᠬᠠᠵᠤ᠂ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠶᠠᠭ ᠪᠣᠢᠵᠢᠵᠤ ᠪᠠᠢᠨ᠎ᠠ᠃ 《3᠂ 2᠂ 1᠂ ᠨᠢᠰᠬᠡ!》 ᠬᠡᠬᠦ ᠵᠠᠷᠯᠢᠭ ᠪᠠᠭᠤᠬᠤ᠎ᠶ᠋ᠢ ᠳᠠᠭᠠᠯᠳᠤᠨ᠂ ᠥᠪᠥᠷ ᠮᠣᠩᠭᠣᠯ᠎ᠤᠨ ᠢ ᠹᠸᠢ ᠠᠭᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠭ᠌ᠰᠡᠨ ᠦᠬᠡᠷ ᠬᠣᠨᠢᠨ᠎ᠤ ᠡᠳ᠋ ᠬᠥᠷᠥᠩᠭᠡ᠎ᠶ᠋ᠢ ᠪᠦᠷᠢᠳᠭᠡᠬᠦ᠌ ᠵᠢᠯᠣᠭᠣᠴᠢ ᠥᠬᠡᠶ ᠨᠢᠰᠭᠡᠯ ᠥᠪᠥᠷ ᠮᠣᠩᠭᠣᠯ᠎ᠤᠨ ᠬᠣᠷᠢᠨᠭᠡᠷ ᠱᠢᠨ᠎ᠡ ᠲᠣᠭᠣᠷᠢᠭ᠎ᠲᠤ ᠳᠡᠭᠦᠯᠢᠨ ᠨᠢᠰᠪᠡ᠃ ᠡᠨᠡ ᠬᠦ᠌ ᠵᠢᠯᠣᠭᠣᠴᠢ ᠥᠬᠡᠶ ᠨᠢᠰᠭᠡᠯ᠎ᠨᠢ ᠷᠠᠳᠢᠣ᠋ ᠳᠣᠯᠭᠢᠶᠠᠨ᠎ᠤ ᠮᠡᠷᠭᠡᠵᠢᠯ᠎ᠢ ᠠᠱᠢᠭ᠍ᠯᠠᠨ ᠦᠬᠡᠷ ᠬᠣᠨᠢᠨ᠎ᠤ ᠪᠠᠢᠷᠢ ᠵᠢ ᠴᠠᠭ ᠲᠤᠬᠠᠶ᠎ᠳᠤᠨᠢ ᠲᠣᠭ᠍ᠲᠠᠭᠠᠵᠤ᠂ ᠰᠦ ᠰᠠᠭᠠᠬᠤ ᠬᠡᠮᠵᠢᠶ᠎ᠡ᠂ ᠡᠷᠡᠭᠦᠯ ᠮᠡᠨᠳᠦ᠍᠎ᠶ᠋ᠢᠨ ᠪᠠᠢᠳᠠᠯ ᠵᠡᠷᠭᠡ ᠮᠡᠳᠡᠭᠡ ᠵᠠᠩᠭᠢ᠎ᠶ᠋ᠢ ᠵᠡᠷᠭᠡ᠎ᠪᠡᠷ ᠳᠠᠮᠵᠢᠭᠤᠯᠵᠤ᠂ ᠥᠩᠭᠡᠷᠡᠭ᠌ᠰᠡᠨ᠎ᠦ ᠬᠥᠮᠦᠨ᠎ᠦ ᠬᠦᠴᠦ᠍᠎ᠪᠡᠷ ᠲᠣᠭᠠᠯᠠᠨ ᠪᠦᠷᠢᠳᠭᠡᠬᠦ᠎ᠨᠢ ᠤᠳᠠᠭᠠᠨ᠂ ᠣᠨᠣᠪᠴᠢ ᠥᠬᠡᠶ ᠪᠠᠢᠭ᠍ᠰᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠪᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠡᠴᠡ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠤᠯᠵᠤ ᠬᠥᠮᠦᠵᠢᠬᠦ᠌᠎ᠳᠦ ᠭᠤᠷᠪᠠᠬᠠᠨ ᠵᠢᠯ ᠬᠡᠷᠡᠭ᠌ᠰᠡᠪᠡ᠂ ᠲᠤᠰ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢ ᠹᠸᠩ᠄ 《ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢᠶᠠᠷ ᠵᠥᠪᠱᠢᠶᠡᠷᠡᠭ᠌ᠳᠡᠭ᠌ᠰᠡᠨ᠎ᠦ ᠲᠠᠷᠠᠭ᠎ᠠ᠂ ᠪᠢᠳᠡ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ᠎ᠶ᠋ᠢᠨ ᠲᠦᠷᠦᠯ ᠵᠦᠢᠯ᠎ᠦᠨ ᠳᠡᠮᠵᠢᠯᠭᠡ᠎ᠶ᠋ᠢ ᠣᠯᠵᠤ᠂ ᠥᠪᠥᠷ ᠮᠣᠩᠭᠣᠯ᠎ᠤᠨ ᠲᠠᠷᠢᠶᠠᠯᠠᠩ᠎ᠤᠨ  ᠶᠡᠬᠡ ᠰᠤᠷᠭᠠᠭᠤᠯᠢ᠎ᠯᠤᠭ᠎ᠠ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠠᠮᠲᠤᠷᠠᠯᠴᠠᠭ᠎ᠠ ᠥᠷᠨᠢᠭᠦᠯᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠵᠡᠢ》 ᠭᠡᠪᠡ᠃ ᠣᠳᠣᠬᠠᠨ᠎ᠳᠤ᠂ ᠠᠵᠤ ᠠᠬᠤᠢᠯᠠᠯ ᠨᠢ ᠨᠢᠭᠡᠨᠲᠡ 10 ᠵᠦᠢᠯ᠎ᠦᠨ ᠲᠤᠰᠭᠠᠢ ᠠᠱᠢᠭ᠂ 40 ᠵᠦᠢᠯ᠎ᠦᠨ ᠵᠥᠭᠡᠯᠡᠨ ᠪᠦᠲᠦᠭᠡᠯ᠎ᠲᠡᠶ ᠪᠤᠯᠵᠤ᠂ ᠪᠠᠲᠤ ᠪᠡᠬᠢ ᠮᠡᠷᠭᠡᠵᠢᠯ᠎ᠦᠨ ᠪᠡᠬᠢᠯᠡᠯᠲᠡ᠎ᠶ᠋ᠢ ᠪᠠᠢᠭᠤᠯᠪᠠ᠃

ᠢ ᠹᠸᠢ ᠠᠭᠠᠷ᠎ᠤᠨ ᠠᠶᠠᠯᠠᠯ ᠵᠡᠷᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠠᠬᠤᠢᠯᠠᠯ᠎ᠨᠢ ᠶᠠᠭ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠬᠥᠳᠡᠯᠭᠡᠭᠦᠷ ᠪᠣᠯᠵᠣ ᠪᠠᠢᠨ᠎ᠠ᠃ 2025 ᠣᠨ᠎ᠳᠤ᠂ ᠪᠥᠬᠥ᠌ ᠣᠷᠣᠨ᠎ᠤ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ 2000 ᠎ᠶ᠋ᠢ ᠳᠠᠪᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ 4700 ᠎ᠶ᠋ᠢ ᠳᠠᠪᠠᠵᠤ᠂ 425 ᠵᠦᠶ᠋ᠯ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ᠎ᠶ᠋ᠢᠨ ᠲᠥᠷᠥᠯ ᠵᠦᠶ᠋ᠯ᠎ᠢ ᠠᠵᠤ ᠠᠬᠤᠢᠯᠠᠯ ᠲᠦᠷᠦᠭᠦᠯᠡᠨ ᠡᠭᠦᠷᠭᠡᠯᠡᠵᠦ᠍᠂ ᠡᠯ᠎ᠡ ᠲᠥᠷᠥᠯ᠎ᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠪᠠᠯᠠ ᠮᠥᠩᠭᠥ᠎ᠶ᠋ᠢ 4.39 ᠳ᠋ᠦᠩᠱᠢᠭᠤᠷ ᠲᠥᠭᠥᠷᠢᠭ ᠨᠠᠢᠳᠠᠪᠤᠷᠢᠵᠢᠭᠤᠯᠵᠤ᠂ 2 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ ᠦᠨᠡᠲᠦ ᠲᠡᠮᠲᠡᠭᠲᠦ᠎ᠵᠢᠨ ᠭᠤᠤᠯ ᠵᠠᠬ᠎ᠠ ᠳᠡᠯᠭᠡᠭᠦᠷ᠎ᠲᠦ ᠠᠮᠵᠢᠯᠲᠠ᠎ᠲᠠᠶ ᠭᠠᠷᠴᠤ᠌᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ ᠦᠷᠭᠦᠯᠵᠢᠯᠡᠨ ᠳᠡᠭᠡᠭ᠌ᠰᠢᠯᠡᠪᠡ᠃

ᠴᠢᠳᠠᠪᠤᠷᠢᠲᠠᠨ᠎ᠢ ᠥᠷᠭᠡᠨ᠎ᠢᠶᠡᠷ ᠴᠤᠭ᠍ᠯᠠᠭᠤᠯᠵᠤ᠂ ᠨᠡᠩ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠥᠪᠥᠷ ᠮᠣᠩᠭᠣᠯ᠎ᠳᠤ ᠨᠤᠲᠤᠭᠰᠢᠭᠤᠯᠵᠤ᠂ ᠬᠤᠪᠢ ᠬᠥᠮᠦᠨ᠎ᠦ ᠦᠰᠦᠨ ᠪᠣᠢᠵᠢᠯᠲᠠ ᠪᠣᠯᠤᠨ ᠣᠷᠣᠨ ᠪᠦᠰᠡ᠎ᠶ᠋ᠢᠨ ᠬᠥᠭ᠌ᠵᠢᠯᠲᠡ᠎ᠶ᠋ᠢ ᠢᠵᠢᠯ ᠠᠯᠬᠤᠮ᠎ᠢᠶᠠᠷ ᠠᠬᠢᠭᠤᠯᠪᠠ᠃ ᠬᠥᠬᠡᠡᠡᠣᠲᠠ᠎ᠶ᠋ᠢᠨ ᠲᠣᠭᠠᠴᠢᠯᠠᠭ᠍ᠰᠠᠨ ᠠᠵᠤ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠳᠦ ᠪᠠᠢᠷᠢᠯᠠᠵᠤ ᠪᠠᠢᠭ᠎ᠠ ᠬᠥᠬᠡᠡᠡᠣᠲᠠ᠎ᠶ᠋ᠢᠨ ᠠᠵᠤ ᠦᠶ᠋ᠯᠡᠳᠪᠦᠷᠢ᠎ᠶ᠋ᠢᠨ ᠵᠥᠭᠡᠯᠡᠨ ᠲᠣᠨᠣᠭ᠎ᠤᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠲᠥᠪ᠎ᠲᠦ ᠣᠷᠣᠬᠤ᠎ᠳᠤ᠂ ᠮᠡᠷᠭᠡᠵᠢᠯ᠎ᠦᠨ ᠳᠠᠭᠠᠭᠠᠮᠠᠯ ᠹᠧᠩ ᠯᠢ ᠮᠢᠩ ᠶᠠᠭ ᠪᠦᠯᠬᠦᠮ᠎ᠢᠶᠡᠨ ᠳᠠᠭᠠᠭᠤᠯᠤᠨ ᠤᠯᠤᠰ᠎ᠲᠠᠭᠠᠨ ᠦᠶ᠋ᠯᠡᠳᠪᠦᠷᠢᠯᠡᠭ᠌ᠰᠡᠨ ᠠᠵᠤ ᠦᠶ᠋ᠯᠡᠳᠪᠦᠷᠢ᠎ᠶ᠋ᠢᠨ ᠵᠥᠭᠡᠯᠡᠨ ᠲᠣᠨᠣᠭ᠎ᠢ ᠬᠡᠷᠡᠭᠯᠡᠵᠦ᠍᠂ ᠥᠪᠥᠷ ᠮᠣᠩᠭᠣᠯ᠎ᠤᠨ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ ᠲᠠᠯᠠᠪᠤᠷ ᠲᠤ᠌ ᠰᠠᠯᠬᠢᠨ ᠬᠦᠴᠦᠨ᠎ᠤ ᠡᠬᠢ ᠪᠠᠶᠠᠯᠢᠭ᠎ᠤᠨ ᠡᠬᠢ ᠢᠷᠡᠯᠲᠡ ᠵᠢ ᠨᠠᠷᠢᠯᠢᠭ᠍ᠵᠢᠭᠤᠯᠤᠨ ᠦᠨᠡᠯᠡᠨ ᠵᠢᠱ᠌ᠢᠵᠦ ᠥᠭᠬᠦ ᠠᠵᠢᠯ᠎ᠢ ᠦᠷᠨᠢᠭᠦᠯᠵᠦ ᠪᠠᠢᠪᠠ᠃ ᠹᠸᠩ ᠯᠢ ᠮᠢᠩ ᠲᠢᠶᠠᠨᠵᠢᠨ ᠶᠡᠬᠡ ᠰᠤᠷᠭᠠᠭᠤᠯᠢ᠎ᠳᠤ ᠣᠶᠤᠲᠠᠨ ᠠᠰᠫᠢᠷᠠᠨᠲ ᠳ᠋ᠤᠺᠲ᠋ᠤᠷ᠎ᠤᠨ ᠰᠤᠷᠤᠯᠭ᠎ᠠ᠎ᠪᠠᠨ ᠲᠡᠭᠦᠰᠭᠡᠵᠦ᠍᠂ ᠬᠣᠵᠢᠮ ᠨᠢ ᠪᠡᠭᠡᠵᠢᠩ ᠶᠡᠬᠡ ᠰᠤᠷᠭᠠᠭᠤᠯᠢ᠎ᠳᠤ ᠠᠬᠠᠯᠠᠭ᠍ᠴᠢ ᠳ᠋ᠣᠺᠲ᠋ᠣᠷ᠎ᠤᠨ ᠰᠤᠳᠤᠯᠭᠠᠨ ᠬᠢᠵᠦ᠍᠂ 2024 ᠣᠨ᠎ᠳᠤ᠂ ᠠᠵᠤ ᠦᠢᠯᠡᠳᠪᠦᠷᠢ᠎ᠶ᠋ᠢᠨ ᠵᠥᠭᠡᠯᠡᠨ ᠲᠤᠨᠤᠭ᠎ᠢ ᠤᠯᠤᠰ᠎ᠲᠠᠭᠠᠨ ᠦᠢᠯᠡᠳᠪᠦᠷᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ᠂ ᠲᠡᠷᠡ ᠬᠥᠬᠡᠡᠡᠣᠲᠠ᠎ᠳᠤ ᠠᠵᠢᠯᠯᠠᠬᠤ ᠰᠣᠩᠭᠣᠯᠲᠠ ᠬᠢᠪᠡ᠃ 《ᠥᠪᠥᠷ ᠮᠣᠩᠭᠣᠯ ᠠᠵᠤ ᠦᠶ᠋ᠯᠡᠰ᠎ᠦᠨ ᠲᠣᠭᠠᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ ᠬᠡᠷᠡᠭ᠌ᠴᠡᠭᠡ᠎ᠳᠦ ᠰᠠᠭᠤᠷᠢᠯᠠᠨ᠂ ᠳᠡᠭᠡᠳᠦ ᠴᠢᠳᠠᠪᠤᠷᠢᠲᠤ ᠲᠠᠰ᠎ᠤᠨ ᠲᠠᠪᠴᠠᠩ᠎ᠢᠶᠠᠷ ᠠᠴᠢᠶᠠᠯᠠᠪᠤᠷᠢ ᠪᠣᠯᠭᠠᠵᠤ ᠣᠨᠣᠴᠠᠲᠠᠶ᠎ᠪᠠᠷ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠪᠢᠳᠡᠨ᠎ᠦ ᠠᠵᠢᠯ ᠬᠢᠵᠦ᠍ ᠦᠶ᠋ᠯᠡᠰ ᠪᠤᠰᠬᠠᠬᠤ᠎ᠳᠤ ᠥᠷᠭᠡᠨ ᠠᠭᠤᠳᠠᠮ ᠲᠠᠪᠴᠠᠩ ᠬᠠᠩᠭᠠᠪᠠ》᠃ ᠹᠸᠩ ᠯᠢ ᠮᠢᠩ᠂ ᠡᠨᠳᠡ 《ᠰᠤᠳᠤᠯᠤᠨ ᠨᠡᠭᠡᠭᠡᠬᠦ᠌ — ᠬᠡᠷᠡᠭᠯᠡᠬᠦ᠌ — ᠨᠡᠪᠴᠢᠭᠦᠯᠬᠦ᠌》 ᠪᠦᠬᠦ᠌ ᠬᠡᠯᠬᠢᠶᠡᠨ᠎ᠦ ᠱᠢᠨ᠎ᠡ᠎ᠶ᠋ᠢ ᠡᠭᠦᠳᠬᠦ᠌ ᠱᠢᠰᠲᠸᠮ᠎ᠢ ᠪᠠᠢᠭᠤᠯᠵᠤ᠂ ᠢᠵᠢ ᠪᠦᠷᠢᠳᠦᠭᠦᠯᠦᠨ ᠲᠡᠭᠦᠯᠳᠡᠷᠵᠢᠭᠦᠯᠦᠭ᠌ᠰᠡᠨ ᠲᠡᠳᠬᠦᠨ ᠳᠡᠮᠵᠢᠬᠦ᠌ ᠲᠦᠷᠦ᠍᠎ᠶ᠋ᠢᠨ ᠪᠤᠳᠤᠯᠭ᠎ᠠ ᠨᠢ ᠦᠷ᠎ᠡ ᠪᠦᠲᠦᠭᠡᠯ᠎ᠢ ᠣᠨᠳᠣᠣᠱᠢᠭᠤᠯᠬᠤ ᠲᠦᠭ᠌ᠵᠢᠷᠡᠯ᠎ᠢ ᠪᠦᠲᠦᠮᠵᠢᠲᠡᠢ ᠨᠡᠪᠲᠡᠷᠡᠭᠦᠯᠪᠡ᠃

ᠠᠯᠢ ᠤᠯᠠᠨ ᠱᠢᠨ᠎ᠡ ᠰᠣᠷᠭᠣᠭ ᠦᠯᠢᠭᠡᠷ ᠨᠢ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠢᠯᠡᠰ᠎ᠦᠨ ᠪᠣᠭᠣᠮᠲᠠ ᠱᠢᠪᠲᠤᠯᠬᠤ᠎ᠡᠴᠡ ᠬᠦᠴᠦᠯᠡᠨ ᠤᠷᠤᠭ᠍ᠰᠢᠯᠠᠬᠤ ᠪᠤᠯᠤᠭᠰᠠᠨ ᠡᠷᠡᠮᠡᠬᠡᠢᠯᠡᠨ ᠤᠷᠤᠭᠰᠢᠯᠠᠬᠤ ᠵᠠᠮ ᠱᠤᠭᠤᠮ᠎ᠢ ᠬᠣᠯᠪᠣᠭᠰᠠᠨ ᠪᠠᠢᠨ᠎ᠠ᠃

ᠥᠪᠥᠷ ᠮᠣᠩᠭᠣᠯ ᠰᠢᠨ᠎ᠡ᠎ᠶᠢ ᠡᠭᠦᠳᠬᠦ᠎ᠶᠢ ᠠᠩᠬᠠᠷᠬᠤ᠂ ᠰᠢᠨ᠎ᠡ᠎ᠶᠢ ᠡᠭᠦᠳᠬᠦ᠎ᠶᠢ ᠳᠡᠮᠵᠢᠬᠦ᠂ ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠬᠤ ᠨᠡᠩ ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠪᠠ᠃ 2025 ᠣᠨ᠎ᠳᠤ᠂ ᠪᠥᠬᠥ ᠣᠷᠣᠨ᠎ᠤ 13 ᠪᠠᠢᠭᠤᠯᠭ᠎ᠠ ᠨᠢᠭᠡᠴᠢ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠡᠷᠬᠡ ᠣᠯᠭᠣᠬᠤ ᠥᠭᠡᠷᠡᠴᠢᠯᠡᠯᠲᠡ᠎ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ ᠰᠢᠯᠵᠢᠭᠦᠯᠬᠦ ᠪᠠᠢᠭᠤᠯᠤᠮᠵᠢ 116 ᠪᠣᠯᠵᠤ᠂ ᠪᠥᠬᠥ ᠣᠷᠣᠨ᠎ᠤ ᠮᠡᠷᠭᠡᠵᠢᠯ᠎ᠦᠨ ᠭᠡᠷ᠎ᠡ᠎ᠶᠢᠨ ᠠᠷᠠᠯᠵᠢᠶ᠎ᠠ ᠪᠦᠲᠦᠭᠰᠡᠨ ᠲᠣᠭ᠎ᠠ 48%᠎ᠪᠠᠷ ᠨᠡᠮᠡᠭᠳᠡᠪᠡ᠃ ᠲᠦᠷᠦᠭᠦᠦ ᠪᠦᠯᠦᠭ᠎ᠲᠦ 15 ᠤᠬᠠᠭᠳᠠᠬᠤᠨ᠎ᠤ ᠰᠢᠯᠭᠠᠨ ᠪᠠᠲᠤᠯᠠᠬᠤ ᠲᠠᠪᠴᠠᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ ᠵᠢᠨ ᠳᠤᠮᠳᠠᠬᠢ ᠲᠤᠷᠰᠢᠯᠲᠠ᠎ᠶᠢᠨ ᠰᠠᠭᠤᠷᠢᠨ᠂ ᠳᠤᠮᠳᠠᠬᠢ ᠲᠤᠷᠰᠢᠯᠲᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ᠎ᠢ ᠪᠠᠢᠷᠢᠰᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ ᠵᠢᠨ ᠬᠡᠯᠬᠢᠶ᠎ᠡ᠎ᠶᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠪᠡ᠃ ᠣᠷᠣᠨ᠎ᠤ ᠳᠣᠲᠣᠷᠠᠬᠢ 2 ᠬᠥᠮᠥᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠎ᠪᠡᠷ ᠰᠣᠩᠭᠣᠭᠳᠠᠪᠠ; 4 ᠬᠥᠮᠥᠨ ᠤᠯᠤᠰ᠎ᠤᠨ ᠭᠣᠣᠯᠳᠠᠯᠭ᠎ᠠ᠎ᠲᠠᠢ ᠴᠢᠳᠠᠪᠤᠷᠢᠲᠠᠨ᠎ᠤ ᠲᠥᠯᠥᠪᠯᠡᠭᠡ᠎ᠳᠦ ᠰᠣᠩᠭᠣᠭᠳᠠᠪᠠ; ᠠᠺᠠᠳᠧᠮᠢᠴᠢ᠎ᠶᠢᠨ ᠠᠵᠢᠯᠯᠠᠬᠤ ᠦᠷᠳᠡᠭᠡ ᠰᠢᠨ᠎ᠡ᠎ᠪᠡᠷ 10 ᠨᠡᠮᠡᠭᠳᠡᠪᠡ; ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠪᠡᠷ 45 ᠨᠠᠰᠤᠨ᠎ᠡᠴᠡ ᠳᠣᠷᠣᠭ᠍ᠰᠢᠬᠢ ᠵᠠᠯᠠᠭᠤ ᠴᠢᠳᠠᠪᠤᠷᠢᠲᠠᠨ᠎ᠢ 1530 ᠳᠡᠮᠵᠢᠵᠦ᠂ ᠶᠡᠷᠦᠩᠬᠡᠢ ᠲᠣᠭᠲᠠᠭᠠᠭᠰᠠᠨ ᠲᠦᠷᠦᠯ ᠵᠦᠢᠯ᠎ᠦᠨ ᠲᠣᠭᠠᠨ᠎ᠤ 80% ᠵᠢ ᠡᠵᠡᠯᠡᠪᠡ; ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠲᠦᠷᠦᠯ ᠵᠦᠢᠯ᠎ᠦᠨ ᠲᠦᠷᠦᠯ ᠵᠦᠢᠯ᠎ᠢ ᠲᠣᠭᠲᠠᠭᠠᠭᠰᠠᠨ ᠲᠣᠭ᠎ᠠ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃

ᠲᠡᠮᠡᠴᠡᠯ᠎ᠦᠨ ᠢᠷᠠᠭᠤ ᠬᠠᠭᠤᠳᠠᠰᠤ᠎ᠶᠢ ᠪᠣᠳᠠᠲᠠᠢ ᠠᠵᠢᠯᠯᠠᠵᠦ ᠪᠢᠴᠢᠭᠯᠡᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠪᠦᠬᠦ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠹᠷᠣᠨᠲ᠎ᠤᠨ ᠬᠢᠨ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠎ᠲᠠᠢ ᠬᠠᠮᠲᠤᠷᠠᠨ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢ ᠮᠠᠨᠳᠤᠭᠤᠯᠬᠤ》 ᠠᠵᠢᠯᠯᠠᠭ᠎ᠠ᠎ᠶᠢ ᠡᠬᠢᠯᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠨᠢᠭᠡ ᠪᠦᠯᠦᠭ ᠰᠢᠪᠲᠤᠯᠤᠯᠲᠠ᠎ᠶᠢᠨ ᠴᠢᠨᠠᠷᠲᠠᠢ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠭᠲᠠᠭᠠᠵᠤ᠂ ᠲᠦᠷᠪᠡᠨ ᠲᠡᠦᠬᠡᠲᠦ ᠴᠢᠨᠠᠷᠲᠠᠢ ᠰᠢᠪᠲᠤᠯᠤᠯᠲᠠ᠎ᠲᠠᠢ ᠪᠣᠯᠪᠠ ︱

ᠣᠷᠣᠨ ᠪᠦᠰᠡ᠎ᠶᠢᠨ ᠰᠢᠨ᠎ᠡ᠎ᠶᠢ ᠡᠭᠦᠳᠬᠦ ᠴᠢᠳᠠᠪᠤᠷᠢ᠎ᠶᠢᠨ ᠶᠡᠷᠦᠩᠬᠡᠢᠯᠡᠭᠰᠡᠨ ᠨᠡᠷᠡᠰ᠎ᠦᠨ ᠵᠢᠭ᠍ᠰᠠᠭᠠᠯᠲᠠ ᠨᠢ ᠪᠦᠬᠦ ᠤᠯᠤᠰ᠎ᠲᠤ 20 ᠳ᠋ᠤᠭᠠᠷ᠎ᠲᠤ ᠣᠷᠣᠵᠤ᠂ 10 ᠨᠡᠷ᠎ᠡ ᠲᠠᠪᠰᠢᠬ᠍ᠰᠠᠨ ᠲᠡᠦᠬᠡ᠎ᠶᠢᠨ ᠳᠠᠪᠠᠯᠲᠠ᠎ᠶᠢ ᠪᠡᠶᠡᠯᠡᠭᠦᠯᠪᠡ; ᠵᠠᠩ ᠫᠸᠩ ᠵᠢᠦᠢ᠂ ᠯᠦ᠍ ᠵᠠᠨ ᠶᠤᠸᠠᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠎ᠪᠡᠷ ᠰᠣᠩᠭᠣᠭᠳᠠᠵᠤ᠂ ᠲᠤᠰ ᠭᠠᠵᠠᠷ᠎ᠤᠨ ᠠᠺᠠᠳᠧᠮᠢᠴᠢ᠎ᠶᠢ ᠬᠥᠮᠥᠵᠢᠭᠦᠯᠦᠭᠰᠡᠨ 30 ᠵᠢᠯ᠎ᠦᠨ ᠲᠤᠷᠰᠢᠬᠢ ᠴᠢᠬᠤᠯᠠ ᠶᠡᠬᠡ ᠰᠢᠪᠲᠤᠯᠤᠯᠲᠠ᠎ᠶᠢ ᠪᠡᠶᠡᠯᠡᠭᠦᠯᠪᠡ; 2 ᠵᠦᠢᠯ᠎ᠦᠨ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠪᠰᠢᠯᠳᠠ᠎ᠶᠢᠨ ᠬᠣᠶᠠᠳᠤᠭᠠᠷ ᠳᠡᠰ᠎ᠤᠨ ᠱᠠᠩᠨᠠᠯ᠎ᠢ ᠬᠦᠷᠲᠡᠵᠦ᠂ ᠤᠯᠤᠰ᠎ᠤᠨ ᠲᠡᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠱᠠᠩᠨᠠᠯ᠎ᠢ 8 ᠵᠢᠯ᠎ᠦᠨ ᠲᠤᠷᠰᠢ ᠲᠡᠭ᠎ᠤᠨ ᠰᠢᠪᠲᠤᠯᠤᠯᠲᠠ᠎ᠲᠠᠢ ᠪᠣᠯᠭᠠᠪᠠ; ᠮᠡᠷᠭᠡᠵᠢᠯ᠎ᠦᠨ ᠭᠡᠷ᠎ᠡ᠎ᠶᠢᠨ ᠠᠷᠠᠯᠵᠢᠶ᠎ᠠ ᠪᠦᠲᠦᠭᠰᠡᠨ ᠲᠣᠭ᠎ᠠ ᠠᠩᠬ᠎ᠠ ᠤᠳᠠᠭ᠎ᠠ ᠵᠠᠭᠤᠨ ᠳ᠋ᠦᠩᠰᠢᠭᠤᠷ ᠲᠥᠭᠥᠷᠢᠭ᠎ᠦᠨ ᠪᠣᠭᠣᠮᠲᠠ᠎ᠶᠢ ᠳᠠᠪᠠᠵᠤ᠂ 2025 ᠣᠨ᠎ᠳᠤ 122 ᠳ᠋ᠦᠩᠰᠢᠭᠤᠷ ᠲᠥᠭᠥᠷᠢᠭ᠎ᠲᠦ ᠬᠦᠷᠴᠦ᠂ 2021 ᠣᠨ᠎ᠤ ᠬᠢ᠎ᠡᠴᠡ 164.5% ᠪᠡᠷ ᠨᠡᠮᠡᠭᠳᠡᠪᠡ᠃

ᠡᠨᠡ ᠬᠦ᠌ ᠬᠦᠰᠡᠯ ᠲᠡᠮᠡᠤᠯᠤᠯ ᠪᠢᠯᠬᠠᠭᠰᠠᠨ ᠬᠠᠯᠠᠭᠤᠨ ᠬᠥᠷᠥᠰᠥᠨ᠎ᠳᠡᠭᠡᠷ᠎ᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠡᠨᠡ ᠬᠦ᠌ 《ᠵᠠᠩᠭᠢᠯᠠᠭ᠎ᠠ᠎ᠶᠢᠨ ᠬᠤᠪᠢᠰᠤᠯᠲᠠ》 ᠨᠢ ᠶᠠᠭ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ 《ᠬᠠᠮᠤᠭ᠎ᠤᠨ ᠶᠡᠬᠡ ᠨᠡᠮᠡᠭᠳᠡᠯ᠎ᠦᠨ ᠬᠡᠮᠵᠢᠶ᠎ᠡ》 ᠪᠣᠯᠵᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ᠂ ᠥᠪᠥᠷ ᠮᠣᠩᠭᠣᠯ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠥᠭᠡᠷᠡᠴᠢᠯᠡᠯᠲᠡ᠎ᠪᠡᠷ ᠬᠠᠷᠰᠢ ᠰᠠᠭᠠᠳ᠎ᠢ ᠡᠪᠳᠡᠨ᠂ ᠪᠣᠭᠣᠮᠲᠠ ᠰᠢᠪᠲᠤᠯᠬᠤ᠎ᠪᠠᠷ ᠠᠵᠤ ᠦᠢᠯᠡᠰ᠎ᠢ ᠲᠤᠰᠠᠯᠠᠵᠤ᠂ ᠲᠠᠪᠴᠠᠩ᠎ᠢᠶᠠᠷ ᠬᠦᠴᠦᠨ ᠵᠦᠢᠯ᠎ᠢ ᠬᠤᠷᠠᠮᠳᠤᠭᠤᠯᠤᠨ᠂ ᠴᠢᠳᠠᠪᠤᠷᠢᠲᠠᠨ᠎ᠢᠶᠠᠷ ᠰᠠᠭᠤᠷᠢ᠎ᠶᠢ ᠪᠡᠬᠢᠵᠢᠭᠦᠯᠵᠦ᠂ ᠨᠡᠩ ᠤᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠷ᠎ᠡ ᠪᠦᠲᠦᠭᠡᠯ᠎ᠢ ᠭᠠᠷᠭᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠲᠠᠰᠤᠷᠠᠯᠳᠡ ᠦᠭᠡᠢ ᠰᠢᠨ᠎ᠡ᠎ᠶᠢ ᠡᠭᠦᠳᠬᠦ ᠬᠥᠳᠡᠯᠭᠡᠬᠦ ᠬᠦᠴᠦᠨ ᠨᠡᠮᠡᠷᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号