ᠲᠦᠷᠦᠭᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠡᠴᠡ ᠭᠣᠣᠯᠯᠠᠨ ᠡᠷᠭᠢᠯᠡᠵᠦ᠂ ᠬᠥᠬᠡᠬᠣᠲᠠ᠎ᠶᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ ᠬᠣᠷᠢᠶᠠᠡᠴᠠ ᠬᠠᠮᠵᠢᠨ ᠡᠷᠭᠢᠯᠡᠭᠰᠡᠨ ᠪᠥᠬᠥ ᠣᠷᠣᠨ᠎ᠤ ᠰᠢᠭᠦᠬᠦ ᠬᠣᠷᠢᠶ᠎ᠠ᠎ᠶᠢᠨ 《ᠬᠠᠤᠯᠢ ᠪᠡᠷ ᠬᠡᠷᠡᠯᠲᠦᠭᠦᠯᠦᠭᠰᠡᠨ ᠲᠡᠩᠨᠡᠭᠦᠷ·ᠬᠤᠪᠢᠶᠠᠯᠴᠠᠨ ᠡᠳ᠋ᠯᠡᠬᠦ ᠴᠤᠬᠯᠠᠭᠠᠨ》 ᠤ᠋ ᠰᠢᠢᠳᠪᠦᠷᠢᠲᠦ ᠤᠷᠤᠯᠳᠤᠭᠠᠨ ᠬᠥᠬᠡᠬᠣᠲᠠ᠎ᠳᠤ ᠥᠨᠳᠥᠷᠯᠡᠪᠡ᠃
ᠰᠢᠢᠳᠪᠦᠷᠢᠲᠦ ᠤᠷᠤᠯᠳᠤᠭᠠᠨ᠎ᠳᠤ 12 ᠺᠠᠳ᠋ᠷ ᠴᠠᠭᠳᠠᠭ᠎ᠠ ᠬᠠᠮᠲᠤ᠎ᠪᠠᠷ ᠤᠷᠤᠯᠳᠤᠨ᠂ ᠴᠣᠭ ᠵᠢᠪᠬᠤᠭ᠎ᠠ᠎ᠪᠠᠨ ᠪᠠᠳᠠᠷᠠᠭᠤᠯᠵᠠᠢ᠃ ᠤᠷᠤᠯᠴᠠᠬᠰᠠᠳ ᠠᠵᠢᠯ᠎ᠤᠨ ᠪᠠᠢᠷᠢ᠎ᠶᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠴᠢᠩ ᠦᠨᠡᠨᠴᠢ ᠰᠡᠳᠬᠢᠯᠭᠡ᠂ ᠠᠮᠢᠳᠤᠯᠢᠭ᠋ ᠦᠭᠡ ᠬᠡᠯᠡ᠂ ᠪᠤᠳᠠᠳᠦ ᠬᠡᠷᠡᠭ᠎ᠦᠨ ᠵᠢᠱ᠌ᠢᠶ᠎ᠡ᠎ᠪᠡᠷ ᠠᠵᠢᠯ᠎ᠤᠨ ᠳᠤᠮᠳᠠᠬᠢ ᠥᠩᠭᠡᠷᠡᠯᠲᠡ ᠪᠠ ᠤᠯᠤᠯᠳᠠ ᠲᠥᠷᠥᠭᠳᠡᠯ᠎ᠢᠶᠡᠨ ᠬᠤᠪᠢᠶᠠᠯᠴᠠᠪᠠ᠃ ᠬᠥᠮᠥᠰ᠎ᠦᠨ ᠰᠡᠳᠬᠢᠯ᠎ᠢ ᠬᠥᠳᠡᠯᠭᠡᠮ᠎ᠡ ᠦᠨᠡᠨ ᠪᠣᠳᠠᠲᠠᠢ ᠦᠯᠢᠭᠡᠷᠦᠳ ᠨᠢ ᠲᠡᠳᠡᠨ᠎ᠦ ᠬᠠᠤᠯᠢ ᠪᠡᠷ ᠵᠠᠰᠠᠬᠤ ᠦᠢᠯᠡᠰ᠎ᠲᠦ ᠦᠨᠡᠨᠴᠢ ᠰᠢᠳᠤᠷᠭᠤ ᠪᠠ ᠬᠠᠢᠷ᠎ᠠ ᠰᠡᠳᠬᠢᠯᠭᠡ ᠲᠠᠢ ᠪᠠᠢᠬᠤ ᠵᠢ ᠢᠯᠡᠳᠬᠡᠵᠦ᠂ ᠰᠢᠨ᠎ᠡ ᠴᠠᠭ ᠦᠶ᠎ᠡ᠎ᠶᠢᠨ ᠰᠢᠭᠦᠬᠦ ᠬᠣᠷᠢᠶᠠᠨ᠎ᠤ ᠬᠥᠮᠥᠰ᠎ᠦᠨ ᠡᠭᠦᠷᠭᠡᠯᠡᠯ ᠪᠠ ᠬᠠᠢᠷ᠎ᠠ ᠰᠡᠳᠬᠢᠯᠭᠡ᠎ᠶᠢ ᠢᠯᠡᠷᠡᠭᠦᠯᠵᠡᠢ᠃ ᠰᠢᠢᠳᠪᠦᠷᠢᠲᠦ ᠤᠷᠤᠯᠳᠤᠭᠠᠨ ᠡᠴᠡ ᠨᠢᠭᠡᠳᠦᠭᠡᠷ ᠳᠡᠰ᠎ᠤᠨ ᠱᠠᠩᠨᠠᠯ 1 ᠨᠡᠷᠡᠰ᠂ ᠬᠣᠶᠠᠳᠤᠭᠠᠷ ᠳᠡᠰ᠎ᠤᠨ ᠱᠠᠩᠨᠠᠯ 2 ᠨᠡᠷᠡᠰ᠂ ᠭᠤᠷᠪᠠᠳᠤᠭᠠᠷ ᠳᠡᠰ᠎ᠤᠨ ᠱᠠᠩᠨᠠᠯ 3 ᠨᠡᠷᠡᠰ᠂ ᠰᠢᠯᠢᠳᠡᠭ ᠱᠠᠩᠨᠠᠯ 6 ᠨᠡᠷᠡᠰ᠎ᠢ ᠰᠢᠯᠭᠠᠷᠠᠭᠤᠯᠪᠠ᠃ ᠬᠦᠬᠡᠬᠤᠲᠠ ᠢ᠋ᠢᠨ ᠠᠷᠠᠳ᠎ᠤᠨ ᠲᠤᠮᠲᠠ ᠵᠡᠷᠭᠡ ᠢ᠋ᠢᠨ ᠰᠢᠭᠦᠭᠦ ᠬᠤᠷᠢᠶ᠎ᠠ ᠢ᠋ᠢᠨ ᠯᠢᠦ ᠮᠢᠨ ᠨᠢᠭᠡᠲᠦᠭᠡᠷ ᠲᠡᠰ᠎ᠤᠨ ᠱᠠᠩᠨᠠᠯ ᠬᠦᠷᠲᠡᠪᠡ᠃
ᠪᠥᠬᠥ ᠣᠷᠣᠨ᠎ᠤ ᠰᠢᠭᠦᠬᠦ ᠬᠣᠷᠢᠶ᠎ᠠ᠎ᠶᠢᠨ ᠰᠣᠶᠣᠯ᠎ᠤᠨ ᠪᠠᠢᠭᠤᠯᠤᠯᠲᠠ᠎ᠶᠢᠨ ᠴᠢᠬᠤᠯᠠ ᠲᠦᠷᠦᠯ ᠲᠡᠮᠳᠡᠭ ᠪᠣᠯᠤᠭᠰᠠᠨ᠎ᠤ ᠬᠤᠪᠢ᠎ᠳᠤ᠂《ᠬᠠᠤᠯᠢ ᠪᠡᠷ ᠬᠡᠷᠡᠯᠲᠦᠭᠦᠯᠦᠭᠰᠡᠨ ᠲᠡᠩᠨᠡᠭᠦᠷ·ᠬᠤᠪᠢᠶᠠᠯᠴᠠᠨ ᠡᠳ᠋ᠯᠡᠬᠦ ᠴᠤᠬᠯᠠᠭᠠᠨ》 ᠨᠢ ᠥᠷᠭᠡᠨ ᠣᠯᠠᠨ ᠰᠢᠭᠦᠬᠦ ᠬᠣᠷᠢᠶ᠎ᠠ᠎ᠶᠢᠨ ᠺᠠᠳ᠋ᠷ ᠴᠠᠭᠳᠠᠭ᠎ᠠ ᠳᠤ 《ᠴᠣᠭ ᠵᠢᠪᠬᠤᠭ᠎ᠠ᠎ᠪᠠᠨ ᠪᠠᠳᠠᠷᠠᠭᠤᠯᠵᠤ᠂ ᠬᠠᠷᠢᠯᠴᠠᠨ ᠰᠤᠷᠤᠯᠴᠠᠵᠤ᠂ ᠬᠠᠮᠲᠤ᠎ᠪᠠᠷ ᠦᠰᠦᠨ ᠪᠣᠢᠵᠢᠬᠤ》 ᠰᠣᠯᠢᠯᠴᠠᠭᠠᠨ᠎ᠤ ᠲᠠᠪᠴᠠᠩ᠎ᠢ ᠪᠠᠢᠭᠤᠯᠪᠡ᠃ ᠠᠵᠢᠯᠯᠠᠭ᠎ᠠ ᠨᠢ 2025 ᠣᠨ᠎ᠤ ᠡᠬᠢ᠎ᠪᠡᠷ ᠡᠬᠢᠯᠡᠭᠰᠡᠨ᠎ᠡᠴᠡ ᠤᠳᠤᠬᠠᠨ ᠪᠣᠯᠲᠠᠯ᠎ᠠ᠂ ᠪᠦᠬᠦ ᠣᠷᠣᠨ᠎ᠤ ᠭᠤᠷᠪᠠᠨ ᠱᠠᠲᠤᠨ᠎ᠤ ᠰᠢᠭᠦᠬᠦ ᠬᠣᠷᠢᠶ᠎ᠠ ᠡᠴᠡ ᠢᠷᠡᠭᠰᠡᠨ 44 ᠺᠠᠳ᠋ᠷ ᠴᠠᠭᠳᠠᠭ᠎ᠠ ᠳᠠᠷᠠᠭᠠᠯᠠᠨ ᠲᠠᠢᠰᠠᠨ᠎ᠳᠤ ᠭᠠᠷᠴᠤ᠂ ᠰᠢᠨ᠎ᠡ ᠰᠣᠷᠭᠣᠭ ᠠᠮᠢᠳᠤᠯᠢᠭ᠋ ᠬᠠᠤᠯᠢ ᠴᠠᠭᠠᠵᠠ᠎ᠶᠢᠨ ᠬᠡᠷᠡᠭ᠎ᠦᠨ ᠵᠢᠱ᠌ᠢᠶ᠎ᠡ᠎ᠪᠡᠷ ᠭᠠᠷᠳᠠᠴᠠ ᠪᠣᠯᠭᠠᠵᠤ᠂ ᠳᠠᠭᠤᠨ ᠰᠡᠳᠬᠢᠯᠭᠡ ᠬᠣᠣᠰᠯᠠᠭᠰᠠᠨ ᠬᠦᠦᠷᠨᠢᠯ᠎ᠢᠶᠡᠷ ᠳᠠᠮᠵᠢᠭᠤᠯᠵᠤ᠂ ᠰᠢᠨ᠎ᠡ ᠴᠠᠭ ᠦᠶ᠎ᠡ᠎ᠶᠢᠨ ᠰᠢᠭᠦᠬᠦ ᠬᠣᠷᠢᠶ᠎ᠠ᠎ᠶᠢᠨ ᠺᠠᠳ᠋ᠷ ᠴᠠᠭᠳᠠᠭ᠎ᠠ᠎ᠶᠢᠨ 《ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠣᠣᠯᠴᠢ᠎ᠪᠠᠷ ᠬᠠᠤᠯᠢ ᠪᠠᠷᠢᠬᠤ》 ᠵᠣᠷᠢᠯᠲᠠ᠎ᠶᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃