ᠲᠠᠷᠢᠶᠠᠴᠢᠳ᠎ᠤᠨ ᠣᠷᠣᠯᠭ᠎ᠠ᠎ᠶᠢᠨ ᠲᠣᠭᠲᠠᠭᠤᠨ ᠨᠡᠮᠡᠭᠳᠡᠯ᠎ᠢ ᠠᠬᠢᠭᠤᠯᠬᠤ ᠵᠢᠨ ᠴᠢᠬᠤᠯᠠ ᠴᠢᠨᠠᠷ
2026-03-02 10:00:43
ᠵᠣᠬᠢᠶᠠᠭ᠍ᠴᠢ᠄
ᠸᠠᠩ ᠴᠢᠦ ᠮᠧᠶ
ᠣᠩᠱᠢᠭ᠍ᠰᠠᠨ ᠣᠳᠠᠭ᠎ᠠ᠄
★★★☆☆

2026 ᠣᠨ᠎ᠤ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ᠎ᠳᠦ 《ᠲᠠᠷᠢᠶᠠᠴᠢᠳ᠎ᠤᠨ ᠣᠷᠣᠯᠭ᠎ᠠ᠎ᠶᠢᠨ ᠲᠣᠭᠲᠠᠭᠤᠨ ᠨᠡᠮᠡᠭᠳᠡᠯ᠎ᠢ ᠢᠳᠡᠪᠬᠢᠲᠡᠢ ᠠᠬᠢᠭᠤᠯᠤᠨ᠎ᠠ》 ᠭᠡᠵᠦ ᠲᠣᠳᠣᠷᠬᠠᠢ ᠳᠤᠷᠠᠳᠴᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ᠎ᠳᠦ ᠬᠦᠳᠡᠭᠡ ᠠᠵᠦ ᠠᠬᠣᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠳᠤ ᠰᠢᠨ᠎ᠡ ᠵᠢᠷᠤᠭ ᠲᠥᠰᠥᠪ᠎ᠢ ᠵᠢᠷᠤᠭᠯᠠᠵᠤ ᠥᠭᠴᠡᠢ᠃ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠨᠢ ᠠᠵᠤ ᠠᠬᠤᠢ᠎ᠶᠢᠨ ᠠᠰᠠᠭᠤᠳᠠᠯ ᠪᠣᠯᠬᠤ᠎ᠪᠠᠷ ᠪᠠᠷᠠᠬᠤ ᠦᠭᠡᠢ ᠨᠡᠩ ᠴᠤ᠌ ᠬᠠᠮᠲᠤ᠎ᠪᠠᠷ ᠪᠠᠶᠠᠵᠢᠬᠣ ᠬᠠᠷᠠᠯᠲᠠ᠎ᠶᠢ ᠪᠡᠶᠡᠯᠡᠭᠦᠯᠬᠦ ᠪᠠ ᠨᠡᠢᠭᠡᠮ᠎ᠦᠨ ᠥᠨᠢ ᠤᠳᠠᠭᠠᠨ ᠠᠮᠤᠷ ᠲᠦᠪᠰᠢᠨ ᠪᠠᠢᠬᠤ᠎ᠳᠤ ᠬᠣᠯᠪᠣᠭᠳᠠᠬᠤ ᠤᠯᠤᠰ ᠲᠦᠷᠦ᠎ᠶᠢᠨ ᠠᠰᠠᠭᠤᠳᠠᠯ ᠮᠥᠨ᠃ ᠲᠠᠷᠢᠶᠠᠴᠢᠳ᠎ᠤᠨ ᠣᠷᠣᠯᠭ᠎ᠠ ᠲᠣᠭᠲᠠᠭᠤᠨ ᠪᠠᠢᠬᠤ ᠪᠣᠯ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢᠨ 《ᠰᠠᠭᠤᠷᠢ ᠴᠢᠯᠠᠭᠤ》 ᠮᠥᠨ᠂ ᠨᠠᠩ ᠴᠤ᠌ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢᠨ ᠦᠷ᠎ᠡ ᠪᠦᠲᠦᠮᠵᠢ᠎ᠶᠢ ᠰᠢᠯᠭᠠᠬᠤ 《ᠰᠢᠯᠭᠠᠭᠤᠷ》 ᠮᠥᠨ᠃ ᠠᠷᠭ᠎ᠠ ᠪᠦᠬᠦᠨ᠎ᠢ ᠰᠦᠪᠡᠭᠴᠢᠯᠡᠨ ᠲᠠᠷᠢᠶᠠᠴᠢᠳ᠎ᠤᠨ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠶᠢ ᠠᠬᠢᠭᠤᠯᠵᠤ᠂ ᠲᠠᠷᠢᠶᠠᠴᠢᠳ᠎ᠤᠨ ᠠᠮᠢᠳᠤᠷᠠᠯ᠎ᠢ ᠨᠠᠩ ᠪᠠᠶᠠᠨ ᠴᠢᠨᠡᠭᠡᠯᠢᠭ ᠰᠠᠢᠨ ᠰᠠᠢᠬᠠᠨ ᠪᠣᠯᠭᠠᠬᠤ ᠪᠣᠯ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠴᠢᠬᠤᠯᠠ ᠵᠢᠷᠤᠮᠯᠠᠯ ᠮᠥᠨ᠃

ᠠᠮᠤ ᠪᠤᠳᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠴᠣᠭᠴᠠᠯᠠᠵᠤ᠂ ᠲᠠᠷᠢᠶᠠᠴᠢᠳ᠎ᠲᠤ ᠪᠣᠳᠠᠲᠠᠢ ᠠᠰᠢᠭ᠋ ᠬᠦᠷᠲᠡᠭᠡᠨ᠎ᠡ᠃ ᠠᠮᠤ ᠪᠤᠳᠠᠭᠠᠨ᠎ᠤ ᠠᠮᠤᠷ ᠲᠦᠪᠰᠢᠨ ᠪᠣᠯ 《ᠤᠯᠤᠰ᠎ᠤᠨ ᠶᠡᠬᠡ ᠶᠠᠪᠤᠳᠠᠯ》 ᠮᠥᠨ᠂ ᠠᠮᠤ ᠪᠤᠳᠠᠭᠠᠨ᠎ᠤ ᠦᠢᠯᠡᠳᠪᠦᠷᠢᠯᠡᠯ᠎ᠢ ᠡᠷᠬᠡᠪᠰᠢ ᠥᠴᠥᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠬᠤᠬᠤ ᠬᠡᠷᠡᠭᠲᠡᠢ᠃ 2026 ᠣᠨ᠎ᠤ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ᠎ᠳᠤ 《ᠠᠮᠤ ᠪᠤᠳᠠᠭᠠᠨ᠎ᠤ ᠤᠨᠠᠯᠲᠠ᠎ᠶᠢ 1.4 ᠲᠦᠮᠡᠨ ᠳ᠋ᠦᠩᠰᠢᠭᠤᠷ ᠵᠢᠩ ᠣᠷᠴᠢᠮ᠎ᠳᠤ ᠲᠣᠭᠲᠠᠪᠤᠷᠢᠵᠢᠭᠤᠯᠤᠨ᠎ᠠ》 ᠭᠡᠵᠦ ᠲᠣᠳᠣᠷᠬᠠᠢ ᠲᠣᠭᠲᠠᠭᠠᠵᠤ᠂ 《ᠤᠨᠠᠯᠳᠠ ᠪᠠ ᠦᠢᠯᠡᠳᠪᠦᠷᠢᠯᠡᠯ᠎ᠦᠨ ᠴᠢᠳᠠᠪᠤᠷᠢ᠂ ᠦᠢᠯᠡᠳᠪᠦᠷᠢᠯᠡᠯ᠎ᠦᠨ ᠠᠮᠢ ᠠᠬᠤᠢ᠂ ᠤᠨᠠᠯᠳᠠ ᠪᠠ ᠣᠷᠣᠯᠭ᠎ᠠ᠎ᠶᠢᠨ ᠨᠡᠮᠡᠭᠳᠡᠯ᠎ᠢ ᠬᠠᠮᠲᠤ ᠳ᠋ᠤᠨᠢ ᠠᠳᠬᠤᠬᠤ᠎ᠶᠢ ᠪᠠᠷᠢᠮᠲᠠᠯᠠᠨ᠎ᠠ》 ᠭᠡᠵᠦ ᠳᠤᠷᠠᠳᠤᠨ᠂ 《ᠦᠨ᠎ᠡ ᠬᠠᠩᠰᠢ᠂ ᠨᠥᠬᠥᠪᠦᠷᠢ᠂ ᠳᠠᠭᠠᠳᠬᠠᠯ ᠵᠡᠷᠭᠡ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠪᠠ ᠬᠠᠮᠵᠢᠯᠴᠠᠭ᠎ᠠ᠎ᠶᠢ ᠴᠢᠩᠭᠠᠳᠬᠠᠬᠤ》 ᠎ᠪᠠᠷ ᠳᠠᠮᠵᠢᠨ᠂ ᠲᠠᠷᠢᠶᠠᠴᠢᠳ᠎ᠢ ᠲᠠᠷᠢᠶ᠎ᠡ ᠳᠠᠷᠢᠬᠤ᠎ᠳᠤ ᠤᠯᠵᠠᠪᠤᠷᠢ᠎ᠲᠠᠢ ᠪᠣᠯᠭᠠᠨ᠎ᠠ ᠭᠡᠵᠡᠢ᠃ ᠣᠳᠣᠬᠠᠨ᠎ᠳᠤ ᠠᠮᠤ ᠪᠤᠳᠠᠭᠠᠨ᠎ᠤ ᠭᠣᠣᠯ ᠭᠠᠷᠤᠯᠲᠠ᠎ᠶᠢᠨ ᠣᠷᠣᠨ᠎ᠳᠤ᠂ ᠵᠡᠭᠦᠨ ᠬᠣᠢᠲᠤ ᠣᠷᠣᠨ᠎ᠤ ᠬᠠᠷ᠎ᠠ ᠬᠥᠷᠥᠰᠥ᠎ᠡᠴᠡ ᠬᠠᠳᠤᠨ ᠭᠣᠣᠯ ᠬᠤᠸᠠᠢᠾᠧ ᠭᠣᠣᠯ ᠬᠠᠢᠾᠧ ᠭᠣᠣᠯ᠎ᠤᠨ ᠲᠠᠯ᠎ᠠ ᠭᠠᠵᠠᠷ ᠬᠦᠷᠲᠡᠯ᠎ᠡ᠂ ᠡᠯ᠎ᠡ ᠭᠠᠵᠠᠷ᠎ᠤᠨ ᠬᠢᠨ ᠠᠮᠤ ᠪᠤᠳᠠᠭ᠎ᠠ ᠵᠢᠨ ᠦᠢᠯᠡᠳᠪᠦᠷᠢᠯᠡᠯ᠎ᠦᠨ ᠴᠢᠳᠠᠪᠤᠷᠢ᠎ᠶᠢ ᠲᠠᠷᠢᠶᠠᠨ ᠭᠠᠵᠠᠷ ᠬᠦᠷᠲᠡᠯ᠎ᠡ ᠪᠠᠢᠷᠢᠰᠢᠭᠤᠯᠵᠤ᠂ ᠠᠮᠤ ᠪᠤᠳᠠᠭ᠎ᠠ ᠨᠥᠭᠡᠴᠡᠯᠡᠨ ᠲᠡᠭᠡᠭᠡᠪᠦᠷᠢᠯᠡᠬᠦ ᠬᠣᠷᠣᠭᠳᠠᠯ᠎ᠢ ᠪᠠᠭᠠᠰᠬᠠᠭᠰᠠᠨ᠎ᠢᠶᠠᠷ ᠪᠠᠷᠠᠬᠤ ᠦᠭᠡᠢ ᠪᠠᠰᠠ ᠲᠠᠷᠢᠶᠠᠴᠢᠳ᠎ᠲᠤ ᠡᠳ᠋ᠰᠢᠭᠦᠯᠬᠦ ᠨᠡᠮᠡᠭᠳᠡᠯ ᠦᠷᠳᠡᠭ᠎ᠦᠨ ᠠᠰᠢᠭ᠋ ᠣᠷᠣᠯᠭ᠎ᠠ᠎ᠶᠢ ᠬᠤᠪᠢᠶᠠᠨ ᠡᠳ᠋ᠯᠡᠭᠦᠯᠵᠦ᠂ 《ᠠᠮᠤ ᠪᠤᠳᠠᠭ᠎ᠠ ᠵᠢᠨ ᠲᠠᠷᠢᠮᠠᠯ ᠲᠠᠷᠢᠪᠠᠯ ᠵᠣᠭᠣᠰ ᠣᠯᠬᠤ ᠦᠭᠡᠢ》 ᠪᠠᠢᠳᠠᠯ᠎ᠢ ᠲᠤᠢᠯᠪᠤᠷᠢᠲᠠᠢ ᠬᠤᠪᠢᠷᠠᠭᠤᠯᠵᠠᠢ᠃ ᠲᠠᠷᠢᠶᠠᠴᠢᠳ ᠠᠮᠤ ᠪᠤᠳᠠᠭ᠎ᠠ ᠵᠢᠨ ᠲᠠᠷᠢᠮᠠᠯ ᠲᠠᠷᠢᠬᠤ ᠳᠤᠷᠠᠲᠠᠢ ᠡᠰᠡᠬᠦ᠂ ᠬᠡᠳᠦᠢ ᠠᠮᠤ ᠪᠤᠳᠠᠭ᠎ᠠ ᠵᠢᠨ ᠲᠠᠷᠢᠮᠠᠯ ᠲᠠᠷᠢᠬᠤ ᠳᠤᠷᠠᠲᠠᠢ ᠪᠠᠢᠬᠤ᠎ᠶᠢ ᠦᠵᠡᠬᠦ᠎ᠳᠦ᠂ ᠵᠠᠩᠭᠢᠯᠠᠭ᠎ᠠ ᠨᠢ ᠠᠮᠤ ᠪᠤᠳᠠᠭ᠎ᠠ ᠵᠢᠨ ᠲᠠᠷᠢᠮᠠᠯ ᠲᠠᠷᠢᠪᠠᠯ ᠬᠡᠳᠦᠢ ᠠᠰᠢᠭ᠋ ᠣᠯᠵᠠᠪᠤᠷᠢ ᠣᠯᠬᠤ ᠡᠰᠡᠬᠦ᠎ᠳᠦ ᠪᠠᠢᠨ᠎ᠠ᠂ ᠡᠨᠡ ᠪᠣᠯ ᠠᠮᠤ ᠪᠤᠳᠠᠭᠠᠨ᠎ᠤ ᠠᠮᠤᠷ ᠲᠦᠪᠰᠢᠨ ᠪᠣᠯᠣᠨ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠬᠠᠮᠵᠢᠯᠴᠠᠨ ᠬᠥᠭᠵᠢᠬᠦ᠎ᠶᠢ ᠪᠠᠲᠤᠯᠠᠬᠤ ᠭᠣᠣᠯ ᠠᠭᠤᠯᠭ᠎ᠠ ᠪᠣᠯᠣᠨ᠎ᠠ᠃

ᠰᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠤᠵᠠᠭᠠᠢᠷᠠᠭᠤᠯᠵᠤ᠂ ᠣᠨᠴᠠᠯᠢᠭ᠍ᠲᠤ ᠠᠵᠤ ᠦᠢᠯᠡᠰ᠎ᠢ ᠲᠠᠷᠢᠶᠠᠴᠢᠳ᠎ᠤᠨ ᠣᠷᠣᠯᠭ᠎ᠠ᠎ᠶᠢᠨ ᠨᠡᠮᠡᠭᠳᠡᠯ᠎ᠦᠨ ᠲᠣᠭᠲᠠᠭᠤᠨ ᠲᠤᠯᠭᠠᠭᠤᠷᠢᠯᠠᠯ ᠪᠣᠯᠭᠠᠨ᠎ᠠ᠃ ᠰᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠎ᠳᠤ᠂ ᠣᠷᠣᠨ ᠨᠤᠲᠤᠭ᠎ᠤᠨ ᠣᠨᠴᠠᠯᠢᠭ᠍ᠲᠤ ᠡᠬᠢ ᠪᠠᠶᠠᠯᠢᠭ᠋᠎ᠲᠤ ᠰᠠᠭᠤᠷᠢᠯᠠᠨ᠂ ᠵᠢᠵᠢᠭ ᠲᠥᠷᠥᠯ ᠵᠦᠢᠯ᠎ᠢ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ᠎ᠶᠢ ᠳᠠᠢᠴᠢᠯᠠᠬᠤ ᠲᠣᠮᠣ᠌ ᠠᠵᠤ ᠦᠢᠯᠡᠰ ᠪᠣᠯᠭᠠᠬᠤ ᠬᠡᠷᠡᠭᠲᠡᠢ᠃ 2026 ᠣᠨ᠎ᠤ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ᠎ᠳᠤ ᠪᠣᠬᠢᠷᠲᠤᠯ ᠦᠭᠡᠢ ᠲᠠᠷᠢᠶᠠᠯᠠᠩ᠂ ᠨᠠᠷᠠᠲᠤ ᠲᠦᠷᠦᠯ ᠲᠡᠮᠳᠡᠭᠲᠦ ᠲᠠᠷᠢᠶᠠᠯᠠᠩ᠎ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠵᠦ᠂ ᠲᠠᠷᠢᠶᠠᠯᠠᠩ᠎ᠤᠨ ᠣᠯᠠᠨ ᠵᠦᠢᠯ᠎ᠦᠨ ᠴᠢᠳᠠᠮᠵᠢ᠎ᠶᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠣᠨ᠎ᠤ ᠨᠢᠭᠡ  ᠬᠣᠶᠠᠷ ᠭᠤᠷᠪᠠᠳᠤᠭᠠᠷ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ ᠭᠡᠵᠦ ᠳᠤᠷᠠᠳᠪᠠ᠃ ᠡᠯ᠎ᠡ ᠭᠠᠵᠠᠷ᠎ᠦᠨ ᠬᠢᠨ ᠲᠣᠰ ᠭᠠᠵᠠᠷ᠎ᠤᠨ ᠡᠬᠢ ᠪᠠᠶᠠᠯᠢᠭ᠋᠎ᠲᠤ ᠰᠠᠭᠤᠷᠢᠯᠠᠨ ᠣᠨᠴᠠᠯᠢᠭ᠍ᠲᠤ ᠠᠵᠤ ᠦᠢᠯᠡᠰ᠎ᠢ ᠪᠣᠢᠵᠢᠭᠤᠯᠵᠤ᠂ ᠲᠠᠷᠢᠶᠠᠴᠢᠳ᠎ᠢ ᠦᠢᠯᠡᠳᠪᠦᠷᠢᠯᠡᠯ᠂ ᠡᠳ᠋ᠰᠢᠭᠦᠯᠦᠯᠲᠡ᠂ ᠪᠣᠷᠤᠯᠠᠭᠤᠯᠭ᠎ᠠ᠎ᠶᠢᠨ ᠡᠯ᠎ᠡ ᠭᠣᠭᠴᠣᠭ᠎ᠠ᠎ᠳᠤ ᠥᠷᠲᠡᠭ ᠨᠡᠮᠡᠭᠳᠡᠯ᠎ᠦᠨ ᠠᠰᠢᠭ᠋ ᠣᠯᠵᠠᠪᠤᠷᠢ ᠣᠯᠭᠣᠪᠠᠯ ᠰᠠᠶᠢ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ᠎ᠦᠨ ᠦᠢᠯᠡᠳᠦᠯ᠎ᠢ ᠪᠠᠳᠠᠷᠠᠭᠤᠯᠵᠤ᠂ ᠰᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠦᠨᠡᠨ ᠬᠦ᠌ ᠲᠠᠷᠢᠶᠠᠴᠢᠳ᠎ᠤᠨ ᠣᠷᠣᠯᠭ᠎ᠠ᠎ᠶᠢᠨ ᠨᠡᠮᠡᠭᠳᠡᠯ᠎ᠦᠨ ᠲᠣᠭᠲᠠᠭᠤᠨ ᠲᠤᠯᠭᠠᠭᠤᠷᠢᠯᠠᠯ ᠪᠣᠯᠭᠠᠵᠤ ᠴᠢᠳᠠᠨ᠎ᠠ᠃

ᠠᠵᠢᠯ ᠣᠯᠭᠣᠬᠤ ᠦᠢᠯᠡᠰ ᠪᠤᠰᠬᠠᠬᠤ᠎ᠶᠢ ᠬᠠᠪᠰᠤᠷᠤᠨ ᠲᠡᠳᠬᠦᠬᠦ᠎ᠶᠢ ᠴᠢᠩᠭ᠎ᠠ ᠠᠳᠬᠤᠵᠤ᠂ ᠬᠥᠯᠥᠰᠦᠨ ᠠᠵᠢᠯ ᠬᠢᠵᠦ ᠣᠯᠣᠭᠰᠠᠨ ᠣᠷᠣᠯᠭ᠎ᠠ᠎ᠶᠢ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠴᠢᠬᠤᠯᠠ ᠲᠤᠯᠭᠠᠭᠤᠷᠢ ᠪᠣᠯᠭᠠᠨ᠎ᠠ᠃ ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠂ ᠬᠥᠯᠥᠰᠦᠨ ᠠᠵᠢᠯᠴᠢᠨ᠎ᠤ ᠠᠵᠢᠯ ᠬᠢᠭᠰᠡᠨ ᠣᠷᠣᠯᠭ᠎ᠠ ᠪᠣᠯ ᠢᠮᠠᠭᠲᠠ ᠲᠠᠷᠢᠶᠠᠴᠢᠳ᠎ᠤᠨ ᠣᠷᠣᠯᠭ᠎ᠠ᠎ᠶᠢᠨ ᠴᠢᠬᠤᠯᠠ ᠪᠦᠷᠢᠯᠳᠦᠭᠦᠨ ᠬᠡᠰᠡᠭ ᠮᠥᠨ᠃ 2026 ᠣᠨ᠎ᠤ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠬᠥᠯᠥᠰᠦᠨ ᠲᠠᠷᠢᠶᠠᠴᠢᠨ᠎ᠤ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ ᠣᠯᠭᠣᠬᠤ᠎ᠶᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠭᠠᠳᠠᠭ᠍ᠰᠢ ᠭᠠᠷᠴᠤ ᠬᠥᠯᠥᠰᠦᠨ ᠠᠵᠢᠯ ᠬᠢᠬᠦ ᠦᠢᠯᠡᠴᠢᠯᠡᠭᠡᠨ᠎ᠦ ᠪᠠᠲᠤᠯᠠᠭ᠎ᠠ᠎ᠶᠢ ᠴᠢᠩᠭᠠᠳᠬᠠᠭᠰᠠᠨ᠎ᠢᠶᠠᠷ ᠪᠠᠷᠠᠬᠤ ᠦᠭᠡᠢ ᠪᠠᠰᠠ ᠨᠤᠲᠤᠭ᠎ᠲᠠᠭᠠᠨ ᠪᠤᠴᠠᠵᠤ ᠦᠢᠯᠡᠰ ᠪᠣᠰᠬᠠᠬᠤ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ 《ᠬᠥᠳᠡᠭᠡ ᠲᠣᠰᠬᠣᠨ᠎ᠤ ᠤᠷᠠᠨ ᠲᠠᠷᠬᠠᠨ》᠎ᠢ ᠪᠣᠢᠵᠢᠭᠤᠯᠬᠤ ᠢᠨᠵᠧᠨᠧᠷᠢᠩ᠎ᠢ ᠠᠬᠢᠭᠤᠯᠵᠤ᠂ ᠬᠥᠳᠡᠯᠮᠦᠷᠢᠯᠡᠬᠦ᠎ᠪᠡᠷ ᠲᠡᠳᠬᠦᠮᠵᠢ᠎ᠶᠢ ᠣᠷᠣᠯᠠᠭᠤᠯᠬᠤ ᠬᠡᠪᠴᠢᠶ᠎ᠡ᠎ᠶᠢ ᠥᠷᠭᠡᠳᠬᠡᠪᠡ᠃ ᠭᠤᠸᠠᠩᠳᠦ᠋ᠩ᠎ᠦᠨ᠎ᠳ᠋ᠦᠩ ᠭᠤᠸᠠᠨ ᠦᠢᠯᠡᠳᠬᠦ ᠦᠢᠯᠡᠰ᠎ᠦᠨ ᠳᠠᠪᠠᠭᠤᠯᠢᠭ᠋᠎ᠲᠠᠭᠠᠨ ᠲᠦᠰᠢᠭᠯᠡᠨ᠂ ᠬᠥᠯᠥᠰᠦᠨ ᠠᠵᠢᠯᠴᠢᠨ᠎ᠤ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ ᠵᠠᠭᠤ ᠭᠠᠷᠤᠢ ᠲᠦᠮᠡᠨ ᠬᠥᠮᠥᠨ ᠤᠳᠠᠭ᠎ᠠ ᠥᠷᠨᠢᠭᠦᠯᠵᠦ᠂ ᠡᠯᠧᠺᠲᠷᠣᠨ ᠬᠤᠳᠠᠯᠳᠤᠭᠠᠨ᠎ᠤ ᠡᠵᠡᠩᠨᠡᠯᠲᠡ᠂ ᠣᠶᠤᠨᠴᠢ ᠦᠢᠯᠡᠳᠬᠡᠯ ᠵᠡᠷᠭᠡ ᠳᠤᠲᠠᠭᠳᠠᠵᠤ ᠪᠠᠢᠭ᠎ᠠ ᠤᠷ᠎ᠠ ᠴᠢᠳᠠᠪᠤᠷᠢ᠎ᠶᠢ ᠭᠣᠣᠯᠳᠠᠯᠭ᠎ᠠ᠎ᠲᠠᠢ ᠪᠣᠯᠪᠠᠰᠤᠷᠠᠭᠤᠯᠵᠤ᠂ ᠬᠥᠯᠥᠰᠦᠨ ᠠᠵᠢᠯᠴᠢᠨ᠎ᠤ 《ᠪᠡᠶ᠎ᠡ᠎ᠳᠡᠭᠡᠨ ᠲᠦᠰᠢᠭᠯᠡᠨ ᠬᠣᠭᠣᠯᠠ ᠢᠳᠡᠵᠦ》 ᠪᠠᠢᠭᠰᠠᠨ᠎ᠠᠴᠠ᠎ᠪᠠᠨ 《ᠤᠷ᠎ᠠ ᠴᠢᠳᠠᠪᠤᠷᠢ᠎ᠪᠠᠷ᠎ᠢᠶᠠᠨ ᠪᠠᠶᠠᠵᠢᠬᠤ》 ᠲᠡᠢᠰᠢ ᠬᠤᠪᠢᠷᠠᠭᠤᠯᠬᠤ᠎ᠶᠢ ᠠᠬᠢᠭᠤᠯᠵᠤ᠂ ᠠᠵᠢᠯ ᠬᠥᠳᠡᠯᠮᠦᠷᠢ ᠬᠢᠭᠰᠡᠨ ᠣᠷᠣᠯᠭ᠎ᠠ᠎ᠶᠢ ᠳᠤᠮᠳᠠᠴᠢ᠎ᠪᠠᠷ 40%᠎ᠡᠴᠡ ᠳᠡᠭᠡᠭᠰᠢ ᠪᠡᠷ ᠳᠡᠭᠡᠭᠰᠢᠯᠡᠭᠦᠯᠪᠡ᠃ ᠭᠠᠳᠠᠭ᠍ᠰᠢ ᠭᠠᠷᠴᠤ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠬᠤ ᠪᠠ ᠨᠤᠲᠤᠭ᠎ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ ᠣᠯᠭᠣᠬᠤ ᠠᠷᠭ᠎ᠠ ᠵᠠᠮ᠎ᠢ ᠦᠷᠭᠦᠯᠵᠢᠯᠡᠨ ᠥᠷᠭᠡᠳᠬᠡᠪᠡᠯ ᠰᠠᠶᠢ ᠬᠥᠯᠥᠰᠦᠨ ᠠᠵᠢᠯ ᠬᠢᠵᠦ ᠪᠠᠢᠭ᠎ᠠ ᠣᠷᠣᠯᠭ᠎ᠠ᠎ᠶᠢ ᠲᠠᠷᠢᠶᠠᠴᠢᠳ᠎ᠤᠨ ᠣᠷᠣᠯᠭ᠎ᠠ᠎ᠶᠢᠨ ᠨᠡᠮᠡᠭᠳᠡᠯ᠎ᠳᠦ ᠨᠡᠩ ᠶᠡᠬᠡ ᠦᠢᠯᠡᠳᠦᠯ ᠪᠠᠳᠠᠷᠠᠭᠤᠯᠵᠤ ᠴᠢᠳᠠᠨ᠎ᠠ᠃

2026 ᠣᠨ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠠᠪᠤᠨ ᠵᠢᠯ᠎ᠦᠨ ᠰᠢᠯᠵᠢᠯᠲᠡ᠎ᠶᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠪᠠᠢᠩᠭᠤᠵᠢᠭ᠍ᠰᠠᠨ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠬᠦ ᠠᠩᠬᠠᠨ᠎ᠤ ᠵᠢᠯ ᠪᠣᠯᠣᠨ᠎ᠠ᠂ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ᠎ᠳᠤ ᠠᠩᠬ᠎ᠠ ᠤᠳᠠᠭ᠎ᠠ ᠪᠠᠢᠩᠭᠤᠵᠢᠭ᠍ᠰᠠᠨ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠲᠤᠬᠠᠢ ᠰᠢᠰᠲᠧᠮᠲᠦ ᠴᠢᠨᠠᠷᠲᠠᠢ ᠪᠠᠢᠷᠢᠯᠠᠭᠤᠯᠤᠯᠲᠠ ᠬᠢᠵᠦ᠂ ᠲᠡᠭᠦᠨ᠎ᠢ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠬᠡᠪᠴᠢᠶᠡᠵᠢᠯ᠎ᠦᠨ ᠴᠢᠨᠠᠷᠲᠠᠢ᠎ᠪᠠᠷ ᠲᠠᠬᠢᠨ ᠶᠠᠳᠠᠭᠤᠷᠠᠬᠤ ᠦᠭᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠪᠠ᠃ ᠶᠦᠨᠨᠠᠨ᠎ᠤ ᠨᠦᠵᠢᠶᠠᠩ ᠦᠪᠡᠷᠳᠡᠭᠡᠨ ᠵᠠᠰᠠᠬᠣ ᠵᠸᠣ ᠵᠢᠨ ᠯᠢᠰᠦ ᠦᠨᠳᠦᠰᠦᠲᠡᠨ᠎ᠦ ᠤᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠰ᠎ᠢᠶᠡᠷ ᠬᠠᠪᠰᠤᠷᠤᠨ ᠲᠡᠳᠬᠦᠬᠦ᠎ᠶᠢ ᠡᠷᠦᠬᠡ᠎ᠳᠦ ᠬᠦᠷᠲᠡᠯ᠎ᠡ ᠱᠠᠩᠨᠠᠵᠤ ᠨᠥᠬᠥᠪᠦᠷᠢᠯᠡᠬᠦ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠵᠢᠮᠢᠰ᠂ ᠬᠤᠰᠢᠭ᠎ᠠ ᠵᠡᠷᠭᠡ ᠣᠨᠴᠠᠯᠢᠭ᠍ᠲᠤ ᠲᠠᠷᠢᠮᠠᠯ᠎ᠢ ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠯᠲᠠ᠎ᠶᠢᠨ ᠪᠦᠯᠬᠦᠮ᠎ᠢᠶᠡᠷ ᠳᠠᠮᠵᠢᠨ ᠮᠡᠷᠭᠡᠵᠢᠯ᠎ᠦᠨ ᠵᠢᠯᠣᠭᠣᠳᠤᠯᠭ᠎ᠠ ᠬᠠᠩᠭᠠᠵᠤ᠂ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠷᠤᠯᠲᠠ ᠪᠠ ᠶᠠᠰᠤ ᠴᠢᠨᠠᠷ᠎ᠢ ᠢᠯᠡᠳᠲᠡ ᠳᠡᠭᠡᠭᠰᠢᠯᠡᠭᠦᠯᠵᠦ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠦ ᠵᠢᠯ᠎ᠦᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 1.2 ᠲᠦᠮᠡᠨ ᠲᠥᠭᠥᠷᠢᠭ᠎ᠢ ᠳᠠᠪᠠᠵᠤ᠂ ᠲᠠᠪᠤᠨ ᠵᠢᠯ᠎ᠦᠨ ᠡᠮᠦᠨᠡᠬᠢ᠎ᠡᠴᠡ ᠪᠠᠷᠤᠭ 3 ᠲᠠᠬᠢᠨ ᠨᠡᠮᠡᠭᠳᠡᠪᠡ᠃ ᠭᠠᠨᠰᠤ᠎ᠶᠢᠨ ᠳ᠋ᠢᠩ ᠰᠢ᠂ ᠵᠡᠭᠦᠨ ᠪᠠᠷᠠᠭᠤᠨ ᠪᠡᠶ᠎ᠡ ᠵᠢᠨ ᠬᠠᠮᠵᠢᠯᠴᠠᠬᠤ ᠲᠥᠷᠥᠯ ᠵᠦᠢᠯ᠎ᠳᠦ ᠲᠥᠮᠥᠰᠥ᠎ᠶᠢ ᠨᠠᠷᠢᠯᠢᠭ᠋ ᠡᠳ᠋ᠰᠢᠭᠦᠯᠬᠦ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠲᠤᠬᠠᠢ᠎ᠶᠢᠨ ᠭᠠᠵᠠᠷ᠎ᠤᠨ ᠲᠠᠷᠢᠶᠠᠴᠢᠳ᠎ᠢ ᠳᠠᠷᠢᠵᠤ ᠤᠷᠭᠤᠭᠤᠯᠬᠤ᠎ᠪᠠᠷ ᠳᠠᠮᠵᠢᠨ ᠣᠷᠣᠯᠭ᠎ᠠ᠎ᠶᠢ ᠨᠢ ᠨᠡᠮᠡᠭᠳᠡᠭᠦᠯᠵᠦ ᠪᠣᠯᠬᠤ ᠪᠥᠭᠡᠳ ᠪᠠᠰᠠ ᠠᠵᠤ ᠠᠬᠤᠢᠯᠠᠯ᠎ᠳᠤ ᠬᠦᠴᠦ ᠶᠠᠪᠤᠵᠤ ᠲᠣᠭᠲᠠᠮᠠᠯ ᠠᠰᠢᠭ᠋ ᠣᠯᠵᠠᠪᠤᠷᠢ ᠣᠯᠵᠤ ᠳᠡᠶ᠋ᠢᠯᠬᠦ ᠪᠣᠯᠭᠠᠵᠤ᠂ 《ᠴᠢᠰᠤ ᠪᠦᠲᠦᠭᠡᠬᠦ ᠮᠠᠶᠢᠭ᠋》᠎ᠤᠨ ᠬᠠᠪᠰᠤᠷᠤᠨ ᠲᠡᠳᠬᠦᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠬᠥᠭᠵᠢᠯᠲᠡ᠎ᠶᠢ ᠪᠡᠶᠡᠯᠡᠭᠦᠯᠪᠡ᠃ ᠪᠠᠢᠩᠭᠤᠵᠢᠭ᠍ᠰᠠᠨ ᠬᠠᠪᠰᠤᠷᠤᠨ ᠲᠡᠳᠬᠦᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠶᠠᠳᠠᠭᠤ᠎ᠠᠴᠠ ᠠᠩᠭᠢᠵᠢᠷᠠᠭᠰᠠᠨ ᠣᠯᠠᠨ ᠲᠦᠮᠡᠨ᠎ᠦ ᠣᠷᠣᠯᠭ᠎ᠠ᠎ᠶᠢ ᠪᠠᠲᠤᠯᠠᠵᠤ᠂ ᠬᠥᠭᠵᠢᠯᠲᠡ᠎ᠶᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠳᠦ ᠰᠠᠭᠤᠷᠢ ᠲᠠᠯᠪᠢᠨ᠎ᠠ᠃

ᠥᠭᠡᠷᠡᠴᠢᠯᠡᠯᠲᠡ ᠨᠢ ᠬᠥᠳᠡᠭᠡ ᠲᠣᠰᠬᠣᠨ᠎ᠤ ᠬᠥᠭᠵᠢᠯᠲᠡ᠎ᠳᠦ ᠬᠦᠴᠦᠨ ᠨᠡᠮᠡᠷᠢᠯᠡᠵᠦ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ ᠳᠣᠲᠣᠭᠠᠳᠤ ᠬᠥᠳᠡᠯᠭᠡᠬᠦ ᠬᠦᠴᠦᠨ᠎ᠢ ᠬᠥᠭᠵᠢᠭᠡᠨ᠎ᠡ᠃ ᠬᠥᠳᠡᠭᠡ ᠠᠵᠤ ᠠᠬᠤᠢ᠎ᠶᠢᠨ ᠣᠳᠣᠬᠢᠴᠢᠯᠠᠯᠲᠠ ᠪᠣᠯᠣᠨ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠳᠤ᠂ ᠬᠥᠳᠡᠭᠡ ᠲᠣᠰᠬᠣᠨ᠎ᠤ ᠳᠦᠷᠰᠦ ᠪᠠᠢᠳᠠᠯ ᠴᠣᠭ ᠰᠦᠯᠳᠡ᠎ᠶᠢ ᠬᠣᠣᠰᠯᠠᠭᠤᠯᠤᠭᠰᠠᠨ ᠪᠦᠬᠦ ᠲᠠᠯ᠎ᠠ᠎ᠶᠢᠨ ᠳᠡᠭᠡᠭᠰᠢᠯᠡᠯᠲᠡ᠎ᠶᠢ ᠠᠬᠢᠭᠤᠯᠵᠤ᠂ ᠲᠠᠷᠢᠶᠠᠴᠢᠳ᠎ᠢ ᠲᠦᠷᠦ᠎ᠶᠢᠨ ᠪᠣᠳᠣᠯᠭ᠎ᠠ᠎ᠶᠢᠨ 《ᠠᠰᠢᠭ᠋ ᠬᠦᠷᠳᠡᠭᠴᠢ》 ᠪᠣᠯᠬᠤ᠎ᠪᠠᠷ ᠪᠠᠷᠠᠬᠤ ᠦᠭᠡᠢ᠂ ᠨᠡᠩ ᠴᠤ᠌ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢᠨ 《ᠡᠭᠦᠳᠦᠭᠴᠢ》 ᠪᠣᠯᠭᠠᠬᠤ ᠬᠡᠷᠡᠭᠲᠡᠢ᠃ ᠬᠥᠳᠡᠭᠡ ᠲᠣᠰᠬᠣᠨ᠎ᠢ ᠵᠢᠩᠬᠢᠨᠢ ᠬᠥᠭᠵᠢᠭᠦᠯᠦᠨ ᠮᠠᠨᠳᠤᠭᠤᠯᠬᠤ ᠨᠢ ᠬᠡᠳᠦᠢ ᠲᠥᠬᠦᠭᠡᠷᠦᠮᠵᠢ ᠣᠷᠣᠭᠤᠯᠬᠤ᠎ᠳᠤ ᠪᠠᠢᠬᠤ ᠪᠢᠰᠢ᠂ ᠬᠠᠷᠢᠨ ᠲᠠᠷᠢᠶᠠᠴᠢᠳ᠎ᠲᠤ 《ᠰᠠᠨᠠᠭᠠᠴᠢᠯᠠᠭ᠎ᠠ᠎ᠠᠴᠠ᠎ᠪᠠᠨ ᠣᠷᠣᠯᠴᠠᠬᠤ᠂ ᠦᠷᠭᠦᠯᠵᠢᠯᠡᠨ ᠠᠰᠢᠭ᠋ ᠬᠦᠷᠲᠡᠭᠡᠬᠦ》 ᠲᠣᠭᠲᠠᠴᠠ᠎ᠶᠢ ᠪᠠᠶ᠋ᠢᠭᠤᠯᠬᠤ ᠡᠰᠡᠬᠦ᠎ᠳᠦ ᠪᠠᠢᠨ᠎ᠠ᠃ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ᠎ᠳᠤ 《〈ᠮᠢᠩᠭ᠎ᠠ ᠲᠦᠮᠡ᠎ᠶᠢᠨ ᠢᠨᠵᠧᠨᠧᠷᠢᠩ〉᠎ᠦᠨ ᠲᠤᠷᠰᠢᠯᠭ᠎ᠠ᠎ᠶᠢ ᠰᠤᠷᠤᠯᠴᠠᠨ ᠬᠡᠷᠡᠭᠯᠡᠨ᠎ᠡ》 ᠭᠡᠵᠦ ᠴᠢᠬᠤᠯᠠᠴᠢᠯᠠᠵᠠᠢ᠂ ᠡᠭᠦᠨ᠎ᠦ ᠭᠣᠣᠯ ᠴᠢᠮᠦᠭᠡ ᠨᠢ ᠲᠠᠷᠢᠶᠠᠴᠢᠳ᠎ᠤᠨ ᠪᠡᠶᠡᠴᠢ ᠴᠣᠭᠴᠠ᠎ᠶᠢᠨ ᠪᠠᠢᠷᠢ ᠰᠠᠭᠤᠷᠢ᠎ᠶᠢ ᠬᠦᠨᠳᠦᠳᠬᠡᠵᠦ᠂ ᠲᠣᠭᠲᠠᠴᠠ᠎ᠶᠢᠨ ᠰᠢᠨ᠎ᠡ ᠡᠭᠦᠳᠦᠯᠲᠡ᠎ᠪᠡᠷ ᠬᠥᠮᠥᠨ᠎ᠦ ᠳᠠᠯᠳᠠ ᠬᠦᠴᠦᠨ᠎ᠢ ᠪᠠᠳᠠᠷᠠᠭᠤᠯᠬᠤ ᠶᠠᠪᠤᠳᠠᠯ ᠪᠣᠯᠣᠨ᠎ᠠ᠃ ᠪᠡᠯᠡ ᠮᠥᠩᠭᠥ᠂ ᠭᠠᠵᠠᠷ ᠰᠢᠷᠣᠢ᠂ ᠲᠦᠷᠦᠯ ᠵᠦᠢᠯ᠂ ᠴᠢᠳᠠᠪᠤᠷᠢᠲᠠᠨ ᠵᠡᠷᠭᠡ ᠴᠢᠬᠤᠯᠠ ᠡᠯᠧᠮᠧᠨ᠋ᠲ ᠬᠥᠳᠡᠭᠡ ᠲᠣᠰᠬᠣᠨ᠎ᠳᠤ ᠭᠦᠨᠵᠡᠭᠡᠢᠷᠡᠬᠦ᠎ᠶᠢ ᠠᠬᠢᠭᠤᠯᠵᠤ᠂ ᠲᠠᠷᠢᠶᠠᠴᠢᠳ᠎ᠢ ᠬᠥᠳᠡᠭᠡ ᠲᠣᠰᠬᠣᠨ᠎ᠤ ᠬᠥᠭᠵᠢᠯᠲᠡ᠎ᠶᠢᠨ ᠣᠷᠣᠯᠴᠠᠭ᠍ᠴᠢ᠂ ᠡᠵᠡᠩᠨᠡᠭᠴᠢ ᠪᠠ ᠠᠰᠢᠭ᠋ ᠬᠦᠷᠳᠡᠭᠴᠢ ᠪᠣᠯᠭᠠᠵᠤ᠂ ᠥᠭᠡᠷᠡᠴᠢᠯᠡᠯᠲᠡ᠎ᠪᠡᠷ ᠬᠥᠳᠡᠭᠡ ᠲᠣᠰᠬᠣᠨ᠎ᠤ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠲᠠᠷᠢᠶᠠᠴᠢᠳ᠎ᠤᠨ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠳᠦ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠨᠡᠮᠡᠷᠢᠯᠡᠨ᠎ᠡ᠃

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤᠨ ᠡᠬᠢᠯᠡᠯᠲᠡ᠎ᠶᠢᠨ ᠵᠢᠯ ᠪᠣᠯᠣᠨ᠎ᠠ᠂ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠠᠵᠢᠯ᠎ᠢ ᠰᠠᠢᠲᠤᠷ ᠬᠢᠬᠦ ᠨᠢ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠶᠡᠬᠡ ᠲᠠᠯ᠎ᠠ᠎ᠳᠤ ᠬᠣᠯᠪᠣᠭᠳᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠥᠬᠥ ᠲᠠᠯ᠎ᠠ᠎ᠳᠤ ᠬᠣᠯᠪᠣᠭᠳᠠᠨ᠎ᠠ᠃ ᠪᠢᠳᠡ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢᠨ ᠬᠠᠷᠠᠯᠲᠠ᠎ᠶᠢ ᠲᠣᠭᠲᠠᠭᠠᠵᠤ᠂ ᠣᠯᠠᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠲᠠᠷᠢᠶᠠᠴᠢᠳ᠎ᠤᠨ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠶᠢ ᠠᠬᠢᠭᠤᠯᠵᠤ᠂ ᠬᠥᠳᠡᠭᠡ ᠠᠵᠤ ᠠᠬᠤᠢ᠎ᠶᠢ ᠬᠦᠰᠡᠯ ᠡᠷᠡᠮᠡᠯᠵᠡᠯ᠎ᠲᠠᠢ ᠠᠵᠤ ᠦᠢᠯᠡᠰ ᠪᠣᠯᠭᠠᠵᠤ᠂ ᠲᠠᠷᠢᠶᠠᠴᠢᠳ᠎ᠢ ᠲᠠᠲᠠᠬᠤ ᠬᠦᠴᠦᠨ᠎ᠲᠠᠢ ᠠᠵᠢᠯ ᠮᠡᠷᠭᠡᠵᠢᠯ ᠪᠣᠯᠭᠠᠵᠤ᠂ ᠬᠥᠳᠡᠭᠡ ᠲᠣᠰᠬᠣᠨ᠎ᠢ ᠠᠮᠤᠷ ᠠᠮᠤᠭᠤᠯᠠᠩ ᠠᠵᠤ ᠲᠦᠷᠦᠭᠦ ᠦᠵᠡᠰᠬᠦᠯᠡᠩᠲᠦ ᠰᠠᠢᠬᠠᠨ ᠭᠡᠷ ᠣᠷᠣᠨ ᠪᠣᠯᠭᠠᠵᠤ᠂ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠥᠳᠡᠭᠡ ᠲᠣᠰᠬᠣᠨ᠎ᠤ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃

(ᠵᠣᠬᠢᠶᠠᠭ᠍ᠴᠢ᠄ ᠭᠤᠸᠠᠩᠰᠢ᠎ᠶᠢᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ)

     — 《ᠭᠣᠸᠠᠩᠮᠢᠩ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号