ᠬᠠᠪᠤᠷ᠎ᠤᠨ ᠡᠬᠢ᠎ᠪᠡᠷ᠂ ᠱᠢᠯᠢ᠎ᠶ᠋ᠢᠨ ᠭᠣᠣᠯ ᠠᠢᠮᠠᠭ᠎ᠤᠨ ᠲᠤᠯᠤᠨ ᠨᠤᠤᠷ ᠱᠢᠶᠠᠨ᠎ᠤ ᠳ᠋ᠠ ᠪᠸᠢ ᠭᠸᠤ ᠪᠠᠯᠭᠠᠰᠤ᠎ᠶ᠋ᠢᠨ ᠵᠢᠦ ᠬᠤᠤ ᠲᠣᠰᠭᠣᠨ᠎ᠤ ᠤᠳᠤ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠤᠨ ᠢᠳᠡᠱᠢᠨ ᠨᠣᠭᠣᠭ᠎ᠠ᠎ᠶ᠋ᠢᠨ ᠬᠦᠯᠡᠮᠵᠢ᠎ᠳᠦ᠂ ᠭᠠᠵᠠᠷ ᠰᠢᠷᠦᠢ ᠵᠢ ᠲᠡᠭ᠌ᠰᠢᠯᠡᠵᠦ᠂ ᠴᠢᠬᠢ ᠰᠠᠭᠤᠯᠭᠠᠬᠤ᠎ᠳᠤ ᠪᠡᠯᠡᠬᠡᠨ ᠪᠤᠯᠪᠠ; ᠬᠦᠯᠡᠮᠵᠢ ᠡᠴᠡ ᠳᠡᠮᠡᠶ ᠬᠣᠯᠠ ᠥᠬᠡᠶ ᠮᠢᠬᠠᠨ᠎ᠤ ᠦᠬᠡᠷ᠎ᠦᠨ ᠲᠡᠵᠢᠭᠡᠪᠦᠷᠢ᠎ᠶ᠋ᠢᠨ ᠲᠣᠭᠣᠷᠢᠭ᠎ᠲᠤ ᠬᠠᠱᠢᠶ᠎ᠠ ᠰᠠᠷᠠᠪᠴᠢ ᠴᠡᠪᠡᠷ ᠴᠡᠮᠴᠡᠭᠡᠷ᠂ ᠦᠬᠡᠷ᠎ᠦᠨ ᠰᠦᠷᠦᠭ ᠲᠠᠷᠭᠤ ᠰᠠᠢᠲᠠᠶ ᠪᠠᠢᠯ᠎ᠠ᠃ 《ᠪᠢᠳᠡ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ᠂ ᠱᠢᠨ᠎ᠡ ᠵᠠᠭ᠍ᠪᠤᠷ᠎ᠢᠶᠠᠷ ᠲᠦᠱᠢᠭ ᠲᠤᠯᠭᠠᠭᠤᠷᠢ ᠪᠣᠯᠭᠠᠬᠰᠠᠨ ᠵᠢᠡᠷ ᠲᠣᠰᠭᠣᠨ᠎ᠤ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠪᠠ ᠲᠦᠬᠦᠭᠡᠷᠤᠮᠵᠢᠳᠤ ᠢᠳᠡᠱᠢᠨ ᠨᠣᠭᠣᠭ᠎ᠠ᠎ᠶ᠋ᠢᠨ ᠠᠵᠤ ᠦᠢᠯᠡᠰ ᠶᠠᠪᠤᠬᠤ ᠲᠤᠳᠤᠮ ᠬᠦᠭᠵᠢᠵᠦ᠂ ᠲᠣᠰᠭᠣᠨ᠎ᠤ ᠠᠷᠠᠳ᠎ᠤᠨ ᠠᠮᠢᠳᠤᠷᠠᠯ ᠴᠦ᠍ ᠡᠳᠦᠷ ᠡᠴᠡ ᠡᠳᠦᠷ ᠰᠠᠢᠵᠢᠷᠠᠵᠠᠢ》 ᠭᠡᠵᠦ ᠵᠢᠦ ᠬᠤᠤ ᠲᠣᠰᠭᠣᠨ᠎ᠤ ᠨᠠᠮ᠎ᠤᠨ ᠡᠭᠦᠷ᠎ᠦᠨ ᠱᠦᠵᠢ ᠺᠠᠩ ᠹᠦ᠋ ᠱᠧᠩ ᠬᠡᠯᠡᠵᠦ ᠭᠠᠷᠤᠯ᠎ᠠ᠃
ᠺᠠᠩ ᠹᠦ᠋ ᠱᠧᠩ᠎ᠦᠨ ᠢᠲᠡᠭᠡᠯ ᠵᠣᠷᠢᠭ᠎ᠨᠢ ᠲᠤᠯᠤᠨ ᠨᠤᠤᠷ ᠱᠢᠶᠠᠨ᠎ᠤ ᠬᠡᠷᠡᠭ᠌ᠵᠢᠭᠦᠯᠦᠭ᠌ᠰᠡᠨ 《123(ᠨᠢᠭᠡ ᠴᠣᠭ᠍ᠴᠠᠵᠢᠯᠳᠠ ᠬᠣᠶᠠᠷ ᠭᠤᠤᠯᠳᠠᠯᠭ᠎ᠠ ᠭᠤᠷᠪᠠᠨ ᠡᠭᠦᠳᠦᠯᠳᠡ᠌)》 ᠨᠠᠮ᠎ᠤᠨ ᠪᠠᠢᠭᠤᠯᠤᠯᠲᠠ᠎ᠶ᠋ᠢᠨ ᠬᠥᠲᠥᠯᠥᠨ ᠳᠠᠭᠠᠭᠤᠯᠬᠤ ᠵᠠᠭ᠍ᠪᠤᠷ᠎ᠠᠴᠠ ᠢᠷᠡᠯᠲᠡ᠎ᠲᠡᠶ ᠶᠤᠮ᠃ 2025 ᠣᠨ᠎ᠠᠴᠠ ᠨᠠᠭᠠᠰᠢ᠂ ᠲᠣᠰ ᠱᠢᠶᠠᠨ ᠴᠢᠨᠠᠷ ᠰᠠᠢᠲᠠᠶ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠦ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠠᠷᠢᠮᠲᠠᠯᠠᠵᠤ᠂ 《ᠨᠢᠭᠡ ᠴᠣᠭ᠍ᠴᠠᠵᠢᠭᠤᠯᠤᠨ ᠠᠬᠢᠭᠤᠯᠬᠤ᠂ ᠬᠣᠶᠠᠷ ᠭᠤᠤᠯᠳᠠᠯᠭ᠎ᠠ᠎ᠪᠡᠷ ᠬᠥᠳᠡᠯᠭᠡᠭᠦᠷ ᠪᠣᠯᠭᠠᠬᠤ᠂ ᠭᠤᠷᠪᠠ᠎ᠶ᠋ᠢ ᠡᠭᠦᠳᠴᠦ᠍ ᠲᠡᠷᠢᠭᠦᠨ᠎ᠳᠦ ᠣᠷᠣᠬᠤ᠎ᠪᠠᠷ ᠴᠢᠷᠮᠠᠢᠬᠤ》 ᠪᠠᠷ ᠦᠶ᠋ᠯᠡᠳᠦᠯᠭᠡ᠎ᠶ᠋ᠢᠨ ᠠᠷᠭ᠎ᠠ ᠵᠠᠮ ᠪᠣᠯᠭᠠᠵᠤ᠂ ᠨᠠᠮ᠎ᠤᠨ ᠤᠯᠤᠰ ᠲᠥᠷᠥ᠎ᠶ᠋ᠢᠨ ᠳᠠᠪᠠᠭᠤᠯᠢᠭ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠠᠵᠤ ᠦᠶ᠋ᠯᠡᠰ ᠦᠨ ᠬᠥᠭ᠌ᠵᠢᠯᠲᠡ᠎ᠶ᠋ᠢᠨ ᠳᠠᠪᠠᠭᠤᠯᠢᠭ ᠪᠠ ᠬᠥᠳᠡᠭᠡ ᠲᠣᠰᠭᠣᠨ᠎ᠤ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠬᠤ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃
《ᠨᠢᠭᠡ ᠴᠣᠭ᠍ᠴᠠᠵᠢᠯᠳᠠ》 ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠪᠠ᠃ ᠵᠢᠤ ᠬᠤᠤ ᠲᠣᠰᠭᠣᠨ ᠪᠣᠯ ᠨᠡᠢᠲᠡᠯᠢᠭ ᠴᠢᠨᠠᠷᠲᠠᠢ ᠬᠠᠮᠲᠤ᠎ᠶ᠋ᠢᠨ ᠠᠵᠤ ᠠᠬᠤᠢ ᠪᠠᠭᠤᠷᠠᠢ ᠲᠣᠰᠭᠣᠨ ᠪᠠᠢᠵᠤ᠂ ᠬᠦᠭᠵᠢᠯᠲᠡ ᠨᠢ 《ᠱᠢᠶᠠᠨ᠎ᠤ ᠱᠠᠳᠤ ᠠᠴᠠ ᠨᠢᠭᠡᠳᠦᠯᠲᠡᠢ ᠲᠥᠯᠥᠪᠵᠢᠭᠦᠯᠬᠦ᠌᠂ ᠱᠢᠶᠠᠩ ᠪᠠᠯᠭᠠᠰᠤ᠎ᠠᠴᠠ ᠲᠥᠯᠥᠪᠵᠢᠭᠦᠯᠬᠦ᠌᠂ ᠲᠣᠰᠭᠣᠨ᠎ᠠᠴᠠ ᠨᠠᠢᠳᠠᠪᠤᠷᠢᠵᠢᠭᠤᠯᠬᠤ᠎ᠶ᠋ᠢ ᠠᠳᠭᠤᠬᠤ 》 ᠨᠢᠭᠡ ᠴᠤᠬ᠍ᠴᠠᠵᠢᠭᠤᠯᠤᠨ ᠠᠬᠢᠭᠤᠯᠬᠤ ᠲᠣᠭ᠍ᠲᠠᠴᠠ᠎ᠠᠴᠠ ᠢᠷᠡᠯᠳᠡ᠎ᠲᠡᠶ ᠶᠤᠮ᠃ ᠲᠤᠯᠤᠨ ᠨᠤᠤᠷ ᠱᠢᠶᠠᠨ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠤᠳᠤᠷᠢᠳᠭᠤ ᠳᠤᠭᠤᠢᠯᠠᠩ ᠪᠠᠢᠭᠤᠯᠵᠤ᠂ ᠱᠢᠶᠠᠨ᠎ᠤ ᠬᠡᠪᠴᠢᠶᠡᠨ᠎ᠦ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ ᠡᠯ᠎ᠡ ᠲᠦᠷᠦᠯ᠎ᠦᠨ ᠲᠦᠷᠦ᠍᠎ᠶ᠋ᠢᠨ ᠪᠤᠳᠤᠯᠭ᠎ᠠ᠂ ᠪᠡᠯᠡ ᠮᠥᠩᠭᠥ᠌᠂ ᠴᠢᠳᠠᠪᠤᠷᠢᠲᠠᠨ᠎ᠤ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠨᠡᠢᠳᠭᠡᠵᠦ᠍᠂ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢᠨ ᠰᠡᠳᠭᠢᠴᠡ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃ ᠳ᠋ᠠ ᠪᠧᠶ ᠭᠧᠦ ᠪᠠᠯᠭᠠᠰᠤᠨ᠎ᠤ ᠨᠠᠮ᠎ᠤᠨ ᠬᠣᠷᠢᠶ᠎ᠠ ᠰᠠᠨᠠᠭᠠᠴᠢᠯᠠᠭ᠎ᠠ᠎ᠠᠴᠠ᠎ᠪᠠᠨ ᠬᠣᠱᠢᠭᠤᠴᠢᠯᠠᠨ ᠵᠢᠯᠣᠭᠣᠳᠴᠤ᠌᠂ ᠵᠢᠦ ᠬᠤᠤ ᠲᠣᠰᠭᠣᠨ᠎ᠤ ᠨᠠᠮ᠎ᠤᠨ ᠡᠭᠦᠷ ᠳᠠᠢᠴᠢᠨ ᠪᠡᠬᠢᠯᠡᠯᠲᠡ᠎ᠶ᠋ᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ EPCO (ᠵᠢᠷᠤᠵᠤ ᠲᠥᠯᠥᠪᠯᠡᠬᠦ᠌᠂ ᠬᠤᠳᠠᠯᠳᠤᠨ ᠠᠪᠬᠤ᠂ ᠪᠠᠷᠢᠯᠭ᠎ᠠ ᠪᠠᠷᠢᠬᠤ᠂ ᠡᠵᠡᠩᠨᠡᠬᠦ᠌) ᠨᠢᠭᠡ ᠴᠤᠭ᠍ᠴᠠᠵᠢᠭᠤᠯᠤᠭ᠍ᠰᠠᠨ ᠡᠵᠡᠩᠨᠡᠯᠲᠡ᠎ᠶ᠋ᠢᠨ ᠵᠠᠭ᠍ᠪᠤᠷ᠎ᠢ ᠲᠦᠷᠦᠭᠦᠯᠡᠨ ᠬᠡᠷᠡᠭ᠌ᠵᠢᠭᠦᠯᠵᠦ᠍᠂ ᠲᠤᠰᠭᠠᠶ ᠮᠡᠷᠭᠡᠵᠢᠯ᠎ᠦᠨ ᠬᠦᠴᠦᠨ᠎ᠢ ᠡᠮᠬᠢᠯᠡᠨ ᠨᠡᠢᠯᠡᠭᠦᠯᠵᠦ᠍᠂ ᠪᠥᠬᠥ᠌ ᠬᠡᠯᠬᠢᠶᠡᠨ᠎ᠦ ᠪᠢᠲᠡᠭᠦᠮᠵᠢᠯᠡᠭ᠌ᠰᠡᠨ ᠬᠥᠭ᠌ᠵᠢᠯᠲᠡ᠎ᠶ᠋ᠢᠨ ᠱᠢᠰᠲ᠋ᠧᠮ᠎ᠢ ᠪᠠᠢᠭᠤᠯᠪᠠ᠃ ᠣᠳᠣᠬᠠᠨ᠎ᠳᠤ᠂ 1.1 ᠲᠦᠮᠡ ᠭᠠᠷᠤᠶ ᠲᠡᠭ᠌ᠰᠢ ᠳᠥᠷᠪᠡᠯᠵᠢᠨ ᠮᠧᠲ᠋ᠷ᠎ᠦᠨ ᠪᠠᠷᠢᠮᠵᠢᠶᠠᠵᠢᠭ᠍ᠰᠠᠨ ᠮᠢᠬᠠᠨ᠎ᠤ ᠦᠬᠡᠷ᠎ᠦᠨ ᠬᠠᠱᠢᠶ᠎ᠠ ᠰᠠᠷᠠᠪᠴᠢ ᠪᠠ ᠬᠡᠪᠴᠢᠶᠡᠵᠢᠭ᠌ᠰᠡᠨ ᠢᠳᠡᠱᠢᠨ ᠨᠣᠭᠣᠭ᠎ᠠ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠨᠢᠭᠡᠨᠲᠡ ᠠᠩᠬ᠎ᠠ ᠠᠯᠬᠤᠮ ᠬᠡᠪᠴᠢᠶᠡᠵᠢᠵᠦ᠍᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠬᠤᠭᠤᠴᠠᠭᠠᠨ᠎ᠳᠤ ᠲᠣᠰ ᠭᠠᠵᠠᠷ᠎ᠤᠨ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢ ᠤᠷᠢᠳ᠎ᠢᠶᠠᠷ ᠬᠠᠩᠭᠠᠵᠤ᠂ ᠡᠵᠡᠩᠨᠡᠯᠲᠡ᠎ᠶ᠋ᠢᠨ ᠱᠠᠲᠤᠨ᠎ᠳᠤ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠢ ᠪᠠᠢᠩᠭᠤᠵᠢᠭᠤᠯᠤᠨ ᠥᠷᠨᠢᠭᠦᠯᠵᠦ᠍᠂ ᠲᠣᠰᠭᠣᠨ᠎ᠤ ᠠᠷᠠᠳ᠎ᠢ ᠬᠥᠲᠥᠯᠥᠨ ᠵᠢᠯᠣᠭᠣᠳᠴᠤ᠌ 《ᠬᠠᠵᠠᠭᠤ ᠡᠴᠡ ᠬᠠᠷᠠᠭ᠍ᠴᠢ》 ᠪᠠᠢᠭ᠍ᠰᠠᠨ᠎ᠠᠴᠠ 《ᠣᠷᠣᠯᠴᠠᠭ᠍ᠴᠢ》 ᠪᠠ 《ᠠᠱᠢᠭ ᠬᠦᠷᠲᠡᠭ᠌ᠴᠢ》 ᠪᠣᠯᠭᠠᠨ ᠬᠤᠪᠢᠷᠠᠭᠤᠯᠪᠠ᠃
《ᠬᠣᠶᠠᠷ ᠭᠤᠤᠯᠳᠠᠯᠭ᠎ᠠ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠍ ᠠᠮᠢᠵᠢᠷᠠᠯ᠎ᠤᠨ ᠬᠦᠴᠦᠨ ᠢ ᠬᠦᠭᠵᠢᠭᠡᠵᠦ᠂ 《ᠨᠠᠮ᠎ᠤᠨ ᠪᠠᠢᠭᠤᠯᠤᠯᠲᠠ ᠪᠡᠷᠬᠦᠳᠦᠯᠦᠨ ᠳᠠᠭᠠᠭᠤᠯᠵᠦ ᠬᠣᠯᠪᠣᠭᠠᠯᠠᠨ ᠪᠠᠢᠭᠤᠯᠬᠤ》 ᠪᠠ 《ᠭᠣᠣᠯᠯᠠᠬᠤ ᠠᠵᠤ ᠦᠢᠯᠡᠰ ᠦᠨ ᠲᠤᠯᠭᠠᠭᠤᠷᠢᠯᠠᠯ》 ᠵᠢᠡᠷ ᠬᠣᠣᠰ ᠬᠥᠳᠡᠯᠭᠡᠭᠦᠷ ᠪᠣᠯᠭᠠᠵᠤ᠂ ᠠᠵᠤ ᠦᠢᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ ᠲᠤᠯᠤᠨ ᠨᠤᠤᠷ ᠱᠢᠶᠠᠨ《ᠱᠢᠯᠢᠳᠡᠭ ᠢ ᠲᠡᠳᠬᠦᠵᠦ᠍ ᠬᠦᠴᠦᠷᠬᠡᠭ᠎ᠢ ᠲᠡᠳᠬᠦᠬᠦ᠌᠂ ᠬᠦᠴᠦᠷᠬᠡᠭ᠎ᠢᠶᠡᠷ ᠪᠠᠭᠤᠷᠠᠢ᠎ᠶ᠋ᠢ ᠳᠠᠢᠴᠢᠯᠠᠬᠤ᠂ ᠠᠭᠤᠰᠤᠯᠴᠠᠨ ᠬᠥᠭ᠌ᠵᠢᠬᠦ᠌》 ᠰᠡᠳᠭᠢᠴᠡ ᠶᠣᠰᠣᠭᠠᠷ᠂ ᠵᠢᠦ ᠬᠤᠤ ᠲᠣᠰᠭᠣᠨ ᠪᠣᠯᠤᠨ ᠡᠷᠬᠢᠨ ᠲᠣᠭᠣᠷᠢᠨ᠎ᠤ ᠲᠣᠰᠭᠣᠨ᠎ᠤ ᠨᠠᠮ᠎ᠤᠨ ᠪᠠᠢᠭᠤᠯᠤᠯᠲᠠ᠎ᠶ᠋ᠢᠨ ᠬᠣᠯᠪᠣᠭᠠᠲᠤ ᠴᠣᠭ᠍ᠴᠠ ᠶ᠋ᠢ ᠪᠠᠢᠭᠤᠯᠬᠤ ᠶ᠋ᠢ ᠠᠬᠢᠭᠤᠯᠵᠤ᠂ 《ᠬᠣᠯᠪᠣᠭᠠᠯᠠᠨ ᠬᠠᠮᠲᠤ᠎ᠪᠠᠷ ᠪᠠᠢᠭᠤᠯᠬᠤ + ᠺᠣᠮᠫᠠᠨᠢ + ᠬᠤᠷᠱᠢᠶ᠎ᠠ + ᠲᠠᠷᠢᠶᠠᠴᠢᠨ ᠡᠷᠦᠬᠡ》 ᠵᠢᠨ ᠵᠠᠭ᠍ᠪᠤᠷ ᠢ ᠪᠠᠢᠭᠤᠯᠬᠤ᠎ᠪᠠᠷ ᠳᠠᠮᠵᠢᠨ᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌᠂ ᠲᠦᠬᠦᠭᠡᠷᠤᠮᠵᠢᠳᠤ ᠢᠳᠡᠱᠢᠨ ᠨᠣᠭᠣᠭ᠎ᠠ ᠵᠡᠷᠭᠡ ᠬᠣᠶᠠᠷ ᠶᠡᠬᠡ ᠭᠣᠣᠯᠯᠠᠭ᠍ᠴᠢ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠪᠡ᠃ ᠨᠠᠮ᠎ᠤᠨ ᠪᠠᠢᠭᠤᠯᠤᠯᠲᠠ᠎ᠶ᠋ᠢᠨ ᠬᠣᠯᠪᠣᠭᠠᠯᠠᠨ ᠪᠠᠢᠭᠤᠯᠬᠤ ᠲᠠᠪᠴᠠᠩ᠎ᠳᠤ ᠲᠦᠱᠢᠭ᠌ᠯᠡᠨ᠂ ᠵᠢᠦ ᠬᠤᠤ ᠲᠣᠰᠭᠣᠨ ᠠᠵᠤ ᠦᠶ᠋ᠯᠡᠰ᠎ᠦᠨ ᠪᠠᠷᠢᠮᠵᠢᠶᠠᠵᠢᠭ᠍ᠰᠠᠨ᠂ ᠲᠥᠷᠥᠯ ᠲᠡᠮᠳᠡᠭ᠌ᠵᠢᠭ᠌ᠰᠡᠨ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠪᠠ᠃ ᠺᠠᠩ ᠹᠦ᠋ ᠱᠧᠩ᠄《ᠣᠲᠣ ᠮᠢᠬᠠᠨ᠎ᠤ ᠦᠬᠡᠷ᠎ᠦᠨ ᠲᠣᠭ᠎ᠠ 600 ᠪᠠᠢᠭ᠍ᠰᠠᠨ᠎ᠠᠴᠠ᠎ᠪᠠᠨ 1040 ᠪᠣᠯᠵᠣ᠂ ᠢᠳᠡᠱᠢᠨ ᠨᠣᠭᠣᠭ᠎ᠠ ᠳᠠᠷᠢᠬᠤ ᠲᠠᠯᠠᠪᠠᠶ 1200 ᠮᠥ᠍ ᠪᠠᠢᠭ᠍ᠰᠠᠨ᠎ᠠᠴᠠ᠎ᠪᠠᠨ 1800 ᠮᠥ᠍ ᠪᠣᠯᠵᠣ ᠨᠡᠮᠡᠭ᠌ᠳᠡᠪᠡ᠃ ᠪᠢᠳᠡ ᠡᠳ᠋ ᠦᠨ ᠵᠠᠰᠠᠭ᠎ᠤᠨ ᠲᠠᠷᠢᠶᠠᠯᠠᠩ᠎ᠳᠤ ᠬᠣᠯᠪᠣᠭ᠍ᠳᠠᠭ᠍ᠰᠠᠨ ᠪᠠᠯᠠ ᠮᠥᠩᠭᠥ᠎ᠶ᠋ᠢ ᠡᠮᠬᠢᠯᠡᠨ ᠨᠡᠢᠯᠡᠭᠦᠯᠵᠦ᠍ ᠲᠣᠭ᠍ᠲᠠᠮᠠᠯ ᠬᠥᠷᠥᠩᠭᠡ ᠪᠣᠯᠭᠠᠨ ᠪᠠᠢᠭᠤᠯᠵᠤ᠂ 〈ᠲᠦᠷᠢᠶᠡᠰᠦᠯᠡᠨ ᠡᠵᠡᠩᠨᠡᠬᠦ᠌ + ᠠᠱᠢᠭ ᠣᠷᠣᠯᠭ᠎ᠠ᠎ᠶ᠋ᠢᠨ ᠬᠤᠪᠢᠳᠠᠯ〉 ᠵᠢᠡᠷ ᠲᠤᠰᠭᠠᠶ ᠠᠵᠤ ᠠᠬᠤᠢᠯᠠᠯ᠎ᠢ ᠣᠷᠣᠭᠤᠯᠤᠨ ᠠᠪᠴᠢᠷᠠᠵᠦ ᠡᠵᠡᠩᠨᠡᠭᠦᠯᠵᠦ᠂ ᠲᠣᠰᠭᠣᠨ᠎ᠤ ᠠᠷᠠᠳ ᠭᠠᠵᠠᠷ ᠱᠢᠷᠣᠶ᠎ᠶ᠋ᠢᠨ ᠲᠦᠷᠢᠶᠡᠰᠦᠨ ᠮᠥᠩᠭᠥ᠌ ᠠᠪᠴᠤ᠌ ᠪᠣᠯᠬᠤ ᠮᠥᠷᠲᠡᠭᠡᠨ ᠪᠠᠰᠠ ᠰᠠᠭᠤᠷᠢᠨ᠎ᠳᠦ ᠬᠦᠯᠦᠰᠦᠨ ᠠᠵᠢᠯ ᠬᠢᠵᠦ ᠪᠣᠯᠤᠨ᠎ᠠ᠂ 100 ᠲᠠᠷᠢᠶᠠᠴᠢᠨ ᠡᠷᠦᠬᠡ᠎ᠶ᠋ᠢᠨ ᠵᠢᠯ ᠪᠦᠷᠢ᠎ᠶ᠋ᠢᠨ ᠣᠷᠣᠯᠭ᠎ᠠ ᠨᠢ 5 ᠲᠦᠮᠡᠨ ᠲᠥᠭᠥᠷᠢᠭ ᠨᠡᠮᠡᠭ᠌ᠳᠡᠵᠦ᠍᠂ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ ᠨᠢ 8000 ᠲᠥᠭᠥᠷᠢᠭ ᠪᠠᠢᠭ᠍ᠰᠠᠨ᠎ᠠᠴᠠ᠎ᠪᠠᠨ 2 ᠲᠦᠮᠡᠨ ᠲᠥᠭᠥᠷᠢᠭ ᠪᠣᠯᠵᠣ ᠨᠡᠮᠡᠭ᠌ᠳᠡᠵᠠᠢ》 ᠭᠡᠪᠡ᠃
《ᠭᠤᠷᠪᠠ ᠶ᠋ᠢ ᠡᠭᠦᠳᠬᠦ᠌》 ᠵᠢ ᠭᠦᠨᠵᠡᠭᠡᠢᠷᠡᠭᠦᠯᠦᠨ ᠪᠡᠬᠢᠯᠡᠯᠲᠡ ᠪᠠᠨ ᠬᠦᠴᠦᠷᠭᠡᠭᠵᠢᠬᠦᠯᠵᠦ᠂ ᠬᠠᠮᠲᠤ᠎ᠪᠠᠷ ᠪᠠᠶᠠᠵᠢᠨ ᠴᠢᠨᠡᠭᠡᠯᠢᠭ᠌ᠵᠢᠬᠦ᠌ ᠬᠠᠮᠳᠤᠷᠠᠯ ᠬᠦᠴᠦᠨ᠎ᠢ ᠨᠢᠭ᠍ᠲᠠᠷᠠᠭᠤᠯᠪᠠ᠃ ᠲᠤᠯᠤᠨ ᠨᠤᠤᠷ ᠱᠢᠶᠠᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠷᠢᠮᠵᠢᠶᠠᠵᠢᠭᠤᠯᠤᠨ ᠴᠤᠬᠴᠠᠯᠠᠬᠤ᠂ ᠨᠠᠮ ᠤᠨ ᠭᠡᠱᠢᠭᠦᠨ᠎ᠦ ᠭᠣᠣᠯᠯᠠᠬᠤ ᠡᠷᠦᠬᠡ᠎ᠶ᠋ᠢ ᠡᠭᠦᠳᠦᠨ ᠪᠠᠢᠭᠤᠯᠬᠤ᠂ 《ᠰᠢᠶᠠᠩ ᠪᠠᠯᠭᠠᠰᠦ ᠶᠢ ᠠᠳᠬᠤᠵᠦ ᠬᠦᠳᠡᠭᠡ ᠲᠣᠰᠭᠣᠨ᠎ᠢ ᠠᠬᠢᠭᠤᠯᠵᠤ ᠡᠷᠦᠭᠡ᠎ᠶ᠋ᠢ ᠳᠠᠢᠴᠢᠯᠠᠬᠤ》 ᠦᠨᠡᠯᠡᠨ ᠱᠢᠯᠭᠠᠷᠠᠭᠤᠯᠬᠤ ᠭᠤᠷᠪᠠᠨ ᠶᠡᠬᠡ ᠠᠷᠭ᠎ᠠ ᠬᠡᠮᠵᠢᠶ᠎ᠡ᠎ᠪᠡᠷ ᠳᠠᠮᠵᠢᠨ᠂ ᠲᠦᠷᠦᠯ ᠲᠡᠮᠳᠡᠭ ᠡᠭᠦᠳᠬᠦ᠌᠂ ᠬᠡᠪ ᠳᠠᠭᠤᠷᠢᠶᠠᠯ ᠦᠵᠡᠬᠦᠯᠬᠦ᠂ ᠵᠢᠱ᠌ᠢᠢ᠎ᠡ ᠦᠵᠡᠭᠦᠯᠦᠨ ᠳᠠᠢᠴᠢᠯᠠᠬᠤ ᠠᠵᠢᠯ ᠢ ᠪᠣᠳᠠᠲᠠᠢ ᠠᠳᠭᠤᠵᠤ᠂ ᠦᠨᠳᠦᠰᠦᠨ ᠱᠠᠲᠤᠨ ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ 《ᠭᠣᠣᠯᠯᠠᠭ᠍ᠴᠢ》 ᠦᠢᠯᠡᠳᠦᠯ᠎ᠢ ᠴᠢᠩᠭᠠᠳᠭᠠᠵᠤ᠂ ᠨᠠᠮ᠎ᠤᠨ ᠭᠡᠱᠢᠭᠦᠨ᠎ᠤ 《ᠲᠦᠷᠦᠬᠦᠴᠢ ᠭᠠᠯᠠᠭᠤ》 ᠵᠢᠨ ᠦᠢᠯᠡᠳᠦᠯ ᠵᠢᠡᠨ ᠪᠠᠳᠠᠷᠠᠭᠤᠯᠬᠤ᠎ᠶᠢ ᠬᠦᠳᠦᠯᠦᠨ ᠵᠢᠯᠣᠭᠣᠳᠴᠤ᠌᠂ ᠵᠠᠯᠠᠭᠤ ᠲᠠᠷᠢᠶᠠᠴᠢᠨ᠂ ᠪᠠᠶᠠᠵᠢᠯ ᠤᠨ ᠴᠢᠳᠠᠪᠤᠷᠢᠲᠠᠨ ᠵᠡᠷᠭᠡ ᠶ᠋ᠢ ᠨᠠᠮ ᠤᠨ ᠵᠣᠬᠢᠶᠠᠨ ᠪᠠᠢᠭᠤᠯᠤᠯᠲᠠ᠎ᠳᠤ ᠰᠢᠩᠭᠡᠭᠡᠨ ᠠᠪᠴᠦ᠂ ᠪᠦᠬᠦ᠌ ᠠᠷᠠᠳ ᠤᠨ ᠬᠠᠮᠲᠤ ᠪᠠᠷ ᠴᠢᠨᠡᠭᠡᠯᠢᠭ᠌ᠵᠢᠬᠦ᠌ ᠬᠠᠮᠲᠤᠷᠠᠯ ᠬᠦᠴᠦᠨ ᠢ ᠨᠢᠭ᠍ᠲᠠᠷᠠᠭᠤᠯᠪᠠ᠃ 2025 ᠣᠨ᠎ᠤ ᠡᠴᠦᠰ ᠪᠣᠯᠬᠤ᠎ᠳᠤ᠂ ᠵᠢᠦ ᠬᠤᠤ ᠲᠣᠰᠭᠣᠨ᠎ᠤ ᠬᠠᠮᠲᠤ ᠶ᠋ᠢᠨ ᠠᠵᠤ ᠠᠬᠤᠶ᠎ᠶ᠋ᠢᠨ ᠣᠷᠣᠯᠭ᠎ᠠ 120 ᠲᠦᠮᠡᠨ ᠲᠥᠭᠥᠷᠢᠭ᠎ᠢ ᠳᠠᠪᠠᠵᠠᠢ᠃