2025 ᠣᠨ᠎ᠳᠤ ᠬᠥᠬᠡᠬᠣᠲᠠ ᠪᠣᠭᠣᠮᠲᠠ᠎ᠶ᠋ᠢᠨ ᠬᠢᠨᠠᠨ ᠡᠵᠡᠮᠳᠡᠵᠤ ᠭᠠᠳᠠᠭᠠᠳᠤ᠎ᠳᠤ ᠭᠠᠷᠭᠠᠬᠰᠠᠨ ᠢᠳᠡᠭᠡᠨ 51.88 ᠲᠦᠮᠡᠨ ᠲᠣᠨ᠂ 72.68 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 27.47%᠂ 15.92% ᠵᠢᠡᠷ ᠨᠡᠮᠡᠭ᠌ᠳᠡᠪᠡ᠃
ᠬᠦᠬᠡᠬᠤᠳᠠ ᠪᠤᠭᠤᠮᠳᠠ 《ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠳᠠᠭᠠᠳᠤ ᠭᠠᠷᠭᠠᠯᠲᠠ ᠶ᠋ᠢ ᠳᠡᠮᠵᠢᠬᠦ᠌ ᠭᠤᠷᠪᠠᠨ ᠵᠢᠯ᠎ᠦᠨ ᠲᠤᠰᠭᠠᠶ ᠠᠵᠢᠯᠯᠠᠭ᠎ᠠ᠎ᠶ᠋ᠢᠨ ᠲᠥᠰᠦᠯ》 ᠢ᠋ ᠲᠣᠭ᠍ᠲᠠᠭᠠᠵᠤ᠂ 30 ᠵᠤᠷᠪᠤᠰ ᠬᠠᠨᠳᠤᠯᠭᠠᠲᠤ ᠴᠢᠨᠠᠷᠲᠠᠶ ᠳᠡᠮᠵᠢᠬᠦ᠌ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠦ ᠭᠠᠳᠠᠭᠠᠳᠤ ᠭᠠᠷᠭᠠᠯᠲᠠ᠎ᠳᠤ ᠪᠥᠬᠥ᠌ ᠲᠠᠯ᠎ᠠ᠎ᠪᠠᠷ ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ᠎ᠤ 《ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ》 ᠪᠠᠢᠯᠳᠤᠬᠤ ᠪᠣᠳᠣᠯᠭ᠎ᠠ᠎ᠶ᠋ᠢᠨ ᠲᠣᠭᠣᠷᠢᠨ᠎ᠳᠤ᠂ ᠴᠠᠭᠠᠨ ᠢᠳᠡᠭᠡᠨ᠎ᠦ ᠠᠵᠤ ᠠᠬᠤᠢᠯᠠᠯ᠎ᠲᠠᠶ ᠰᠠᠨᠠᠭᠠᠴᠢᠯᠠᠭ᠎ᠠ ᠡᠴᠡ ᠪᠡᠨ ᠵᠤᠯᠭᠠᠯᠴᠠᠵᠤ᠂ ᠴᠠᠭᠠᠨ ᠢᠳᠡᠭᠡᠨ᠎ᠦ ᠭᠠᠳᠠᠭᠠᠳᠤ ᠭᠠᠷᠭᠠᠯᠲᠠ᠎ᠶ᠋ᠢ ᠠᠬᠢᠭᠤᠯᠬᠤ 7 ᠵᠤᠷᠪᠤᠰ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠠᠵᠤ ᠠᠬᠤᠢᠯᠠᠯ᠎ᠤᠨ ᠱᠢᠨᠡᠵᠠᠬᠠ ᠳᠡᠯᠭᠡᠭᠦᠷ᠎ᠢ ᠨᠡᠭᠡᠭᠡᠨ ᠬᠥᠭ᠌ᠵᠢᠭᠦᠯᠬᠦ᠌᠂ ᠬᠢᠯᠢ᠎ᠶ᠋ᠢᠨ ᠭᠠᠳᠠᠨᠠᠬᠢ ᠬᠠᠤᠯᠢ ᠲᠣᠭ᠍ᠲᠠᠭᠠᠯ᠂ ᠪᠣᠭᠣᠮᠲᠠ᠎ᠪᠠᠷ ᠲᠦᠷᠭᠡᠨ ᠥᠩᠭᠡᠷᠡᠬᠦ᠌᠂ ᠦᠨᠡᠮᠯᠡᠯ᠎ᠦᠨ ᠣᠨᠴᠠᠭᠠᠶ ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ᠌᠎ᠶ᠋ᠢ ᠵᠢᠷᠤᠮᠵᠢᠭᠤᠯᠬᠤ ᠵᠡᠷᠭᠡ ᠲᠠᠯ᠎ᠠ᠎ᠶ᠋ᠢᠨ ᠬᠦᠴᠢᠷᠳᠡᠯ᠎ᠢ ᠱᠢᠶ᠋ᠳᠪᠦᠷᠢᠯᠡᠭᠰᠡᠨ ᠪᠠᠢᠨ᠎ᠠ᠃ ᠬᠦᠬᠡᠬᠤᠳᠠ ᠪᠣᠭᠣᠮᠲᠠ᠎ᠶ᠋ᠢᠨ ᠳᠡᠮᠵᠢᠯᠭᠡ ᠳᠤᠤᠷ᠎ᠠ᠂ ᠮᠸᠩ ᠨᠢᠤ ᠵᠡᠷᠭᠡ 4 ᠰᠦ ᠵᠢᠨ ᠠᠵᠤ ᠠᠬᠤᠢᠯᠠᠯ ᠤᠷᠢᠳ ᠬᠣᠵᠢᠳ ᠬᠢᠯᠢ᠎ᠶ᠋ᠢᠨ ᠭᠠᠳᠠᠨᠠᠬᠢ ᠣᠷᠣᠰ᠂ ᠺᠣᠷᠢᠶᠠ᠎ᠳᠤ ᠠᠯᠪᠠᠨ ᠲᠠᠯ᠎ᠠ᠎ᠶ᠋ᠢᠨ ᠳᠠᠩᠰᠠᠯᠠᠭᠤᠯᠤᠯᠲᠠᠬᠢᠵᠦ᠂ ᠭᠠᠳᠠᠭᠠᠳᠤ᠎ᠳᠤ ᠭᠠᠷᠭᠠᠬᠤ ᠦᠶ᠋ᠯᠡᠳᠬᠦᠨ᠎ᠦ ᠲᠥᠷᠥᠯ ᠵᠦᠶ᠋ᠯ᠎ᠨᠢ ᠲᠠᠩ ᠴᠤᠯᠭᠤᠶ ᠱᠢᠩᠭᠡᠨ ᠲᠦᠯᠦᠪᠲᠦ ᠰᠦ ᠪᠠᠢᠭ᠍ᠰᠠᠨᠡᠴᠠᠪᠠᠨ ᠰᠦᠨ ᠲᠠᠯᠬ᠎ᠠ᠂ ᠪᠢᠱᠢᠯᠠᠭ ᠂ ᠵᠥᠭᠡᠬᠡᠶ ᠵᠡᠷᠭᠡ 12 ᠲᠥᠷᠥᠯ ᠪᠣᠯᠵᠣ᠂ ᠴᠠᠭᠠᠨ ᠢᠳᠡᠭᠡᠨ᠎ᠦ ᠭᠠᠳᠠᠭᠠᠳᠤ᠎ᠳᠤ ᠭᠠᠷᠭᠠᠬᠤ ᠠᠵᠤ ᠠᠬᠤᠢᠯᠠᠯ ᠱᠢᠨ᠎ᠡ᠎ᠪᠡᠷ 3 ᠨᠡᠮᠡᠭ᠌ᠳᠡᠵᠦ᠍᠂ ᠠᠷᠠᠯᠵᠢᠶᠠᠨ᠎ᠤ ᠤᠯᠤᠰ ( ᠭᠠᠵᠠᠷ ᠣᠷᠣᠨ ) 3 ᠶ᠋ᠢ ᠨᠡᠭᠡᠭᠡᠪᠡ᠃ ᠡᠬᠦᠨ ᠡᠴᠡ ᠭᠠᠳᠠᠨ᠎ᠠ᠂ ᠢᠳᠡᠭᠡᠨ᠎ᠦ ᠠᠵᠤ ᠦᠶ᠋ᠯᠡᠰ᠎ᠦᠨ ᠬᠡᠯᠬᠢᠶ᠎ᠡ᠎ᠶ᠋ᠢᠨ ᠭᠤᠤᠯᠳᠠᠯᠭ᠎ᠠ᠎ᠲᠠᠶ AEO ᠲᠡᠭᠡᠳᠤ ᠵᠡᠷᠭᠡ ᠵᠢᠨ ᠬᠡᠷᠡᠴᠢᠯᠠᠯ ᠲᠠᠢ ᠠᠵᠤ ᠠᠬᠤᠢᠯᠠᠯ ᠢ ᠪᠣᠢᠵᠢᠭᠤᠯᠬᠤ ᠬᠥᠮᠥᠷᠭᠡ᠎ᠶ᠋ᠢ ᠪᠠᠢᠭᠤᠯᠵᠤ᠂ ᠠᠵᠤ ᠠᠬᠤᠢᠯᠠᠯ ᠢ ᠲᠤᠰᠠᠯᠠᠬᠤ 《ᠨᠢᠭᠡ ᠦᠶ᠋ᠯᠡᠳᠬᠦᠨ ᠳᠦ ᠨᠢᠭᠡ ᠠᠷᠭ᠎ᠠ ᠪᠣᠳᠣᠯᠭ᠎ᠠ》 ᠶ᠋ᠢ ᠬᠡᠷᠡᠭ᠌ᠵᠢᠭᠦᠯᠦᠨ᠂ ᠭᠠᠳᠠᠭᠠᠳᠤ᠎ᠳᠤ ᠭᠠᠷᠭᠠᠬᠤ ᠢᠳᠡᠭᠡᠨ᠎ᠦ ᠠᠵᠤ ᠠᠬᠤᠢᠯᠠᠯ᠎ᠢ ᠵᠢᠯᠣᠭᠣᠳᠴᠤ᠌ ᠪᠠᠢᠭᠠᠳ ᠶᠠᠰᠤ ᠴᠢᠨᠠᠷ᠎ᠤᠨ ᠠᠮᠤᠷ ᠲᠦᠪᠱᠢᠨ᠎ᠢ ᠡᠵᠡᠮᠳᠡᠬᠦ᠌᠂ ᠬᠢᠵᠢᠭ ᠡᠪᠡᠳᠴᠢᠨ ᠢ ᠰᠡᠷᠭᠡᠢᠯᠡᠨ ᠡᠵᠡᠮᠳᠡᠬᠦ᠌ ᠪᠠ ᠦᠶ᠋ᠯᠡᠳᠬᠦᠨ᠎ᠢ ᠮᠥᠷᠳᠡᠨ ᠦᠢᠯᠠᠭᠠᠬᠤ ᠬᠠᠮᠢᠶᠠᠷᠤᠯᠲᠠ᠎ᠶ᠋ᠢᠨ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠪᠡ᠃
ᠭᠠᠳᠠᠭᠠᠳᠤ᠎ᠳᠤ ᠭᠠᠷᠭᠠᠬᠤ᠎ᠠᠴᠠ ᠡᠮᠦᠨᠡᠬᠢ ᠬᠢᠨᠠᠯᠲᠠ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠲᠤᠬᠠᠶ᠎ᠶ᠋ᠢᠨ ᠲᠠᠯᠠᠪᠤᠷ᠎ᠲᠤ ᠪᠠᠢᠴᠠᠭᠠᠨ ᠱᠢᠯᠭᠠᠬᠤ᠂ ᠥᠯᠢᠭᠡᠷ ᠠᠪᠴᠤ᠌ ᠴᠤᠭ᠍ᠯᠠᠭᠤᠯᠬᠤ᠂ ᠲᠤᠷᠱᠢᠯᠲᠠ᠎ᠶ᠋ᠢᠨ ᠲᠠᠰᠤᠭ᠎ᠲᠤ ᠪᠠᠢᠴᠠᠭᠠᠨ ᠱᠢᠨᠵᠢᠬᠦ᠌ ᠪᠠ ᠦᠨᠡᠮᠯᠡᠯ ᠭᠠᠷᠭᠠᠵᠤ ᠶᠠᠪᠤᠭᠤᠯᠬᠤ᠎ᠶ᠋ᠢ ᠵᠠᠪᠰᠠᠷ ᠥᠬᠡᠶ ᠵᠣᠯᠭᠠᠭᠤᠯᠵᠤ᠂ ᠠᠯᠤᠰᠡᠴᠠ ᠪᠠᠢᠴᠠᠭᠠᠬᠤ ᠪᠠ ᠠᠯᠤᠰᠡᠴᠠ ᠦᠨᠡᠮᠯᠡᠯ ᠭᠠᠷᠭᠠᠬᠤ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ ᠂ ᠭᠠᠳᠠᠭᠠᠳᠤ᠎ᠳᠤ ᠭᠠᠷᠭᠠᠬᠤ ᠢᠳᠡᠭᠡᠨ᠎ᠦ ᠪᠣᠭᠣᠮᠲᠠ᠎ᠪᠠᠷ ᠲᠦᠷᠭᠡᠨ ᠥᠩᠭᠡᠷᠡᠬᠦ᠌᠎ᠶ᠋ᠢ ᠪᠠᠲᠤᠯᠠᠵᠠᠢ᠃