ᠬᠦᠬᠡᠬᠤᠳᠠ ᠤᠯᠠᠨ ᠲᠦᠮᠡᠨ᠎ᠤ ᠠᠵᠢᠯ ᠶᠠᠪᠤᠳᠠᠯ ᠭᠦᠶ᠋ᠴᠡᠳᠭᠡᠬᠦ᠌᠎ᠳ᠋ᠤ ᠨᠡᠩ ᠲᠦᠬᠦᠮ ᠲᠦᠳᠡ ᠦᠢᠯᠡᠴᠢᠯᠡᠭᠡ ᠬᠠᠨᠭᠭᠠᠨ᠎ᠠ
2026-03-02 11:16:29
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠬᠦᠬᠡᠬᠤᠳᠠ ᠵᠢᠨ ᠰᠠᠭᠤᠭᠠᠯᠢ ᠬᠣᠲᠠ᠎ᠶ᠋ᠢᠨ ᠠᠷᠠᠳ ᠯᠢ ᠠᠪᠤᠭᠠᠢ ᠭᠠᠷ ᠳᠠᠮᠵᠢᠭ᠍ᠰᠠᠨ ᠤᠷᠤᠨ ᠰᠠᠭᠤᠴᠠ ᠵᠢᠨ ᠡᠷᠦᠬᠡ ᠱᠢᠯᠵᠢᠭᠦᠯᠬᠦ᠌ ᠭᠠᠷ ᠭᠦᠶ᠋ᠴᠡᠳᠭᠡᠯ ᠬᠢᠬᠦ᠌᠎ᠦᠶ᠎ᠠ ᠳ᠋ᠡᠭᠡᠨ᠂ ᠬᠡᠷ ᠬᠥᠷᠥᠩᠭᠡ᠎ᠶ᠋ᠢ ᠱᠢᠯᠵᠢᠭᠦᠯᠬᠦ᠌ ᠳᠡᠩᠰᠡᠯᠡᠯᠲᠡ᠎ᠶ᠋ᠢ 《ᠨᠢᠭᠡ ᠥᠷᠲᠡᠭᠡᠴᠢᠯᠡᠭᠰᠡᠨ ᠮᠠᠶᠢᠭ》 ᠢ᠋ᠢᠠᠷ ᠪᠡᠶᠡᠯᠡᠭᠦᠯᠵᠦ᠍ ᠪᠣᠯᠬᠤ᠎ᠪᠠᠷ ᠪᠠᠷᠠᠬᠤ ᠥᠬᠡᠶ᠂ ᠪᠠᠰᠠ ᠰᠦᠯᠵᠢᠶᠡᠨ ᠳᠡᠭᠡᠷ᠎ᠡ ᠭᠠᠢᠯᠢ ᠪᠤᠴᠠᠭᠠᠬᠤ ᠭᠤᠶᠤᠴᠢᠯᠠᠯ ᠵᠢᠴᠢ ᠤᠰᠤ ᠴᠠᠬᠢᠯᠭᠠᠨ ᠰᠢᠳᠠᠮᠠᠬᠠᠢ ᠬᠡᠶ ᠳᠤᠯᠠᠭᠠᠯᠠᠭ᠎ᠠ ᠵᠡᠷᠭᠡ ᠵᠢᠨ ᠳᠠᠩᠰᠠ ᠱᠢᠯᠵᠢᠭᠦᠯᠬᠦ᠌ ᠭᠠᠷ ᠭᠦᠶ᠋ᠴᠡᠳᠭᠡᠯ᠎ᠢ ᠴᠦ᠍ ᠵᠡᠷᠭᠡ᠎ᠪᠡᠷ ᠬᠠᠮᠲᠤᠷᠠᠨ ᠭᠦᠶ᠋ᠴᠡᠳᠭᠡᠵᠦ᠍ ᠪᠣᠯᠤᠨ᠎ᠠ᠂ ᠪᠥᠬᠥ᠌ ᠶᠠᠪᠤᠴᠠ᠎ᠳᠤ ᠵᠥᠪᠬᠡᠨ ᠨᠢᠭᠡ ᠯᠡ ᠴᠣᠩᠬᠣᠪᠴᠢ ᠳ᠋ᠤ ᠬᠦᠷᠴᠤ᠂ ᠨᠢᠭᠡ ᠢᠵᠢ ᠮᠠᠲ᠋ᠧᠷᠢᠶᠠᠯ ᠲᠤᠱᠢᠶᠠᠪᠠᠯ ᠪᠣᠯᠴᠢᠬᠠᠨ᠎ᠠ ᠭᠡᠳᠡᠭ᠎ᠢ ᠣᠯᠵᠤ ᠮᠡᠳᠡᠵᠡᠶ᠃ 《ᠥᠩᠭᠡᠷᠡᠭ᠌ᠰᠡᠨ᠎ᠳᠦ ᠡᠲᠡᠭᠡᠷ ᠭᠠᠷ ᠭᠦᠶ᠋ᠴᠡᠳᠭᠡᠯ᠎ᠢ ᠭᠦᠶ᠋ᠴᠡᠳᠭᠡᠬᠦ᠌ ᠳ᠋ᠤ ᠬᠡᠲᠦ ᠬᠡᠳᠦᠨ ᠰᠠᠯᠠᠭ᠎ᠠ ᠮᠥᠴᠢᠷ᠎ᠲᠦ ᠤᠴᠢᠬᠤ ᠴᠢᠬᠤᠯᠠᠳᠠᠢ᠂ ᠦᠨᠤ ᠨᠢᠭᠡ ᠯᠡ ᠴᠣᠩᠬᠣᠪᠴᠢ ᠎ᠪᠠᠷ ᠪᠦᠬᠦᠨ᠎ᠢ ᠭᠦᠶ᠋ᠴᠡᠳᠭᠡᠭᠡᠳ ᠲᠠᠭᠤᠰᠬᠠᠴᠢᠬᠠᠨ᠎ᠠ᠂ ᠴᠠᠭ᠎ᠢ ᠠᠷᠪᠢᠯᠠᠬᠤ ᠪᠡᠷ ᠪᠠᠷᠠᠬᠤ ᠦᠭᠡᠢ ᠨᠡᠩ ᠲᠦᠭᠦᠮ ᠲᠦᠳᠡ ᠪᠤᠯᠪᠠ》 ᠬᠡᠵᠤ ᠯᠢ ᠠᠪᠤᠭᠠᠢ ᠪᠠᠶᠠᠷᠳᠠᠢᠬᠠᠨ ᠬᠡᠯᠡᠪᠡ᠃

ᠣᠢᠯᠠᠭᠠᠭ᠍ᠰᠠᠨ᠎ᠢᠶᠠᠷ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ ᠬᠦᠢᠴᠡᠳᠭᠡᠬᠦ》 ᠥᠭᠡᠷᠡᠴᠢᠯᠡᠯᠲᠡ᠎ᠨᠢ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠬᠦᠷᠢᠶ᠎ᠡ᠎ᠶ᠋ᠢ ᠬᠠᠮᠤᠷᠤᠭ᠍ᠰᠠᠨ᠎ᠢᠶᠠᠷ ᠪᠠᠷᠠᠬᠤ ᠥᠬᠡᠶ᠂ ᠪᠠᠰᠠ ᠨᠢᠯᠬ᠎ᠠ ᠬᠡᠦᠭᠡᠳ ᠲᠦᠷᠦᠭᠦ᠌᠂ ᠠᠵᠢᠯ ᠣᠯᠭᠣᠬᠤ᠂ ᠡᠮᠨᠡᠭᠦᠯᠬᠦ᠌ ᠵᠡᠷᠭᠡ ᠠᠷᠠᠳ᠎ᠤᠨ ᠠᠮᠢᠳᠤᠷᠠᠯ᠎ᠤᠨ ᠣᠯᠠᠨ ᠳᠠᠪᠲᠠᠮᠵᠢᠲᠤ ᠵᠦᠶ᠋ᠯᠡᠰ ᠎ᠢ ᠬᠠᠮᠤᠷᠪᠠ᠃ 《ᠰᠠᠶᠢ ᠲᠥᠷᠥᠭ᠌ᠰᠡᠨ ᠬᠡᠦᠬᠡᠳ᠎ᠦᠨ ᠨᠢᠭᠡ ᠶᠠᠪᠤᠳᠠᠯ》 ᠢ᠋ᠢᠡᠷ ᠵᠢᠱ᠌ᠢᠶᠡᠯᠡᠪᠡᠯ᠂ ᠥᠩᠭᠡᠷᠡᠭ᠌ᠰᠡᠨ᠎ᠳᠦ ᠲᠥᠷᠥᠭ᠌ᠰᠡᠨ ᠭᠡᠷᠡᠴᠢ᠂ ᠡᠷᠦᠬᠡ ᠠᠮᠠ ᠣᠷᠣᠭᠤᠯᠬᠤ᠂ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠬᠤ ᠵᠡᠷᠭᠡ 6 ᠵᠦᠶ᠋ᠯᠡᠰ᠎ᠢ ᠭᠦᠶ᠋ᠴᠡᠳᠭᠡᠬᠦ᠌᠎ᠳᠦ 5 ᠰᠠᠯᠠᠭ᠎ᠠ ᠮᠥᠴᠢᠷ᠎ᠲᠦ ᠬᠦᠷᠴᠦ᠍᠂ 24 ᠬᠤᠪᠢ ᠮᠠᠲ᠋ᠧᠷᠢᠶᠠᠯ ᠲᠤᠱᠢᠶᠠᠬᠤ ᠴᠢᠬᠤᠯᠠᠲᠠᠶ ᠪᠠᠢᠵᠤ᠂ 22 ᠭᠣᠭ᠍ᠴᠣᠭ᠎ᠠ᠎ᠶ᠋ᠢ ᠥᠩᠭᠡᠷᠡᠭᠡᠵᠦ᠍᠂ 90 ᠱᠢᠬᠠᠮ ᠠᠵᠢᠯᠯᠠᠬᠤ ᠡᠳᠦᠷ᠎ᠦᠨ ᠴᠠᠭ ᠵᠠᠷᠤᠴᠠᠭᠤᠯᠵᠤ ᠪᠠᠢᠵᠠᠢ᠃ ᠣᠲᠣ ᠰᠦᠯᠵᠢᠶᠡᠨ ᠳᠡᠭᠡᠷ᠎ᠡ ᠭᠤᠶᠤᠴᠢᠯᠠᠬᠤ ᠪᠤᠶᠤ ᠰᠦᠯᠵᠢᠶᠡᠨ ᠭᠠᠳᠠᠨᠠᠬᠢ  ᠨᠢᠭᠡ ᠯᠡ ᠴᠣᠩᠬᠤᠪᠴᠢ ᠪᠡᠷ ᠭᠥᠯᠢᠶᠡᠨ ᠠᠪᠴᠤ᠌ ᠱᠢᠶ᠋ᠳᠪᠦᠷᠢᠯᠡᠬᠦ᠌᠎ᠪᠡᠷ ᠳᠡᠮᠵᠢᠨ᠂ ᠵᠥᠪᠬᠡᠨ ᠨᠢᠭᠡ ᠯᠡ ᠤᠳᠠᠭ᠎ᠠ᠎ᠳᠤ 6 ᠬᠤᠪᠢ ᠮᠠᠲ᠋ᠧᠷᠢᠶᠠᠯ ᠲᠤᠱᠢᠶᠠᠵᠤ᠂ 7 ᠠᠵᠢᠯᠯᠠᠬᠤ ᠡᠳᠦᠷ᠎ᠲᠦ ᠭᠦᠶ᠋ᠴᠡᠳᠭᠡᠵᠦ᠍ ᠳᠠᠭᠤᠰᠭᠠᠬᠤ ᠪᠤᠯᠵᠤ᠂ ᠭᠦᠶ᠋ᠴᠡᠳᠭᠡᠬᠦ᠌ ᠦᠷ᠎ᠡ ᠪᠦᠲᠦᠮᠵᠢ ᠢᠯᠡᠳᠲᠡ ᠳᠡᠭᠡᠭ᠌ᠰᠢᠯᠡᠪᠠ᠃ ᠤᠳᠤᠬᠠᠨ ᠳ᠋ᠤ᠂  30 ᠭᠠᠷᠤᠢ ᠵᠦᠢᠯ᠎ᠦᠨ ᠲᠤᠬᠠᠢᠯᠠᠭ᠍ᠰᠠᠨ ᠠᠵᠢᠯ ᠎ᠢ ᠬᠡᠷ᠎ᠡᠴᠡ᠎ᠪᠡᠨ ᠭᠠᠷᠬᠤ ᠥᠬᠡᠶ᠎ᠪᠡᠷ ᠢᠨᠲ᠋ᠧᠷ ᠰᠦᠯᠵᠢᠶ᠎ᠡ᠎ᠪᠡᠷ ᠳᠡᠮᠵᠢᠨ ᠭᠤᠶᠤᠴᠢᠯᠠᠨ ᠭᠦᠶ᠋ᠴᠡᠳᠭᠡᠵᠦ᠍᠂ 《ᠭᠣᠭ᠍ᠴᠣᠭ᠎ᠠ᠎ᠶ᠋ᠢ ᠪᠠᠭᠠᠰᠭᠠᠬᠤ᠂ ᠴᠠᠭ᠎ᠢ ᠪᠠᠭᠠᠰᠭᠠᠬᠤ᠂ ᠮᠠᠲ᠋ᠧᠷᠢᠶᠠᠯ᠎ᠢ ᠪᠠᠭᠠᠰᠭᠠᠬᠤ᠂ ᠨᠠᠭᠠᠰᠢ ᠴᠠᠭᠠᠰᠢ ᠭᠦᠶᠦᠬᠦ᠌᠎ᠶ᠋ᠢ ᠪᠠᠭᠠᠰᠭᠠᠬᠤ》 ᠶ᠋ᠢ ᠪᠡᠶᠡᠯᠡᠭᠦᠯᠵᠦ᠍᠂ ᠣᠯᠠᠨ ᠲᠦᠮᠡᠨ᠎ᠳᠦ ᠠᠵᠢᠯ ᠶᠠᠪᠤᠳᠠᠯ ᠭᠦᠶ᠋ᠴᠡᠳᠭᠡᠬᠦ᠌᠎ᠳᠦ ᠳᠥᠭᠥᠮ ᠳᠥᠲᠡ ᠪᠥᠭᠡᠳ ᠥᠨᠳᠥᠷ ᠪᠦᠲᠦᠮᠵᠢᠲᠡᠶ ᠪᠠᠢᠬᠤ᠎ᠶ᠋ᠢ ᠦᠨᠡᠨ ᠬᠦ᠌ ᠮᠡᠳᠡᠷᠡᠭᠦᠯᠪᠠ᠃ 《 ᠨᠢᠭᠡ ᠶᠠᠪᠤᠳᠠᠯ᠎ᠢ ᠥᠨᠳᠥᠷ ᠪᠦᠲᠦᠮᠵᠢᠲᠡᠶ ᠬᠦᠢᠴᠡᠳᠭᠡᠬᠦ》 ᠥᠭᠡᠷᠡᠴᠢᠯᠡᠯᠲᠡ᠎ᠶ᠋ᠢᠨ ᠳᠠᠷᠠᠭ᠎ᠠ᠂ 《ᠰᠠᠶᠢ ᠲᠥᠷᠥᠭ᠌ᠰᠡᠨ ᠬᠡᠦᠬᠡᠳ᠎ᠦᠨ ᠨᠢᠭᠡ ᠶᠠᠪᠤᠳᠠᠯ 》 ᠢ᠋ ᠱᠢᠶ᠋ᠳᠪᠦᠷᠢᠯᠡᠬᠦ᠌ ᠴᠠᠭ᠎ᠢ 92% ᠢ᠋ᠢᠠᠷ ᠪᠣᠭᠣᠨᠢᠰᠭᠠᠵᠤ᠂ ᠭᠦᠶᠦᠬᠦ᠌ ᠤᠳᠠᠭ᠎ᠠ᠎ᠶ᠋ᠢ 86% ᠎ᠪᠠᠷ ᠪᠠᠭᠠᠰᠭᠠᠵᠤ᠂ ᠲᠤᠱᠢᠶᠠᠬᠤ ᠮᠠᠲ᠋ᠧᠷᠢᠶᠠᠯ᠎ᠢ 75%᠎ᠪᠠᠷ ᠪᠠᠭᠠᠰᠭᠠᠵᠤ᠂ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠳᠥᠭᠥᠮ᠎ᠦᠨ ᠬᠡᠮᠵᠢᠶ᠎ᠡ᠂ ᠪᠡᠶᠡᠴᠢᠯᠡᠨ ᠣᠢᠯᠠᠭᠠᠬᠤ ᠲᠥᠷᠥᠭ᠌ᠳᠡᠯ ᠪᠠ ᠬᠠᠨᠤᠮᠵᠢ ᠎ᠶ᠋ᠢᠨ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号