ᠤᠢᠷ᠎ᠠ ᠵᠢᠨ ᠡᠳᠦᠷ᠂ 《ᠨᠠᠷᠠᠨ ᠬᠡᠷᠡᠯ ᠲᠤᠤᠷᠠᠬᠢ ᠬᠠᠮᠠᠭᠠᠯᠠᠯᠳᠠ》 ᠦᠪᠦᠷ ᠮᠤᠩᠭᠤᠯ ᠤ᠋ᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠵᠢᠷᠭᠤᠳᠠᠬᠢ ᠲᠤᠮᠳᠠᠳᠤ ᠤᠯᠤᠰ ᠤ᠋ᠨ ᠠᠷᠠᠳ ᠤ᠋ᠨ ᠴᠠᠬᠳᠠᠭ᠎ᠠ ᠵᠢᠨ ᠪᠠᠶᠠᠷ ᠢ ᠪᠡᠯᠭᠡᠯᠡᠬᠦ ᠭᠤᠤᠯ ᠰᠡᠳᠦᠪᠳᠦ ᠤᠬᠠᠭᠤᠯᠭ᠎ᠠ ᠵᠢᠨ ᠠᠵᠢᠯᠯᠠᠭ᠎ᠠ ᠵᠢᠴᠢ ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ 《ᠬᠠᠮᠤᠬ ᠤ᠋ᠨ ᠭᠤᠶᠤ ᠦᠨᠳᠦᠰᠦᠨ ᠱᠠᠳᠤᠨ ᠤ᠋ ᠠᠷᠠᠳ ᠤ᠋ᠨ ᠴᠠᠬᠳᠠᠭ᠎ᠠ》 ᠵᠢ ᠨᠡᠢᠳᠡᠯᠡᠬᠦ ᠶᠤᠰᠤᠯᠠᠯ ᠬᠦᠬᠡᠬᠤᠳᠠ ᠳ᠋ᠸ᠋ ᠶᠠᠪᠤᠬᠳᠠᠵᠠᠢ᠃
ᠠᠵᠢᠯᠯᠠᠭ᠎ᠠ ᠵᠢᠨ ᠠᠬᠤᠢ ᠲᠠᠯᠠᠪᠠᠢ ᠳ᠋ᠸ᠋᠂ 2025 ᠤᠨ ᠤ᠋ ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ 《ᠬᠠᠮᠤᠬ ᠤ᠋ᠨ ᠭᠤᠶᠤ ᠦᠨᠳᠦᠰᠦᠨ ᠱᠠᠳᠤᠨ ᠤ᠋ ᠠᠷᠠᠳ ᠤ᠋ᠨ ᠴᠠᠬᠳᠠᠭ᠎ᠠ》 ᠵᠢᠨ ᠨᠡᠷᠡᠰᠢ ᠨᠡᠢᠳᠡᠯᠡᠵᠦ᠂ ᠰᠦᠩ ᠴᠸᠩ ᠵᠢᠶᠸ᠂ ᠺᠦᠩ ᠷᠦᠢ ᠹᠸᠩ᠂ ᠰᠢᠦᠢ ᠶᠤᠤ ᠴᠢᠶᠠᠩ᠂ ᠽᠦᠸᠸ ᠬᠤᠩ ᠢ᠂ ᠺᠠᠩ ᠵᠸᠨ ᠢᠦᠢ᠂ ᠭᠦᠸᠸ ᠬᠤᠩ ᠪᠢᠨ᠂ ᠵᠢᠨ ᠯᠢ ᠫᠢᠩ᠂ ᠭᠤᠸᠠᠨ ᠵᠢᠶᠠᠨ ᠹᠦ᠋᠂ ᠮᠸᠩ ᠹᠠᠨ ᠵᠢᠶᠦ᠋ᠨ᠂ ᠯᠦᠸᠸ ᠯᠦᠩ᠂ ᠵᠢᠷᠠᠨᠳᠠᠢ᠂ ᠯᠢ ᠲᠢᠩ᠂ ᠴᠸᠨ ᠶᠦᠩ ᠬᠤᠩ᠂ ᠸᠠᠩ ᠵᠤᠤ ᠮᠢᠶᠤᠤ᠂ ᠯᠢ ᠶᠦᠩ ᠱᠸᠩ᠂ ᠡᠾᠸ ᠵᠢᠶᠦ᠋ᠨ ᠪᠢᠶᠤᠤ᠂ ᠬᠠᠳᠠ᠂ ᠯᠢᠦ ᠪᠦᠸᠸ᠂ ᠯᠢ ᠸᠸᠨ ᠨᠠ᠂ ᠰᠢᠦᠢ ᠯᠢᠨ ᠵᠡᠷᠬᠡ 20 ᠬᠦᠮᠦᠨ ᠰᠤᠩᠭᠤᠬᠳᠠᠪᠠ᠃ ᠲᠡᠳᠡ ᠨᠠᠷ ᠤ᠋ᠨ ᠲᠤᠮᠳᠠ᠂ ᠠᠷᠠᠳ ᠤᠯᠠᠨ ᠢ ᠰᠡᠳᠬᠢᠯ ᠳ᠋ᠡᠬᠡᠨ ᠪᠤᠳᠤᠵᠤ᠂ ᠦᠨᠳᠦᠰᠦᠨ ᠱᠠᠳᠤᠨ ᠳ᠋ᠸ᠋ ᠦᠨᠳᠦᠰᠦ ᠬᠠᠳᠬᠤᠵᠤ᠂ ᠦᠨᠡᠨ ᠰᠡᠳᠬᠢᠯ ᠵᠢᠡᠷ ᠵᠦᠷᠢᠴᠡᠯ ᠵᠠᠭᠤᠷᠠᠯᠳᠤᠭᠠᠨ ᠢ ᠰᠢᠢᠳᠪᠦᠷᠢᠯᠡᠭᠰᠡᠨ ᠤᠯᠠᠨ ᠲᠦᠮᠡᠨ ᠤ᠋ ᠰᠡᠳᠬᠢᠯ ᠤ᠋ᠨ ᠬᠦᠮᠦᠨ ᠪᠤᠢ; ᠠᠶᠤᠯ ᠲᠦᠭᠰᠢᠬᠦᠷᠢ ᠵᠢ ᠰᠦᠷᠦᠨ ᠠᠵᠢᠯᠯᠠᠵᠤ᠂ ᠶᠠᠯᠠᠳᠤ ᠠᠵᠢᠯᠯᠠᠭ᠎ᠠ ᠳ᠋ᠸ᠋ ᠴᠤᠬᠢᠯᠳᠠ ᠦᠭᠬᠦ ᠬᠠᠮᠤᠬ ᠤ᠋ᠨ ᠡᠮᠦᠨ᠎ᠡ ᠡᠩᠨᠡᠬᠡᠨ ᠳ᠋ᠸ᠋ ᠭᠠᠪᠰᠢᠭᠠᠢᠯᠠᠵᠤ ᠪᠠᠢᠭ᠎ᠠ ᠬᠦᠮᠦᠰ ᠪᠤᠢ;ᠤᠯᠠᠨ ᠵᠢᠯ ᠢ ᠨᠢᠬᠡ ᠡᠳᠦᠷ ᠮᠡᠳᠦ ᠪᠡᠷ ᠦᠩᠬᠡᠷᠡᠬᠦᠯᠵᠦ᠂ ᠰᠢᠷᠭᠠᠭᠤ ᠬᠦᠳᠡᠯᠮᠦᠷᠢ ᠪᠠ ᠬᠦᠴᠦ ᠬᠦᠯᠦᠰᠦ ᠪᠡᠷ ᠵᠢᠡᠨ ᠠᠷᠠᠳ ᠤᠯᠠᠨ ᠤ᠋ ᠠᠮᠤᠷ ᠲᠦᠪᠰᠢᠨ ᠢ ᠬᠠᠮᠠᠭᠠᠯᠠᠵᠤ ᠪᠠᠢᠭ᠎ᠠ ᠠᠮᠤᠷ ᠠᠮᠤᠭᠤᠯᠠᠩ ᠤ᠋ᠨ ᠬᠠᠮᠠᠭᠠᠯᠠᠬᠴᠢ ᠪᠤᠢ;ᠰᠢᠷᠭᠠᠭᠤ ᠬᠠᠳᠠᠭᠤᠵᠢᠯᠳᠠᠢ ᠮᠠᠬᠠᠷᠠᠨ ᠴᠢᠷᠮᠠᠢᠵᠤ᠂ ᠦᠨᠳᠦᠷ ᠤᠷᠬᠢᠯ ᠳ᠋ᠸ᠋ ᠵᠤᠷᠢᠬᠳᠠᠢ ᠠᠪᠠᠷᠢᠨ᠂ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠤ᠋ᠨ ᠬᠦᠴᠦᠨ ᠵᠢᠡᠷ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠰᠢᠨ᠎ᠡ ᠴᠢᠨᠠᠷ ᠤ᠋ᠨ ᠲᠠᠢᠴᠢᠨ ᠬᠦᠴᠦᠨ ᠢ ᠬᠦᠭᠵᠢᠭᠡᠭᠰᠡᠨ ᠰᠢᠨ᠎ᠡ ᠵᠢ ᠡᠬᠦᠳᠦᠭᠰᠡᠨ ᠤᠷᠠᠨ ᠲᠠᠷᠬᠠᠳ ᠪᠤᠢ ᠁ ᠲᠡᠳᠡ ᠨᠠᠷ ᠡᠬᠡᠯ ᠵᠢᠷ ᠤ᠋ᠨ ᠠᠵᠢᠯ ᠤ᠋ᠨ ᠪᠠᠢᠷᠢ ᠲᠡᠭᠡᠷ᠎ᠡ ᠪᠡᠨ ᠦᠬᠡ ᠲᠠᠭᠤ ᠦᠬᠡᠢ ᠠᠵᠢᠯᠯᠠᠵᠤ᠂ ᠬᠠᠯᠠᠭᠤᠨ ᠰᠡᠳᠬᠢᠯᠬᠡ ᠪᠡᠷ ᠦᠨᠡᠨᠴᠢ ᠰᠢᠳᠤᠷᠭᠤ ᠵᠢ ᠪᠢᠴᠢᠭᠯᠡᠵᠦ᠂ ᠠᠮᠢ ᠨᠠᠰᠤ ᠪᠡᠷ ᠵᠢᠡᠨ ᠠᠮᠤᠷ ᠠᠮᠤᠭᠤᠯᠠᠩ ᠢ ᠬᠠᠮᠠᠭᠠᠯᠠᠵᠤ᠂ ᠰᠢᠨ᠎ᠡ ᠴᠠᠬ ᠦᠶ᠎ᠡ ᠵᠢᠨ ᠦᠪᠦᠷ ᠮᠤᠩᠭᠤᠯ ᠤ᠋ᠨ ᠲᠤᠳᠤᠭᠠᠳᠤ ᠵᠢ ᠬᠠᠮᠠᠭᠠᠯᠠᠬᠤ ᠭᠠᠪᠰᠢᠭᠠᠢ ᠴᠡᠷᠢᠭ ᠤ᠋ᠨ ᠰᠠᠢᠨ ᠰᠠᠢᠬᠠᠨ ᠲᠦᠷᠢ ᠲᠦᠷᠬᠦ ᠵᠢ ᠬᠦᠢᠴᠡᠳ ᠢᠯᠡᠷᠡᠬᠦᠯᠵᠡᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号