《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠦᠪᠦᠷ ᠮᠤᠡᠭᠭᠤᠯ᠎ᠤᠨ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠵᠢᠯ ᠳᠤᠮᠳᠠᠴᠢ᠎ᠪᠠᠷ 9.8% ᠪᠡᠷ ᠨᠡᠮᠡᠭ᠌ᠳᠡᠵᠡᠢ
2026-03-02 11:02:02
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠦᠪᠦᠷ ᠮᠤᠡᠭᠭᠤᠯ᠎ᠤᠨ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ  ᠥᠷᠲᠡᠭ  ᠵᠢᠯ  ᠳᠤᠮᠳᠠᠴᠢ᠎ᠪᠠᠷ 9.8% ᠪᠡᠷ ᠨᠡᠮᠡᠭ᠌ᠳᠡᠵᠦ᠍᠂ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠎ᠦᠨ 《ᠭᠤᠤᠯ ᠬᠥᠳᠡᠯᠭᠡᠭᠦᠷ》 ᠪᠣᠯᠵᠣ ᠂ 《ᠭᠤᠷᠪᠠ ᠎ᠶ᠋ᠢ ᠳᠡᠭᠡᠭ᠌ᠰᠢᠯᠡᠭᠦᠯᠬᠦ᠌》 ᠠᠵᠢᠯᠯᠠᠭ᠎ᠠ᠎ᠴᠢᠨᠠᠷ ᠰᠠᠢᠲᠠᠶ ᠬᠥᠭ᠌ᠵᠢᠯᠲᠡ᠎ᠪᠠᠨ ᠪᠠᠳᠤᠯᠠᠪᠠ᠃

ᠦᠶ᠋ᠯᠡᠴᠢᠯᠡᠭᠡᠨ᠎ᠦ ᠠᠭᠤᠯᠤᠭ᠍ᠳᠠᠬᠤᠨ ᠬᠢᠭᠡᠳ ᠲᠤᠰᠭᠠᠶ ᠮᠡᠷᠭᠡᠵᠢᠯ᠎ᠦᠨ  ᠪᠠᠷᠢᠮᠵᠢᠶ᠎ᠠ᠎ᠶ᠋ᠢ   ᠳᠡᠭᠡᠭ᠌ᠰᠢᠯᠡᠭᠦᠯᠬᠦ᠌᠎ᠪᠡᠷ ᠭᠤᠤᠯ ᠪᠣᠯᠭᠠᠵᠤ᠂ ᠶᠠᠰᠤ ᠴᠢᠨᠠᠷ᠎ᠤᠨ ᠬᠠᠮᠢᠶᠠᠷᠤᠯᠲᠠ᠂ ᠪᠠᠷᠢᠮᠵᠢᠶᠠᠵᠢᠭᠤᠯᠤᠨ ᠪᠥᠲᠥᠭᠡᠨ ᠪᠠᠢᠭᠤᠯᠬᠤ᠂ ᠲᠤᠰᠭᠠᠶ ᠠᠱᠢᠭ᠎ᠤᠨ ᠪᠠᠢᠷᠢᠱᠢᠭᠤᠯᠤᠯᠲᠠ ᠵᠡᠷᠭᠡ ᠪᠥᠬᠥ᠌ ᠬᠡᠯᠬᠢᠶ᠎ᠡ᠎ᠶ᠋ᠢ ᠬᠠᠮᠤᠷᠤᠭ᠍ᠰᠠᠨ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠥᠷᠭᠡᠳᠭᠡᠨ᠂ ᠴᠠᠭᠠᠨ ᠢᠳᠡᠭᠡ᠂ ᠢᠮᠠᠭᠠᠨ ᠨᠤᠤᠯᠤᠭᠤᠷ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠠᠵᠢᠯ ᠲᠥᠷᠥᠯ᠎ᠳᠦ ᠴᠢᠭ᠌ᠯᠡᠭᠦᠯᠦᠨ ᠬᠥᠭ᠌ᠵᠢᠯᠲᠡ᠎ᠶ᠋ᠢᠨ ᠲᠥᠰᠦᠯ ᠲᠣᠭ᠍ᠲᠠᠭᠠᠵᠠᠢ᠃ 《ᠰᠦᠯᠵᠢᠶᠡᠨ ᠳᠡᠭᠡᠷᠡᠬᠢ +ᠠᠬᠤᠢ ᠲᠠᠯᠠᠪᠠᠢ 》 ᠠᠭᠤᠰᠤᠯᠴᠠᠭ᠍ᠰᠠᠨ ᠦᠶ᠋ᠯᠡᠴᠢᠯᠡᠭᠡᠨ᠎ᠦ ᠲᠤᠤᠷ ᠰᠦᠯᠵᠢᠶ᠎ᠡ᠎ᠶ᠋ᠢ ᠱᠢᠨ᠎ᠡ᠎ᠪᠡᠷ ᠡᠭᠦᠳᠦᠨ ᠪᠠᠢᠭᠤᠯᠵᠤ ᠂ ᠪᠣᠯᠪᠠᠰᠤᠷᠠᠯ ᠠᠰᠠᠭᠤᠨ ᠯᠠᠪᠯᠠᠯᠳᠡ ᠵᠡᠷᠭᠡ ᠠᠵᠢᠯᠯᠠᠭ᠎ᠠ᠎ᠶ᠋ᠢ ᠨᠡᠢᠲᠡ 1500 ᠭᠠᠷᠤᠶ ᠬᠥᠮᠦᠨ ᠤᠳᠠᠭ᠎ᠠ ᠥᠷᠨᠢᠭᠦᠯᠵᠦ᠍᠂ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠠᠢᠮᠠᠭ ᠬᠣᠲᠠ᠎ᠳᠤ ᠭᠦᠨᠵᠡᠭᠡᠢᠷᠡᠭᠦᠯᠦᠨ 60 ᠭᠠᠷᠤᠶ ᠠᠵᠤ ᠠᠬᠤᠢᠯᠠᠯ᠎ᠢ ᠣᠨᠣᠱᠢᠯᠠᠵᠤ ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠦᠷᠢᠶᠡᠨ᠎ᠳᠡᠬᠢ ᠠᠢᠮᠠᠭ ᠬᠣᠲᠠ᠎ᠶ᠋ᠢ ᠪᠦᠷᠢᠨ ᠪᠦᠷᠬᠦᠭᠦᠯᠵᠠᠢ᠃ ᠠᠢᠮᠠᠭ ᠬᠣᠲᠠ᠎ᠶ᠋ᠢᠨ ᠠᠵᠤ ᠦᠢᠯᠡᠰ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠢ ᠲᠣᠬᠢᠷᠠᠭᠤᠯᠵᠤ᠂ ᠱᠢᠯᠢ᠎ᠶ᠋ᠢᠨ ᠭᠣᠣᠯ ᠠᠢᠮᠠᠭ᠎ᠤᠨ ᠱᠢᠨ᠎ᠡ ᠮᠠᠲ᠋ᠧᠷᠢᠶᠠᠯ᠎ᠤᠨ ᠠᠵᠤ ᠠᠬᠤᠢᠯᠠᠯ᠂ ᠬᠢᠩᠭᠠᠨ ᠠᠢᠮᠠᠭ᠎ᠤᠨ ᠠᠮᠤ ᠲᠣᠰᠣ᠎ᠶ᠋ᠢᠨ ᠠᠵᠤ ᠠᠬᠤᠢᠯᠠᠯ ᠵᠡᠷᠭᠡ᠎ᠳᠦ ᠬᠠᠨᠳᠤᠯᠭᠠᠲᠤ ᠴᠢᠨᠠᠷᠲᠠᠢ ᠦᠢᠯᠡᠴᠢᠯᠡᠭᠡ ᠬᠠᠩᠭᠠᠵᠤ᠂ ᠣᠷᠣᠨ ᠨᠤᠲᠤᠭ᠎ᠤᠨ ᠣᠨᠴᠠᠯᠢᠭ᠍ᠲᠤ ᠠᠵᠤ ᠦᠢᠯᠡᠰ᠎ᠦᠨ ᠳᠡᠰ ᠳᠡᠪᠱᠢᠬᠦ᠌᠎ᠳᠦ ᠬᠦᠴᠦᠨ ᠨᠡᠮᠡᠷᠢᠯᠡᠵᠠᠢ᠃

ᠬᠣᠪᠣᠷ ᠱᠢᠷᠣᠶ᠂ ᠰᠦ᠎ᠶᠢᠨ ᠦᠶ᠋ᠯᠡᠰ᠂ ᠱᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠠᠵᠤ ᠦᠶ᠋ᠯᠡᠰ᠎ᠦᠨ ᠬᠦᠷᠢᠶᠡᠨ᠎ᠳᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠱᠢᠪᠲᠤᠯᠤᠯᠲᠠ》 ᠨᠢ ᠢᠯᠡᠳᠲᠡ ᠦᠷ᠎ᠡ ᠪᠦᠲᠦᠮᠵᠢ ᠣᠯᠵᠤ᠂ ᠬᠡᠰᠡᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠨᠢ ᠤᠯᠤᠰ᠎ᠤᠨ ᠳᠣᠲᠣᠭᠠᠳᠤ᠎ᠶ᠋ᠢᠨ ᠬᠣᠭᠣᠰᠣᠨ ᠎ᠢ ᠨᠥᠬᠥᠪᠥᠷᠢᠯᠡᠵᠦ᠍᠂ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ᠎ᠦᠨ 46 ᠵᠦᠶ᠋ᠯ᠎ᠦᠨ ᠦᠶ᠋ᠯᠡᠳᠬᠦᠨ᠎ᠦ ᠡᠨᠧᠷᠭᠢ᠎ᠶ᠋ᠢᠨ ᠬᠣᠷᠣᠭ᠍ᠳᠠᠯ᠎ᠨᠢ ᠤᠯᠤᠰ᠎ᠤᠨ ᠲᠡᠷᠢᠭᠦᠨ᠎ᠦ ᠬᠡᠮᠵᠢᠭᠳᠡᠯ᠎ᠳᠦ ᠬᠦᠷᠴᠦ᠍᠂ 18 ᠵᠦᠶ᠋ᠯ᠎ᠦᠨ ᠦᠶ᠋ᠯᠡᠳᠬᠦᠨ ᠬᠡᠪ ᠳᠠᠭᠤᠷᠢᠶᠠᠯ᠎ᠤᠨ ᠲᠦᠪᠱᠢᠨ᠎ᠳᠦ ᠬᠦᠷᠴᠦ᠍᠂ ᠪᠣᠬᠢᠷᠲᠤᠯ ᠥᠬᠡᠶ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠥᠷᠲᠡᠭ᠎ᠦᠨ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠥᠷᠲᠡᠭ᠎ᠲᠦ ᠡᠵᠡᠯᠡᠬᠦ᠌ ᠬᠤᠪᠢ᠎ᠶ᠋ᠢᠨ ᠵᠢᠩ᠎ᠨᠢ 28% ᠎ᠳ᠋ᠤ ᠬᠦᠷᠴᠦ᠍᠂ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ 《ᠡᠭᠦᠯᠡᠨ ᠲᠠᠪᠴᠠᠩ᠎ᠳᠤ ᠭᠠᠷᠬᠤ》 ᠨᠣᠷᠮ᠎ᠠ᠎ᠨᠢ 82% ᠎ᠲᠦ ᠬᠦᠷᠴᠦ᠍᠂ ᠠᠵᠤ ᠦᠶ᠋ᠯᠡᠳᠪᠦᠷᠢᠵᠢᠯᠳᠡ ᠪᠠ ᠮᠡᠳᠡᠭᠡ ᠵᠠᠩᠭᠢᠴᠢᠯᠠᠯᠲᠠ᠎ᠶ᠋ᠢ ᠠᠭᠤᠰᠤᠯᠴᠠᠭᠤᠯᠤᠭ᠍ᠰᠠᠨ ᠵᠢᠭᠠᠯᠲᠠ ᠲᠣᠭ᠎ᠠ᠎ᠨᠢ ᠪᠥᠬᠥ᠌ ᠤᠯᠤᠰ᠎ᠲᠤ 19 ᠳ᠋ᠤᠭᠡᠷ᠎ᠲᠦ ᠣᠷᠣᠵᠤ᠂ ᠦᠶ᠋ᠯᠡᠳᠬᠦ ᠦᠢᠯᠡᠰ᠎ᠤᠨ ᠲᠤᠭᠠᠴᠢᠯᠠᠬᠰᠠᠨ ᠪᠦᠬᠦᠯᠢ ᠴᠤᠬᠴᠡ᠎ᠶᠢᠨ ᠬᠡᠮᠵᠢᠶ᠎ᠠ  ᠪᠦᠬᠦ ᠤᠯᠤᠰ᠎ᠤᠨ ᠲᠤᠮᠳᠠ ᠲᠦᠪᠰᠢᠨ᠎ᠳᠤ ᠤᠷᠤᠵᠦ᠂ ᠤᠳᠤᠬᠢᠴᠢᠯᠠᠬᠰᠠᠨ ᠠᠵᠦ ᠦᠢᠯᠡᠰ᠎ᠤᠨ ᠰᠢᠰᠲᠧᠮ᠎ᠢ  ᠲᠦᠷᠭᠡᠳᠬᠡᠨ ᠪᠠᠢᠭᠤᠯᠬᠤ᠎ᠳᠤ ᠪᠠᠳᠤ ᠰᠠᠭᠤᠷᠢ ᠳᠠᠯᠪᠢᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号