ᠤᠯᠢᠮᠫᠢᠺ᠎ᠤᠨ ᠵᠤᠷᠢᠭ ᠰᠠᠨᠠᠭ᠎ᠠ ᠵᠢ ᠪᠠᠳᠠᠷᠠᠭᠤᠯᠵᠤ ᠠᠵᠢᠯ ᠦᠢᠯᠡᠰ ᠵᠢᠠᠨ ᠠᠬᠢᠭᠤᠯᠬᠤ ᠰᠢᠨ᠎ᠡ ᠬᠠᠭᠤᠳᠠᠰᠤ ᠵᠢ ᠪᠢᠴᠢᠭᠯᠡᠶ᠎ᠡ
2026-03-02 11:30:50
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠦᠨᠳᠦᠷᠯᠡᠭᠰᠡᠨ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠴᠤᠭ᠍ᠯᠠᠭᠠᠨ᠎ᠳᠦ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ ᠡᠷᠡᠮᠡᠭᠡᠢᠯᠡᠨ ᠲᠡᠮᠡᠴᠡᠵᠦ᠍᠂  ᠬᠢᠯᠢ᠎ᠶ᠋ᠢᠨ ᠭᠠᠳᠠᠨᠠᠬᠢ ᠤᠷᠤᠯᠳᠤᠭᠠᠨ᠎ᠳᠤ ᠣᠷᠣᠯᠴᠠᠭ᠍ᠰᠠᠨ ᠲᠡᠦᠬᠡᠨ ᠳᠡᠭᠡᠷᠡᠬᠢ ᠬᠠᠮᠤᠭ᠎ᠤᠨ ᠰᠠᠢᠨ ᠬᠢᠷᠢ ᠪᠦᠲᠦᠮᠵᠢ᠎ᠵᠢ ᠤᠯᠵᠤ᠂ ᠤᠷᠤᠯᠳᠤᠭᠠᠨ᠎ᠤ ᠬᠢᠷᠢ ᠲᠦᠪᠱᠢᠨ ᠪᠠ ᠣᠶᠤᠨ ᠰᠠᠨᠠᠭᠠᠨ᠎ᠤ ᠳᠦᠷᠰᠦ ᠪᠠᠢᠳᠠᠯ᠎ᠤᠨ ᠬᠤᠤᠰ ᠠᠮᠵᠢᠯᠳᠠ ᠵᠢ ᠪᠢᠴᠢᠭᠯᠡᠵᠦ᠂ ᠡᠬᠡ ᠤᠯᠤᠰ᠎ᠲᠤ ᠪᠠᠨ ᠢᠷᠠᠭᠤ ᠠᠯᠳᠠᠷ ᠨᠡᠮᠡᠷᠢᠯᠡᠵᠦ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠴᠣᠭ ᠵᠢᠪᠬᠤᠭ᠎ᠠ᠎ᠶ᠋ᠢ ᠳᠡᠯᠡᠬᠡᠶ ᠳ᠋ᠠᠬᠢᠨ᠎ᠳᠤ ᠭᠠᠢᠬᠠᠭᠤᠯᠤᠭᠰᠠᠨ ᠪᠠᠢᠨ᠎ᠠ᠃ ᠡᠨᠡ ᠬᠦ᠌ ᠬᠢᠯᠡᠯᠵᠠᠭᠰᠠᠨ ᠠᠮᠵᠢᠯᠲᠠ ᠪᠦᠲᠦᠮᠵᠢ ᠪᠣᠯ ᠳᠤᠮᠳᠠᠳᠤ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠲᠠᠪᠠᠯᠳᠠᠳᠤ ᠮᠠᠶᠢᠭ᠎ᠤᠨ ᠬᠥᠭ᠌ᠵᠢᠯᠲᠡ᠎ᠶ᠋ᠢᠨ ᠠᠮᠢᠳᠤᠯᠢᠭ ᠬᠠᠭᠤᠳᠠᠰᠦ ᠪᠣᠯᠬᠤ᠎ᠪᠠᠷ ᠪᠠᠷᠠᠬᠤ ᠦᠬᠡᠢ᠂ ᠨᠡᠩ ᠴᠤ᠌ ᠳᠤᠮᠳᠠᠳᠤ᠎ᠶ᠋ᠢᠨ ᠦᠨᠳᠦᠰᠦᠲᠡᠨ᠎ᠦ ᠢᠲᠡᠭᠡᠯ ᠲᠡᠭᠦᠯᠳᠡᠷ᠎ᠢᠶᠡᠷ ᠥᠪᠡᠷ᠎ᠢ᠎ᠪᠡᠨ ᠬᠦᠴᠦᠷᠬᠡᠭ᠌ᠵᠢᠭᠦᠯᠵᠦ᠍᠂ ᠪᠦᠯᠬᠦᠮᠳᠡᠨ ᠲᠡᠮᠡᠴᠡᠭ᠌ᠰᠡᠨ ᠴᠠᠭ ᠦᠶ᠎ᠡ᠎ᠶ᠋ᠢᠨ ᠵᠢᠷᠤᠭ᠍ᠯᠠᠯ ᠪᠤᠯᠤᠨ᠎ᠠ᠃

ᠱᠢᠯᠢᠳᠡᠭ ᠬᠢᠷᠢ ᠪᠦᠲᠦᠮᠵᠢ᠎ᠶ᠋ᠢ ᠣᠯᠤᠭ᠍ᠰᠠᠨ ᠨᠢ ᠰᠢᠨᠳᠠᠷᠠᠰᠢ ᠦᠭᠡᠢ ᠴᠢᠷᠮᠠᠢᠯᠭ᠎ᠠ᠎ᠳᠦ ᠪᠤᠢ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠬᠢᠯᠡᠭ᠌ᠰᠡᠨ᠎ᠡᠴᠡ ᠤᠳᠤ ᠪᠣᠯᠲᠠᠯ᠎ᠠ᠂ ᠮᠠᠨ᠎ᠤ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠥᠷᠢᠰᠥᠯᠳᠦᠭᠡᠨᠳᠦ ᠤᠷᠤᠯᠳᠤᠭᠠᠨ᠎ᠦ ᠱᠢᠪᠲᠤᠯᠤᠯᠲᠠ᠎ᠠᠴᠠ ᠪᠦᠬᠦ᠌ ᠠᠷᠠᠳ᠎ᠲᠤ ᠲᠦᠭᠡᠮᠡᠯᠵᠢᠬᠦ᠌ ᠂ ᠬᠡᠰᠡᠭ ᠲᠠᠯ᠎ᠠ᠎ᠠᠴᠠ ᠪᠦᠬᠦ᠌ ᠤᠯᠤᠰ᠎ᠲᠤ ᠪᠠᠢᠷᠢᠯᠠᠭᠤᠯᠬᠤ ᠲᠡᠦᠬᠡᠲᠦ ᠴᠢᠨᠠᠷᠲᠠᠢ ᠳᠠᠪᠠᠯᠲᠠ᠎ᠶ᠋ᠢ ᠪᠡᠶᠡᠯᠡᠭᠦᠯᠪᠡ᠃

《ᠭᠤᠷᠪᠠᠨ ᠳ᠋ᠦᠩᠱᠢᠭᠤᠷ ᠬᠥᠮᠦᠨ᠎ᠢ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠭᠤᠯᠬᠤ》 ᠦᠷ᠎ᠡ ᠪᠦᠲᠦᠭᠡᠯ ᠦᠷᠭᠦᠯᠵᠢᠯᠡᠨ ᠪᠡᠬᠢᠵᠢᠵᠦ᠍᠂ ᠮᠥᠰᠥ᠍ ᠴᠠᠰᠤᠨ᠎ᠤ ᠲᠠᠯᠠᠪᠤᠷ ᠲᠠᠰᠤᠷᠠᠯᠲᠠ ᠥᠬᠡᠶ ᠲᠦᠭᠡᠮᠡᠯᠵᠢᠵᠦ᠍᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠲᠤ ᠪᠠᠲᠤ ᠪᠠᠬᠢ ᠣᠯᠠᠨ ᠲᠦᠮᠡᠨ᠎ᠦ ᠰᠠᠭᠤᠷᠢ᠎ᠶ᠋ᠢ ᠲᠠᠯᠪᠢᠵᠤ ᠥᠭ᠌ᠴᠡᠶ᠃ ᠱᠢᠨᠵᠢᠯᠡᠬᠦ᠌ ᠤᠬᠠᠭᠠᠨᠴᠢᠯᠠᠭ᠍ᠰᠠᠨ ᠪᠣᠯᠪᠠᠰᠤᠷᠠᠯ ᠬᠢᠬᠦ᠌᠂ ᠨᠠᠷᠢᠯᠢᠭ᠍ᠵᠢᠭᠤᠯᠤᠨ ᠪᠠᠲᠤᠯᠠᠬᠤ᠂ ᠱᠢᠰᠲ᠋ᠧᠮᠵᠢᠭᠦᠯᠦᠨ ᠪᠡᠯᠡᠳᠭᠡᠬᠦ᠌ ᠨᠢ ᠪᠡᠶ᠎ᠡ᠎ᠶ᠋ᠢᠨ ᠲᠠᠮᠢᠷ᠎ᠤᠨ ᠡᠲᠡᠭᠡᠳ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠪᠠᠲᠤᠯᠠᠭ᠎ᠠ᠎ᠶ᠋ᠢᠨ ᠪᠦᠯᠬᠦᠮ᠎ᠦᠨ ᠬᠠᠮᠲᠤ᠎ᠶ᠋ᠢᠨ ᠣᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ ᠪᠦᠲᠦᠭᠡᠬᠦ᠌ ᠳᠦᠷᠢᠮ᠎ᠦᠨ ᠳᠠᠪᠠᠭᠤᠯᠢᠭ᠎ᠢ ᠢᠯᠡᠷᠡᠭᠦᠯᠪᠡ᠃

《ᠪᠡᠶ᠎ᠡ᠎ᠶ᠋ᠢᠨ ᠲᠠᠮᠢᠷ ᠬᠦᠴᠦᠷᠬᠡᠭᠵᠢᠪᠡᠯ ᠤᠯᠤᠰ ᠤᠷᠤᠨ ᠬᠦᠴᠦᠷᠬᠡᠭ᠌ᠵᠢᠨ᠎ᠡ᠂ ᠤᠯᠤᠰ ᠣᠷᠣᠨ ᠬᠦᠴᠦᠷᠭᠡᠭᠵᠢᠪᠡᠯ ᠪᠡᠶ᠎ᠡ᠎ᠶ᠋ᠢᠨ ᠲᠠᠮᠢᠷ ᠬᠦᠴᠦᠷᠭᠡᠭᠵᠢᠨ᠎ᠡ》᠃ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠴᠤᠭ᠍ᠯᠠᠭᠠᠨ᠎ᠤ ᠰᠠᠢᠨ ᠰᠠᠢᠬᠠᠨ ᠢᠯᠡᠷᠡᠯ᠎ᠨᠢ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠥᠷᠨᠢᠭᠦᠨ ᠪᠠᠳᠠᠷᠠᠩᠭᠤᠶ ᠠᠮᠢᠵᠢᠷᠠᠯ᠎ᠤᠨ ᠬᠦᠴᠦᠨ ᠪᠠ ᠪᠠᠲᠤ ᠴᠢᠩᠭ᠎ᠠ ᠢᠲᠡᠭᠡᠯ ᠵᠣᠷᠢᠭ᠎ᠢ ᠳᠠᠬᠢᠨᠲᠠ ᠭᠡᠷᠡᠴᠢᠯᠡᠪᠡ᠃ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠱᠢᠪᠲᠤᠯᠤᠯᠲᠠ ᠨᠢ ᠱᠠᠩᠨᠠᠯ᠎ᠤᠨ ᠮᠧᠳᠠᠯ ᠪᠣᠯᠤᠨ ᠨᠡᠷᠡᠰ᠎ᠦᠨ ᠳᠠᠷᠠᠭᠠᠯᠠᠯ᠎ᠤᠨ ᠳᠡᠭᠡᠭ᠌ᠰᠢᠯᠡᠯᠲᠡ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠨᠳᠦᠰᠦᠲᠡᠨ᠎ᠦ ᠵᠣᠷᠢᠭ ᠰᠠᠨᠠᠭᠠᠨ᠎ᠤ ᠨᠢᠭ᠍ᠲᠠᠷᠠᠯ᠂ ᠤᠯᠤᠰ᠎ᠤᠨ ᠲᠦᠷᠢ ᠲᠥᠷᠬᠦ᠌᠎ᠶ᠋ᠢᠨ ᠳᠡᠭᠡᠭ᠌ᠰᠢᠯᠡᠯᠲᠡ ᠪᠣᠯᠤᠨ᠎ᠠ᠃ ᠤᠷᠤᠯᠳᠤᠭᠠᠨ᠎ᠤ ᠲᠠᠯᠠᠪᠤᠷ᠎ᠲᠠᠬᠢ ᠤᠳᠠᠭ᠎ᠠ ᠪᠦᠷᠢ᠎ᠶ᠋ᠢᠨ ᠳᠠᠪᠠᠯᠲᠠ ᠨᠢ ᠴᠥᠮ ᠲᠦᠭ ᠲᠦᠮᠡᠨ ᠠᠷᠠᠳ ᠲᠦᠮᠡᠨ᠎ᠦ ᠥᠪᠡᠷ ᠥᠪᠡᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠡᠷᠡᠮᠡᠭᠡᠢᠯᠡᠨ ᠲᠡᠮᠡᠴᠡᠬᠦ ᠡᠷᠴᠢ ᠵᠤᠷᠢᠭ᠎ᠢ  ᠬᠦᠪᠴᠢᠯᠡᠵᠦ᠂ ᠪᠦᠬᠦ᠌ ᠨᠡᠢᠭᠡᠮ᠎ᠦᠨ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠤᠯᠵᠤ ᠪᠤᠢ᠃ ᠮᠥᠰᠥ᠍ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠥᠷᠨᠢᠭᠦᠨ ᠬᠥᠭ᠌ᠵᠢᠯᠲᠡ᠎ᠨᠢ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶ᠋ᠢ ᠠᠬᠢᠭᠤᠯᠬᠤ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠠᠬᠢᠭᠤᠯᠬᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌᠎ᠳᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠨ᠎ᠠ᠃

ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠴᠤᠭ᠍ᠯᠠᠭᠠᠨ᠎ᠳᠦ ᠲᠡᠭᠦᠰ ᠠᠮᠵᠢᠯᠲᠠ ᠣᠯᠤᠭ᠍ᠰᠠᠨ ᠶᠠᠪᠤᠳᠠᠯ ᠪᠣᠯ ᠳᠤᠮᠳᠠᠳᠤ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠱᠢᠨ᠎ᠡ ᠭᠠᠷᠤᠭ᠎ᠠ ᠪᠣᠯᠤᠨ᠎ᠠ᠃  ᠪᠢᠳᠡ ᠡᠪᠦᠯ᠎ᠦᠨ ᠤᠯᠠᠷᠢᠯ᠎ᠤᠨ ᠣᠯᠢᠮᠫᠢᠺ᠎ᠤᠨ ᠴᠤᠭ᠍ᠯᠠᠭᠠᠨ᠎ᠤ ᠲᠠᠮᠢᠷᠴᠢᠳ᠎ᠢᠶᠠᠷ ᠦᠯᠢᠭᠡᠷ ᠳᠠᠭᠤᠷᠢᠶᠠᠯ ᠪᠣᠯᠭᠠᠵᠤ᠂ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ ᠪᠣᠯᠤᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠴᠤᠭ᠍ᠯᠠᠭᠠᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠨᠡᠩ ᠴᠤᠭ ᠪᠠᠳᠠᠷᠠᠩᠭᠤᠢ ᠳᠦᠷᠰᠦ ᠪᠠᠢᠳᠠᠯ᠂ ᠨᠡᠩ ᠦᠨᠡᠨ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠶ᠋ᠢᠨ ᠭᠡᠷᠡᠯ ᠰᠠᠴᠤᠷᠠᠩᠭᠤᠢ ᠬᠠᠭᠤᠳᠠᠰᠤ᠎ᠶ᠋ᠢ ᠲᠠᠰᠤᠷᠠᠯᠳᠠ ᠦᠭᠡᠢ ᠪᠢᠴᠢᠭᠯᠡᠶ᠎ᠡ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号