ᠦᠪᠦᠷ ᠮᠤᠩᠭᠤᠯ᠎ᠤᠨ ᠰᠢᠭᠦᠬᠦ ᠬᠣᠷᠢᠶᠠᠨ᠎ᠤ ᠠᠷᠠᠳ᠎ᠤᠨ ᠬᠠᠪᠰᠤᠷᠤᠨ ᠰᠢᠭᠦᠭᠴᠢ᠎ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠠᠢ
2026-03-02 11:10:10
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

 2018 ᠣᠨ᠎ᠳᠤ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠬᠠᠪᠰᠤᠷᠤᠨ ᠰᠢᠭᠦᠭᠴᠢ᠎ᠶᠢᠨ ᠬᠠᠤᠯᠢ》 ᠵᠢ ᠬᠡᠷᠡᠭᠵᠢᠭᠦᠯᠦᠭᠰᠡᠨ᠎ᠡᠴᠡ ᠨᠠᠭᠠᠰᠢ᠂  ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠠᠷᠠᠳ᠎ᠤᠨ ᠬᠠᠪᠰᠤᠷᠤᠨ ᠰᠢᠭᠦᠭᠴᠢ᠎ᠶᠢ ᠰᠣᠩᠭᠣᠨ ᠲᠣᠮᠢᠯᠠᠬᠤ᠂ ᠬᠠᠮᠢᠶᠠᠷᠬᠤ ᠪᠠ ᠪᠠᠲᠤᠯᠠᠬᠤ ᠠᠵᠢᠯ᠎ᠤᠨ ᠲᠣᠭᠲᠠᠴᠠ᠎ᠶᠢ ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠠᠷᠠᠳ᠎ᠤᠨ ᠬᠠᠪᠰᠤᠷᠤᠨ ᠰᠢᠭᠦᠭᠴᠢ᠎ᠶᠢᠨ ᠰᠢᠭᠦᠨ ᠲᠠᠰᠤᠯᠬᠤ᠎ᠳᠤ ᠣᠷᠣᠯᠴᠠᠬᠤ᠂ ᠤᠯᠠᠨ ᠲᠦᠮᠡᠨ᠎ᠳᠦ ᠦᠢᠯᠡᠴᠢᠯᠡᠬᠦ᠂ ᠠᠷᠠᠳ᠎ᠤᠨ ᠰᠠᠨᠠᠭ᠎ᠠ᠎ᠶᠢ ᠰᠣᠨᠣᠰᠬᠤ᠂ ᠬᠠᠤᠯᠢ ᠬᠡᠷᠡᠭᠵᠢᠬᠦᠯᠬᠦ᠎ᠳᠤ ᠬᠢᠨᠠᠯᠲᠠ ᠲᠠᠯᠪᠢᠬᠤ ᠵᠡᠷᠭᠡ ᠲᠠᠯ᠎ᠠ᠎ᠪᠠᠷ ᠬᠢ ᠴᠢᠬᠤᠯᠠ ᠦᠢᠯᠡᠳᠦᠯ᠎ᠢ ᠪᠠᠳᠠᠷᠠᠭᠤᠯᠵᠤ᠂ ᠠᠷᠠᠳ᠎ᠤᠨ ᠬᠠᠪᠰᠤᠷᠤᠨ ᠰᠢᠭᠦᠭᠴᠢ᠎ᠶᠢᠨ ᠠᠵᠢᠯ᠎ᠢ ᠰᠢᠭᠦᠬᠦ ᠬᠣᠷᠢᠶᠠᠨ᠎ᠤ ᠠᠷᠠᠳ ᠤᠯᠠᠨ᠎ᠲᠠᠢ ᠬᠠᠷᠢᠯᠴᠠᠬᠤ ᠪᠦᠲᠦᠮᠵᠢᠲᠡᠶ ᠬᠣᠯᠪᠣᠭᠠᠰᠤ ᠪᠣᠯᠭᠠᠵᠦ᠂ ᠠᠷᠠᠳ᠎ᠤᠨ ᠬᠠᠪᠰᠤᠷᠤᠨ ᠰᠢᠭᠦᠭᠴᠢ ᠢ᠋ᠢᠨ ᠠᠵᠢᠯ  ᠢᠯᠡᠳᠲᠡ ᠦᠷ᠎ᠡ ᠪᠦᠲᠦᠮᠵᠢ ᠤᠯᠪᠠ᠃

ᠰᠤᠩᠭᠤᠨ ᠲᠤᠮᠢᠯᠠᠬᠤ ᠲᠠᠯ᠎ᠠ ᠪᠡᠷ᠂ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠬᠠᠤᠯᠢ ᠴᠠᠭᠠᠵᠠ᠎ᠶᠢᠨ ᠲᠢᠩᠬᠢᠮ᠂ ᠳᠣᠲᠣᠭᠠᠳᠤ᠎ᠶᠢ ᠬᠠᠮᠠᠭᠠᠯᠠᠬᠤ ᠲᠢᠩᠬᠢᠮ ᠲᠠᠢ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠠᠪᠰᠤᠷᠤᠨ ᠰᠢᠭᠦᠭᠴᠢ᠎ᠶᠢᠨ ᠬᠤᠭᠤᠴᠠᠭ᠎ᠠ ᠰᠣᠯᠢᠵᠤ ᠰᠣᠩᠭᠣᠨ ᠲᠣᠮᠢᠯᠠᠬᠤ ᠠᠵᠢᠯ᠎ᠤᠨ ᠲᠥᠰᠥᠯ 》 ᠢ᠋ ᠳᠠᠷᠤᠮᠠᠯᠯᠠᠨ ᠲᠠᠷᠬᠠᠭᠠᠵᠤ᠂ ᠡᠷᠬᠡ ᠲᠡᠭᠰᠢ᠂ ᠲᠥᠪ ᠭᠣᠣᠯᠴᠢ᠂ ᠢᠯᠡ ᠲᠣᠳᠣ᠌ ᠪᠠᠢᠬᠤ ᠵᠠᠷᠴᠢᠮ᠎ᠢ ᠪᠠᠷᠢᠮᠲᠠᠯᠠᠵᠤ᠂ ᠲᠣᠬᠢᠶᠠᠯᠳᠤᠯ᠎ᠢᠶᠠᠷ ᠰᠣᠩᠭᠣᠬᠤ᠎ᠪᠠᠷ ᠭᠣᠣᠯ ᠬᠡᠯᠪᠡᠷᠢ ᠪᠣᠯᠭᠠᠵᠦ᠂ ᠠᠷᠠᠳ᠎ᠤᠨ ᠬᠠᠪᠰᠤᠷᠤᠨ ᠰᠢᠭᠦᠭᠴᠢ᠎ᠶᠢ 10525 ᠬᠥᠮᠥᠨ ᠰᠣᠩᠭᠣᠨ ᠲᠣᠮᠢᠯᠠᠵᠤ᠂ ᠨᠠᠮ ᠵᠠᠰᠠᠭ᠎ᠤᠨ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠠᠵᠢᠯᠴᠢᠨ ᠵᠠᠯᠠᠭᠤᠴᠤᠳ ᠡᠮᠡᠭᠲᠡᠢᠴᠤᠳ᠎ᠤᠨ ᠤᠯᠠᠨ ᠲᠦᠮᠡᠨ᠎ᠤ ᠪᠦᠯᠬᠦᠮ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠎ᠤᠨ ᠵᠣᠬᠢᠶᠠᠨ ᠪᠠᠢᠭᠤᠯᠤᠯᠲᠠ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠂ ᠨᠡᠢᠭᠡᠮ ᠲᠣᠭᠣᠷᠢᠭ᠋᠎ᠤᠨ ᠠᠵᠢᠯᠲᠠᠨ᠂ ᠮᠠᠯᠴᠢᠨ ᠲᠠᠷᠢᠶᠠᠴᠢᠨ ᠵᠡᠷᠭᠡ ᠨᠡᠢᠭᠡᠮ ᠎ᠦᠨ ᠡᠯ᠎ᠡ ᠠᠵᠢᠯ ᠲᠥᠷᠥᠯ ᠪᠠ ᠳᠠᠪᠬᠤᠷᠭ᠎ᠠ᠎ᠶᠢ ᠬᠠᠮᠤᠷᠴᠤ᠂ ᠠᠷᠠᠳ᠎ᠤᠨ ᠬᠠᠪᠰᠤᠷᠤᠨ ᠰᠢᠭᠦᠭᠴᠢ᠎ᠶᠢᠨ ᠡᠩᠨᠡᠭᠡᠨ᠎ᠦ ᠪᠦᠲᠦᠴᠡ᠎ᠶᠢᠨ ᠰᠢᠨᠵᠢᠯᠡᠬᠦ ᠤᠬᠠᠭᠠᠨᠴᠢᠯᠠᠯᠲᠠ᠂ ᠤᠯᠠᠨ ᠡᠰᠢᠵᠢᠯᠲᠡ᠎ᠶᠢ ᠪᠡᠶᠡᠯᠡᠭᠦᠯᠪᠡ᠃

ᠬᠡᠷᠡᠭ᠎ᠦᠨ ᠰᠢᠭᠦᠯᠲᠡ᠎ᠳᠦ ᠣᠷᠣᠯᠴᠠᠬᠤ ᠲᠠᠯ᠎ᠠ ᠪᠡᠷ᠂ ᠠᠷᠠᠳ᠎ᠤᠨ ᠬᠠᠪᠰᠤᠷᠤᠨ ᠰᠢᠭᠦᠭᠴᠢ᠎ᠶᠢᠨ ᠠᠷᠠᠳ᠎ᠤᠨ ᠪᠠᠢᠳᠠᠯ᠎ᠢ ᠣᠢᠯᠠᠭᠠᠬᠤ᠂ ᠠᠷᠠᠳ᠎ᠤᠨ ᠰᠠᠨᠠᠭ᠎ᠠ᠎ᠶᠢ ᠮᠡᠳᠡᠬᠦ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠰᠢᠭᠦᠨ ᠲᠠᠰᠤᠯᠤᠯᠲᠠ᠎ᠶᠢᠨ ᠶᠠᠰᠦ ᠴᠢᠨᠠᠷ ᠦᠷ᠎ᠡ ᠪᠦᠲᠦᠮᠵᠢ᠎ᠶᠢ ᠴᠢᠨᠠᠬᠰᠢᠲᠠ ᠳᠡᠭᠡᠭᠰᠢᠯᠡᠭᠦᠯᠬᠦ᠎ᠶᠢ ᠠᠬᠢᠭᠤᠯᠪᠠ᠃ 2025 ᠣᠨ᠎ᠳᠤ ᠠᠷᠠᠳ᠎ᠤᠨ ᠬᠠᠪᠰᠤᠷᠤᠨ ᠰᠢᠭᠦᠭᠴᠢ 1.95 ᠲᠦᠮᠡᠨ ᠬᠡᠷᠡᠭ᠎ᠤᠨ ᠰᠢᠭᠦᠯᠲᠡ᠎ᠳᠦ ᠣᠷᠣᠯᠴᠠᠵᠤ᠂ ᠡᠩ᠎ᠦᠨ ᠲᠡᠰ ᠲᠠᠷᠠᠭᠠᠯᠠᠯ᠎ᠤᠨ ᠨᠢᠭᠡᠳᠦᠭᠡᠷ ᠰᠢᠭᠦᠯᠲᠡ᠎ᠳᠤ ᠬᠠᠪᠰᠤᠷᠤᠨ ᠰᠢᠭᠦᠭᠰᠡᠨ ᠨᠤᠷᠮ᠎ᠠ 24.5%᠎ᠳᠤ ᠬᠦᠷᠪᠡ᠃ ᠢᠯᠠᠩᠭᠤᠶ᠎ᠠ ᠣᠷᠴᠢᠨ ᠲᠤᠭᠤᠷᠢᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠎ᠲᠦ᠂ ᠰᠢᠭᠦᠬᠦ ᠲᠤᠰᠢᠶᠠᠯᠲᠠᠨ ᠪᠠ ᠬᠠᠪᠰᠤᠷᠤᠨ ᠰᠢᠭᠦᠭᠴᠢ᠎ᠡᠴᠡ ᠬᠠᠤᠯᠢ ᠶᠣᠰᠣᠭᠠᠷ 7 ᠬᠥᠮᠥᠨ᠎ᠦ ᠬᠠᠮᠲᠤᠷᠠᠨ ᠵᠥᠪᠯᠡᠬᠦ ᠲᠢᠩᠬᠢᠮ᠎ᠢ ᠪᠦᠷᠢᠯᠳᠦᠭᠦᠯᠦᠨ ᠰᠢᠭᠦᠵᠦ᠂ ᠲᠤᠰᠬᠠᠢ ᠮᠡᠷᠭᠡᠵᠢᠯ᠎ᠦᠨ ᠴᠢᠨᠠᠷᠲᠠᠢ ᠬᠦᠴᠢᠷ ᠠᠰᠠᠭᠤᠲᠠᠯ ᠢ᠋ ᠪᠦᠲᠦᠮᠵᠢᠲᠡᠢ ᠰᠢᠢᠳᠪᠦᠷᠢᠯᠡᠵᠦ᠂ ᠰᠢᠭᠦᠨ ᠲᠠᠰᠤᠯᠤᠯᠲᠠ ᠢ᠋ᠢᠨ ᠶᠠᠰᠤ ᠴᠢᠨᠠᠷ ᠦᠷ᠎ᠡ ᠠᠰᠢᠬ ᠢ᠋ ᠲᠡᠭᠡᠭᠰᠢᠯᠡᠭᠦᠯᠪᠡ᠃

ᠪᠠᠲᠤᠯᠠᠭ᠎ᠠ ᠢ᠋ᠢᠨ ᠲᠠᠯ᠎ᠠ ᠪᠡᠷ ᠂ ᠡᠯ᠎ᠡ ᠱᠠᠲᠤᠨ᠎ᠤ ᠰᠢᠭᠦᠬᠦ ᠬᠣᠷᠢᠶ᠎ᠠ ᠲᠥᠪ ᠬᠢᠴᠢᠶᠡᠩᠭᠦᠢ ᠲᠠᠩᠭᠠᠷᠢᠭ᠍ᠯᠠᠬᠤ ᠶᠣᠰᠣᠯᠠᠯ᠂ ᠠᠵᠢᠯ᠎ᠤᠨ ᠪᠠᠢᠷᠢ᠎ᠳᠤ ᠭᠠᠷᠬᠤ ᠡᠴᠡ ᠡᠮᠦᠨᠡᠬᠢ  ᠪᠣᠯᠪᠠᠰᠤᠷᠠᠯ ᠵᠢᠴᠢ  ᠵᠢᠯ  ᠪᠦᠷᠢ  ᠢ᠋ᠢᠨ  ᠵᠢᠱ᠌ᠢᠶ᠎ᠡ ᠦᠵᠡᠭᠦᠯᠬᠦ ᠪᠣᠯᠪᠠᠰᠤᠷᠠᠯ᠎ᠤᠨ ᠠᠩᠭᠢ᠂ ᠲᠢᠩᠬᠢᠮ᠎ᠤᠨ ᠰᠢᠭᠦᠯᠲᠡ᠎ᠪᠡᠷ ᠲᠣᠭᠣᠷᠢᠨ ᠦᠵᠡᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠨ᠂ ᠠᠷᠠᠳ᠎ᠤᠨ ᠬᠠᠪᠰᠤᠷᠤᠨ ᠰᠢᠭᠦᠭᠴᠢ ᠵᠢᠨ ᠡᠩᠨᠡᠭᠡ ᠵᠢ  ᠬᠦᠴᠦᠷᠭᠡᠭᠵᠢᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号