ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ ᠎ᠢ ᠯᠠᠪᠳᠠᠭᠤᠨ ᠪᠠᠲᠤᠲᠠᠶ ᠠᠬᠢᠭᠤᠯᠤᠨ᠎ᠠ
2026-03-02 11:43:11
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 28 ᠎ᠤ᠋ ᠡᠳᠦᠷ᠂  ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ ᠎ᠤ ᠠᠷᠠᠳ ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ 《〈1571〉 ᠠᠵᠢᠯ ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠵᠤ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ》 ᠱᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ᠎ᠤᠨ ᠵᠢᠷᠭᠤᠳᠤᠭᠠᠷ ᠲᠠᠯᠠᠪᠠᠢ ᠬᠤᠷᠠᠯ᠎ᠢ ᠬᠤᠷᠠᠯᠳᠤᠭᠤᠯᠵᠦ᠂  ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ《ᠠᠷᠪᠠᠨ ᠲᠠᠪᠤᠳᠤᠭᠠᠷ ᠲᠠᠪᠤᠨ ᠵᠢᠯ》 ᠤ᠋ᠨ  ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭ᠌ᠵᠢᠬᠦ᠌᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠱᠢᠪᠲᠤᠯᠤᠯᠲᠠ᠎ᠶ᠋ᠢᠨ ᠬᠤᠭᠤᠴᠠᠭ᠎ᠠ ᠪᠣᠯᠤᠨ᠎ᠠ᠂ ᠮᠥᠨ ᠴᠦ᠍ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠂ ᠱᠢᠨ᠎ᠡ ᠵᠠᠮ᠎ᠢ ᠲᠦᠷᠭᠡᠨ ᠵᠢᠡᠷ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠎ᠶ᠋ᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ 《ᠰᠠᠭᠤᠷᠢ ᠰᠤᠳᠤᠯᠭᠠᠨ + ᠮᠡᠷᠭᠡᠵᠢᠯ᠎ᠦᠨ ᠪᠣᠭᠣᠮᠲᠠ ᠱᠢᠪᠲᠤᠯᠤᠯᠲᠠ + ᠦᠷ᠎ᠡ ᠪᠦᠲᠦᠭᠡᠯ᠎ᠢ ᠤᠨᠳᠤᠤᠰᠢᠭᠤᠯᠬᠤ + ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠮᠥᠩᠭᠥᠨ ᠭᠦᠶ᠋ᠯᠭᠡᠭᠡᠨ + ᠴᠢᠳᠠᠪᠤᠷᠢᠲᠠᠨ᠎ᠤ ᠲᠤᠯᠭᠠᠭᠤᠷᠢᠯᠠᠯ》ᠤ᠋ᠨ ᠪᠥᠬᠥ᠌ ᠶᠠᠪᠤᠴᠠ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠲᠦᠷᠭᠡᠳᠭᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠯᠠᠪᠳᠠᠭᠤᠨ ᠪᠠᠲᠤᠲᠠᠶ ᠠᠬᠢᠭᠤᠯᠤᠨ᠎ᠠ ᠭᠡᠵᠦ ᠲᠠᠨᠢᠯᠴᠠᠭᠤᠯᠪᠠ᠃

ᠤᠢᠯᠠᠭᠠᠭᠰᠠᠨ᠎ᠶ᠋ᠢᠡᠷ᠂ ᠨᠡᠨ ᠵᠢᠯ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯ᠎ᠤᠨ ᠲᠠᠯ᠎ᠠ ᠪᠡᠷ ᠭᠤᠤᠯᠳᠠᠭᠤ ᠲᠤᠤᠷᠠᠬᠢ ᠬᠡᠳᠦᠨ ᠲᠠᠯ᠎ᠠ ᠪᠡᠷ  ᠠᠳᠬᠤᠬᠤ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠷᠢᠶ᠎ᠠ ᠵᠢᠨ ᠠᠵᠢᠯ᠎ᠤᠨ ᠪᠠᠢᠷᠢᠯᠠᠭᠤᠯᠤᠯᠲᠠ ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠠᠯᠪᠠᠨ ᠬᠡᠷ᠎ᠦᠨ ᠵᠣᠬᠢᠴᠠᠭᠤᠯᠬᠤ ᠦᠶ᠋ᠯᠡᠳᠦᠯ᠎ᠢ ᠰᠠᠢᠲᠤᠷ ᠪᠠᠳᠠᠷᠠᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠢᠭᠡᠳ ᠡᠳ᠋᠎ᠦᠨ ᠵᠠᠰᠠᠭ ᠭᠠᠢᠯᠢ᠂ ᠮᠥᠩᠭᠥᠨ ᠭᠦᠶ᠋ᠯᠭᠡᠭᠡᠨ᠂ ᠠᠵᠤ ᠦᠶ᠋ᠯᠡᠰ᠂ ᠰᠤᠷᠭᠠᠨ ᠬᠥᠮᠦᠵᠢᠯ᠂ ᠴᠢᠳᠠᠪᠤᠷᠢᠲᠠᠨ᠎ᠤ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢᠨ ᠥᠨᠳᠥᠷ ᠦᠷ᠎ᠡ ᠪᠦᠲᠦᠮᠵᠢᠲᠡᠶ᠎ᠪᠡᠷ ᠬᠠᠮᠵᠢᠯᠴᠠᠬᠤ᠎ᠶ᠋ᠢ ᠠᠬᠢᠭᠤᠯᠵᠤ᠂ ᠲᠥᠯᠥᠪᠵᠢᠭᠦᠯᠭᠡ᠂ ᠲᠥᠷᠥᠯ ᠵᠦᠶ᠋ᠯ᠂ ᠲᠠᠪᠴᠠᠩ᠂ ᠥᠭᠡᠷᠡᠴᠢᠯᠡᠯᠲᠡ ᠵᠡᠷᠭᠡ ᠴᠢᠬᠤᠯᠠ ᠵᠦᠶ᠋ᠯᠡᠰ᠎ᠢ ᠨᠢᠭᠡᠳᠦᠯᠲᠡᠶ ᠲᠥᠯᠥᠪᠯᠡᠬᠦ᠌᠎ᠶ᠋ᠢ ᠴᠢᠩᠭᠠᠷᠠᠭᠤᠯᠤᠨ᠂ ᠲᠣᠰ ᠱᠠᠲᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 90% ᠎ᠶ᠋ᠢᠨ ᠲᠤᠰᠭᠠᠶ ᠪᠠᠯᠠ ᠮᠥᠩᠭᠥ᠎ᠶ᠋ᠢ ᠨᠢᠭᠡᠳᠦᠯᠲᠡᠶ ᠲᠥᠯᠥᠪᠯᠡᠨ ᠴᠢᠬᠤᠯᠠ ᠶᠡᠬᠡ ᠲᠥᠷᠥᠯ ᠵᠦᠶ᠋ᠯ᠂ ᠲᠠᠪᠴᠠᠩ ᠪᠠ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠎ᠶ᠋ᠢ ᠳᠡᠮᠵᠢᠬᠦ᠌᠎ᠳᠦ ᠬᠡᠷᠡᠭ᠌ᠯᠡᠨ᠎ᠡ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠡᠷᠬᠡ ᠰᠡᠳᠦᠪ ᠎ᠢ ᠱᠢᠢᠳᠪᠦᠷᠢᠯᠡᠬᠦ᠌ ᠨᠣᠶᠠᠨ ᠤᠷᠬᠢᠯ᠎ᠳᠤ ᠠᠪᠠᠷᠢᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠣᠳᠣᠬᠢᠴᠢᠯᠠᠭ᠍ᠰᠠᠨ ᠠᠵᠤ ᠦᠢᠯᠡᠰ᠎ᠦᠨ ᠲᠡᠰ ᠳᠡᠪᠱᠢᠬᠦ᠌᠎ᠶ᠋ᠢ ᠲᠤᠯᠭᠠᠭᠤᠷᠢᠯᠠᠨ᠎ᠠ᠃ ᠵᠣᠬᠢᠶᠠᠨ ᠪᠠᠢᠭᠤᠯᠤᠯᠲᠠ᠎ᠲᠠᠶ ᠪᠡᠷ ᠰᠠᠭᠤᠷᠢ ᠰᠤᠳᠤᠯᠭᠠᠨ᠎ᠢ ᠦᠷᠭᠦᠯᠵᠢᠯᠡᠨ ᠥᠷᠨᠢᠭᠦᠯᠵᠦ᠍ ᠂ ᠪᠣᠳᠠᠲᠤ ᠴᠢᠭ᠌ᠯᠡᠯ ᠪᠦᠬᠦᠢ ᠬᠡᠷᠡᠭ᠌ᠯᠡᠭᠡᠨ᠎ᠦ ᠰᠠᠭᠤᠷᠢ ᠰᠤᠳᠤᠯᠭᠠᠨ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠰᠠᠭᠤᠷᠢ ᠰᠤᠳᠤᠯᠭᠠᠨ᠎ᠤ ᠰᠠᠭᠤᠷᠢ᠎ᠶ᠋ᠢ ᠪᠡᠬᠢᠵᠢᠭᠦᠯᠦᠨ᠎ᠡ᠃ 《ᠵᠣᠬᠢᠶᠠᠮᠠᠯ ᠤᠶᠤᠨ ᠴᠢᠳᠠᠪᠤᠷᠢ +》 ᠵᠡᠷᠭᠡ ᠬᠦᠷᠢᠶᠡᠨ᠎ᠳᠡᠬᠢ 《ᠲᠤᠨᠭᠬᠠᠭ ᠨᠡᠢᠲᠡᠯᠡᠨ ᠮᠠᠨᠭᠯᠠᠢᠯᠠᠭᠴᠢ ᠡᠯᠰᠡᠬᠦ》 ᠵᠢ ᠬᠡᠷᠡᠭ᠌ᠵᠢᠭᠦᠯᠵᠦ᠍᠂ ᠱᠢᠨ᠎ᠡ᠎ᠪᠡᠷ ᠮᠠᠨᠳᠤᠭᠰᠠᠨ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠦᠨ᠎ᠡ᠃ ᠠᠮᠢ ᠠᠬᠤᠶ ᠣᠷᠴᠢᠨ ᠲᠣᠭᠣᠷᠢᠨ᠂ ᠬᠥᠮᠦᠨ ᠠᠮᠠ᠎ᠶ᠋ᠢᠨ ᠡᠷᠡᠭᠦᠯ ᠮᠡᠨᠳᠦ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠬᠡᠷᠡᠭ᠌ᠯᠡᠭᠡᠨ᠎ᠢ ᠭᠦᠨᠵᠡᠭᠡᠢᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠠᠷᠠᠳ᠎ᠲᠤ ᠠᠱᠢᠭ ᠬᠦᠷᠲᠡᠭᠡᠬᠦ᠌ ᠲᠦᠪᠱᠢᠨ᠎ᠢ ᠳᠡᠭᠡᠭ᠌ᠰᠢᠯᠡᠭᠦᠯᠦᠨ᠎ᠡ; ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠦᠴᠦᠲᠦ ᠬᠥᠳᠡᠯᠭᠡᠭᠦᠷ᠎ᠢ ᠬᠦᠴᠦᠯᠡᠨ ᠪᠠᠢᠭᠤᠯᠤᠨ᠎ᠠ᠃

ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠦᠨᠡᠨ ᠬᠦ᠌ ᠴᠢᠩᠭᠠᠳᠬᠠᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠴᠢᠨᠠᠷ ᠰᠠᠢᠲᠠᠶ ᠪᠣᠢᠵᠢᠭᠤᠯᠬᠤ ᠭᠤᠷᠪᠠᠨ ᠵᠢᠯ᠎ᠦᠨ ᠠᠵᠢᠯᠯᠠᠭ᠎ᠠ᠎ᠶ᠋ᠢ ᠥᠷᠨᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠤᠨ ᠲᠠᠰ ᠳᠠᠪᠬᠤᠷᠭ᠎ᠠ ᠲᠥᠷᠥᠯ ᠬᠤᠪᠢᠶᠠᠨ ᠪᠣᠢᠵᠢᠭᠤᠯᠬᠤ ᠬᠥᠮᠥᠷᠭᠡ᠎ᠶ᠋ᠢ ᠪᠠᠢᠭᠤᠯᠤᠨ᠂ 《ᠵᠢᠵᠢᠭ ᠠᠵᠤ ᠠᠬᠤᠢᠯᠠᠯ᠎ᠢ ᠪᠣᠢᠵᠢᠭᠤᠯᠬᠤ᠂ ᠥᠨᠳᠥᠷ᠎ᠲᠦ ᠠᠪᠠᠷᠢᠬᠤ᠂ ᠬᠡᠪᠴᠢᠶᠡᠵᠢᠯ᠎ᠢ ᠳᠡᠭᠡᠭ᠌ᠰᠢᠯᠡᠭᠦᠯᠬᠦ᠌᠂ ᠪᠠᠷᠢᠮᠵᠢᠶ᠎ᠠ ᠲᠣᠭ᠍ᠲᠠᠭᠠᠬᠤ 》 ᠪᠥᠬᠥ᠌ ᠦᠶᠡᠯᠡᠯ᠎ᠦᠨ ᠬᠤᠭᠤᠴᠠᠭᠠᠨ᠎ᠤ ᠨᠡᠪᠴᠢᠭᠦᠯᠬᠦ᠌ ᠱᠢᠰᠲ᠋ᠧᠮ᠎ᠢ ᠪᠠᠢᠭᠤᠯᠵᠤ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ ᠪᠠ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠎ᠤᠨ ᠬᠤᠤᠰ ᠴᠢᠭ᠌ᠯᠡᠯ᠎ᠢᠶᠡᠷ ᠤᠯᠠᠷᠢᠭᠤᠯᠬᠤ᠎ᠶ᠋ᠢ ᠠᠬᠢᠭᠤᠯᠤᠨ᠎ᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ᠎ᠶ᠋ᠢ ᠲᠦᠷᠭᠡᠳᠭᠡᠵᠦ᠍᠂ ᠱᠢᠨ᠎ᠡ᠎ᠶ᠋ᠢ ᠡᠭᠦᠳᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠠᠬᠢᠭᠤᠯᠬᠤ ᠠᠵᠢᠯᠯᠠᠭᠠᠨ᠎ᠤ ᠲᠥᠰᠦᠯ᠎ᠢ ᠨᠠᠢᠳᠠᠪᠤᠷᠢᠵᠢᠭᠤᠯᠤᠨ᠂ 《ᠮᠧᠩᠺᠧ ᠵᠢᠦᠢ 》 ᠎ᠶ᠋ᠢ  ᠲᠠᠰ ᠳᠡᠪᠱᠢᠬᠦᠯᠬᠦ  ᠪᠠᠢᠭᠤᠯᠤᠯᠲᠠ᠎ᠶ᠋ᠢ ᠠᠬᠢᠭᠤᠯᠵᠤ᠂  ᠨᠢᠭᠡ ᠪᠦᠯᠦᠭ ᠤᠬᠠᠭ᠍ᠳᠠᠬᠤᠨ᠎ᠢ ᠱᠢᠯᠭᠠᠨ ᠪᠠᠲᠤᠯᠠᠬᠤ᠂ ᠵᠠᠪᠰᠠᠷ᠎ᠤᠨ ᠲᠤᠷᠱᠢᠯᠲᠠ᠎ᠶ᠋ᠢᠨ ᠲᠠᠪᠴᠠᠩ᠎ᠤᠨ ᠰᠠᠭᠤᠷᠢᠨ᠎ᠢ ᠪᠠᠢᠷᠢᠱᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠱᠢᠯᠵᠢᠭᠦᠯᠦᠨ ᠤᠨᠳᠤᠤᠰᠢᠭᠤᠯᠬᠤ ᠵᠢᠱ᠌ᠢᠶ᠎ᠡ ᠦᠵᠡᠭᠦᠯᠬᠦ᠌ ᠣᠷᠣᠨ᠎ᠢ ᠰᠠᠢᠲᠤᠷ ᠪᠥᠲᠥᠭᠡᠨ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢ ᠲᠦᠷᠭᠡᠳᠭᠡᠵᠦ᠍᠂ ᠰᠤᠳᠤᠯᠤᠨ ᠨᠡᠭᠡᠭᠡᠬᠦ᠌᠂ ᠮᠡᠷᠭᠡᠵᠢᠯ᠎ᠢ ᠱᠢᠯᠵᠢᠭᠦᠯᠬᠦ᠌᠂ ᠠᠵᠤ ᠠᠬᠤᠢᠯᠠᠯ᠎ᠢ ᠨᠡᠪᠴᠢᠭᠦᠯᠬᠦ᠌᠂ ᠮᠡᠷᠭᠡᠵᠢᠯ᠎ᠢ ᠳᠡᠯᠭᠡᠷᠡᠭᠦᠯᠬᠦ᠌᠂ ᠪᠠᠢᠴᠠᠭᠠᠨ ᠱᠢᠯᠭᠠᠵᠤ ᠪᠠᠢᠴᠠᠭᠠᠨ ᠱᠢᠨᠵᠢᠬᠦ᠌ ᠵᠡᠷᠭᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠶ᠋ᠯᠡᠴᠢᠯᠡᠭᠡᠨ᠎ᠦ ᠡᠵᠡᠩᠨᠡᠯᠲᠡ᠎ᠶ᠋ᠢᠨ ᠪᠠᠢᠳᠠᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ 《 ᠨᠡᠪᠴᠢᠭᠦᠯᠦᠭᠦᠷ + ᠲᠦᠷᠭᠡᠳᠭᠡᠭᠦᠷ + ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠯᠡᠩ ᠲᠣᠭᠣᠷᠢᠭ 》 ᠎ᠤ᠋ᠨ ᠱᠠᠲᠤᠯᠢᠭ ᠮᠠᠶᠢᠭ᠎ᠤᠨ ᠨᠡᠪᠴᠢᠭᠦᠯᠬᠦ᠌ ᠦᠶ᠋ᠯᠡᠴᠢᠯᠡᠭᠡᠨ ᠎ᠦ ᠱᠢᠰᠲ᠋ᠧᠮ᠎ᠢ᠎ᠲᠡᠭᠦᠯᠳᠡᠷᠵᠢᠭᠦᠯᠵᠦ᠍᠂ ᠮᠡᠷᠭᠡᠵᠢᠯ᠎ᠦᠨ ᠬᠦᠴᠦᠨ ᠵᠦᠶ᠋ᠯ᠎ᠦᠨ ᠵᠠᠬ᠎ᠠ ᠳᠡᠯᠭᠡᠭᠦᠷ ᠎ᠢ ᠲᠦᠷᠭᠡᠳᠭᠡᠨ ᠬᠥᠭ᠌ᠵᠢᠭᠦᠯᠵᠦ᠍᠂ ᠮᠡᠷᠭᠡᠵᠢᠯ᠎ᠦᠨ ᠭᠡᠷ᠎ᠡ᠎ᠶ᠋ᠢᠨ ᠠᠷᠠᠯᠵᠢᠶ᠎ᠠ ᠪᠦᠲᠦᠭ᠌ᠰᠡᠨ ᠲᠣᠭ᠎ᠠ᠎ᠶ᠋ᠢ ᠶᠡᠬᠡ ᠪᠡᠷ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃

ᠨᠡᠭᠡᠭᠡᠯᠲᠡ ᠬᠢᠵᠦ᠍ ᠰᠣᠯᠢᠯᠴᠠᠭ᠎ᠠ ᠬᠠᠮᠲᠤᠷᠠᠯᠴᠠᠭ᠎ᠠ ᠬᠢᠬᠦ᠌᠎ᠶ᠋ᠢ ᠪᠠᠷᠢᠮᠲᠠᠯᠠᠵᠤ᠂ ᠣᠷᠣᠨ ᠪᠦᠰᠡ᠎ᠶ᠋ᠢᠨ ᠬᠠᠮᠵᠢᠯᠴᠠᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠲᠦᠷᠭᠡᠳᠭᠡᠨ ᠳᠡᠭᠡᠭ᠌ᠰᠢᠯᠡᠭᠦᠯᠦᠨ᠎ᠡ᠃ ᠪᠡᠭᠡᠵᠢᠩ ᠥᠪᠥᠷ ᠮᠣᠩᠭᠣᠯ᠎ᠤᠨ ᠪᠥᠬᠥ᠌ ᠲᠠᠯ᠎ᠠ᠎ᠶ᠋ᠢᠨ ᠣᠯᠠᠨ ᠬᠦᠷᠢᠶᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠂ ᠵᠡᠭᠦᠨ ᠬᠣᠢᠲᠤ᠎ᠶ᠋ᠢᠨ ᠭᠤᠷᠪᠠᠨ ᠮᠤᠵᠢ ᠵᠡᠷᠭᠡ ᠭᠠᠵᠠᠷ ᠣᠷᠣᠨ᠎ᠲᠠᠶ ᠭᠦᠨᠵᠡᠭᠡᠶ ᠵᠣᠯᠭᠠᠭᠤᠯᠵᠤ᠂ ᠰᠤᠳᠤᠯᠭᠠᠨ᠎ᠤ ᠬᠦᠷᠢᠶᠡᠯᠡᠩ᠎ᠢ ᠬᠠᠮᠲᠤ᠎ᠪᠠᠷ ᠪᠠᠢᠭᠤᠯᠬᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠠᠭᠤᠷᠢᠨ 》 ᠎ᠢ᠋ ᠴᠣᠭ᠍ᠴᠠᠯᠠᠬᠤ᠂ ᠬᠠᠮᠲᠤᠷᠠᠭ᠍ᠰᠠᠨ ᠲᠤᠰᠭᠠᠶ ᠲᠥᠷᠥᠯ᠎ᠢᠶᠡᠷ ᠭᠠᠷᠳᠠᠴᠠ ᠪᠣᠯᠭᠠᠬᠤ᠎ᠶ᠋ᠢ ᠬᠡᠷᠡᠭ᠌ᠵᠢᠭᠦᠯᠵᠦ᠍᠂ ᠣᠷᠣᠨ ᠪᠦᠰᠡ ᠠᠯᠤᠰᠯᠠᠭ᠍ᠰᠠᠨ ᠬᠠᠮᠲᠤᠷᠠᠯᠴᠠᠭᠠᠨ᠎ᠤ ᠱᠢᠨ᠎ᠡ ᠵᠠᠭ᠍ᠪᠤᠷ᠎ᠢ ᠰᠦᠪᠡᠭ᠌ᠴᠢᠯᠡᠨ᠎ᠡ᠃ 《ᠨᠢᠭᠡ ᠪᠦᠰᠡ ᠨᠢᠭᠡ ᠵᠠᠮ》 ᠎ᠤ᠋ᠨ ᠤᠯᠠᠨ ᠤᠯᠤᠰ᠎ᠯᠤᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂  《 ᠨᠢᠭᠡ ᠪᠦᠰᠡ ᠨᠢᠭᠡ ᠵᠠᠮ 》 ᠎ᠤ᠋ᠨ ᠬᠠᠮᠲᠤᠷᠠᠭ᠍ᠰᠠᠨ ᠲᠤᠷᠱᠢᠯᠲᠠ᠎ᠶ᠋ᠢᠨ ᠲᠠᠰᠤᠭ ᠪᠠ ᠣᠯᠠᠨ ᠤᠯᠤᠰ ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠰᠠᠭᠤᠷᠢᠨ ᠎ᠢ ᠰᠠᠢᠲᠤᠷ ᠪᠠᠢᠭᠤᠯᠵᠤ ᠂ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠠᠮᠲᠤᠷᠠᠯᠴᠠᠭᠠᠨ᠎ᠤ ᠲᠥᠪ᠎ᠦᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠨᠢᠭᠡ ᠪᠦᠯᠦᠭ  ᠱᠢᠨ᠎ᠡ᠎ᠶ᠋ᠢ ᠡᠭᠦᠳᠬᠦ᠌ ᠬᠠᠮᠲᠤᠷᠠᠯᠴᠠᠭᠠᠨ᠎ᠤ ᠠᠴᠢᠶᠠᠯᠠᠪᠤᠷᠢ᠎ᠶ᠋ᠢ ᠪᠣᠢᠵᠢᠭᠤᠯᠵᠤ᠂ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠣᠯᠴᠠᠬᠤ ᠬᠡᠮᠵᠢᠶ᠎ᠡ᠎ᠶ᠋ᠢ ᠲᠦᠷᠭᠡᠳᠭᠡᠨ ᠳᠡᠭᠡᠭ᠌ᠰᠢᠯᠡᠭᠦᠯᠦᠨ᠎ᠡ᠃

ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ ᠂ ᠱᠢᠨ᠎ᠡ᠎ᠶ᠋ᠢ ᠡᠭᠦᠳᠬᠦ᠌ ᠰᠦᠷ ᠬᠦᠴᠦᠨ᠎ᠢ ᠲᠠᠰᠤᠷᠠᠯᠲᠠ ᠥᠬᠡᠶ ᠬᠤᠷᠠᠮᠳᠤᠭᠤᠯᠤᠨ᠎ᠠ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠬᠤ ᠥᠭᠡᠷᠡᠴᠢᠯᠡᠯᠲᠡ᠎ᠶ᠋ᠢ ᠠᠬᠢᠭᠤᠯᠵᠤ᠂ ᠲᠥᠯᠥᠪᠵᠢᠭᠦᠯᠭᠡ᠎ᠶ᠋ᠢ ᠵᠣᠯᠭᠠᠭᠤᠯᠬᠤ᠂ ᠲᠥᠷᠥ᠎ᠶ᠋ᠢᠨ ᠪᠣᠳᠣᠯᠭ᠎ᠠ᠎ᠶ᠋ᠢ ᠵᠣᠬᠢᠴᠠᠭᠤᠯᠬᠤ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ᠌᠂ ᠦᠨᠡᠯᠡᠬᠦ᠌᠎ᠶ᠋ᠢ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠷᠥᠯ ᠵᠦᠶ᠋ᠯ ᠪᠣᠯᠤᠨ ᠱᠢᠨ᠎ᠡ᠎ᠶ᠋ᠢ ᠡᠭᠦᠳᠬᠦ᠌ ᠲᠠᠪᠴᠠᠩ᠎ᠢᠶᠠᠷ ᠵᠢᠯᠣᠭᠣᠳᠤᠮᠵᠢ ᠪᠣᠯᠭᠠᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠬᠤ ᠬᠥᠭ᠌ᠵᠢᠯᠲᠡ᠂ ᠰᠠᠢᠨ ᠣᠷᠴᠢᠯ᠎ᠢ ᠠᠬᠢᠭᠤᠯᠤᠨ᠎ᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠶᠡᠬᠡ ᠳᠡᠭᠡᠳᠦ ᠰᠤᠷᠭᠠᠭᠤᠯᠢ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ᠎ᠤᠨ ᠴᠢᠳᠠᠪᠤᠷᠢᠲᠠᠨ᠎ᠤ ᠰᠣᠯᠢᠯᠴᠠᠭᠠᠨ᠎ᠤ ᠵᠠᠮ᠎ᠢ ᠱᠢᠯᠤᠭᠤᠳᠭᠠᠨ᠎ᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠠᠮᠢᠶᠠᠷᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠥᠨᠳᠥᠷ ᠲᠦᠪᠱᠢᠨ ᠪᠦᠬᠦᠢ ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢ ᠪᠤᠢ ᠪᠣᠯᠭᠠᠵᠤ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠶᠡᠬᠡ᠎ᠪᠡᠷ ᠠᠳᠭᠤᠬᠤ ᠰᠠᠢ᠌ᠨ ᠰᠠᠢᠬᠠᠨ ᠪᠠᠢᠳᠠᠯ᠎ᠢ ᠪᠤᠢ ᠪᠣᠯᠭᠠᠨ᠎ᠠ᠃ 《1 + 7 + N》 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠂ 《ᠶᠡᠬᠡ ᠳᠡᠭᠡᠳᠦ ᠰᠤᠷᠭᠠᠭᠤᠯᠢ᠎ᠳᠤ ᠣᠷᠣᠭᠤᠯᠬᠤ᠂ ᠬᠦᠷᠢᠶᠡᠯᠡᠩ᠎ᠭᠠᠵᠠᠷ᠎ᠲᠤ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠬᠦᠷᠢᠶᠡᠯᠡᠩ ᠲᠣᠭᠣᠷᠢᠭ᠎ᠲᠤ ᠣᠷᠣᠭᠤᠯᠬᠤ᠂ ᠠᠢᠮᠠᠭ ᠬᠣᠲᠠ᠎ᠳᠤ ᠣᠷᠣᠭᠤᠯᠬᠤ 》 ᠪᠤᠳᠠᠳᠤ ᠴᠤᠭᠴᠠ᠂ ᠰᠦᠯᠵᠢᠶᠡᠨ ᠳᠡᠭᠡᠷᠡᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠥᠷᠨᠢᠭᠦᠯᠵᠦ᠍ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠤᠷᠤᠯᠳᠤᠭᠠᠨ᠎ᠢ ᠡᠷᠭᠢᠯᠡᠨ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠬᠤ ᠬᠡᠮᠵᠢᠶ᠎ᠡ ᠪᠠ ᠬᠡᠷᠡᠭ᠌ᠯᠡᠬᠦ᠌ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠮᠥᠩᠭᠥᠨ ᠭᠦᠶ᠋ᠯᠭᠡᠭᠡᠨ᠎ᠦ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠤᠨ ᠪᠥᠬᠥ᠌ ᠠᠮᠢ ᠨᠠᠰᠤᠨ᠎ᠤ ᠦᠶᠡᠯᠡᠯ ᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠥᠬᠥ᠌ ᠬᠡᠯᠬᠢᠶ᠎ᠡ᠎ᠶ᠋ᠢ ᠬᠠᠮᠤᠷᠤᠭ᠍ᠰᠠᠨ ᠱᠢᠨᠵᠢᠯᠡᠬᠦ᠌ ᠤᠬᠠᠭᠠᠨ ᠲᠸᠭᠨᠢᠭ  ᠮᠡᠷᠭᠡᠵᠢᠯ᠎ᠦᠨ ᠮᠥᠩᠭᠥᠨ ᠭᠦᠶ᠋ᠯᠭᠡᠭᠡᠨ᠎ᠦ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠨᠠᠩ ᠣᠯᠠᠨ ᠨᠡᠢᠭᠡᠮ᠎ᠦᠨ ᠬᠥᠷᠥᠩᠭᠡ᠎ᠶ᠋ᠢ ᠬᠥᠲᠥᠯᠦᠨ ᠵᠢᠯᠣᠭᠣᠳᠴᠤ᠌ ᠪᠠᠢᠭᠠᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠳᠤ ᠪᠠᠯᠠ ᠣᠷᠣᠭᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠵᠠᠰᠠᠬ᠎ᠤᠨ ᠠᠵᠢᠯ᠎ᠤᠨ ᠪᠦᠳᠦᠮᠵᠢ᠎ᠶ᠋ᠢᠨ  ᠵᠦᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠵᠣᠷᠢᠭ᠍ᠲᠠᠢ᠎ᠪᠠᠷ ᠤᠷᠤᠭ᠍ᠰᠢᠯᠠᠨ ᠲᠠᠪᠱᠢᠵᠤ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号