ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢ ᠴᠢᠩᠭᠠᠳᠬᠠᠶ᠎ᠡ
2026-03-02 10:09:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ᠎ᠤᠨ ᠤᠯᠤᠰ᠎ᠤᠨ ᠳᠣᠲᠣᠭᠠᠳᠤ᠎ᠶᠢᠨ (ᠰᠢᠶᠠᠩᠭᠠᠩ ᠣᠣᠮᠧᠨ ᠲᠠᠢᠸᠠᠨ ᠪᠠᠭᠲᠠᠬᠤ ᠦᠭᠡᠢ) ᠡᠭᠦᠳᠦᠯᠲᠡ᠎ᠶᠢᠨ ᠲᠤᠰᠬᠠᠢ ᠠᠰᠢᠭ᠋᠎ᠤᠨ ᠬᠡᠮᠵᠢᠶ᠎ᠡ 532 ᠲᠦᠮᠡ᠎ᠳᠦ ᠬᠦᠷᠴᠦ᠂ ᠥᠨᠳᠥᠷ ᠥᠷᠲᠡᠭ ᠲᠠᠢ ᠡᠭᠦᠳᠦᠯᠲᠡ᠎ᠶᠢᠨ ᠲᠤᠰᠬᠠᠢ ᠠᠰᠢᠭ᠋᠎ᠤᠨ ᠡᠵᠡᠯᠡᠬᠦ ᠬᠠᠷᠢᠴᠠᠯ 43.1%᠎ᠳᠤ ᠬᠦᠷᠴᠡᠢ᠃ ᠳᠡᠯᠡᠬᠡᠢ᠎ᠶᠢᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠵᠣᠬᠢᠶᠠᠨ ᠪᠠᠢᠭᠤᠯᠤᠯᠲᠠ᠎ᠶᠢᠨ ᠨᠡᠢᠲᠡᠯᠡᠭᠰᠡᠨ 《2025 ᠣᠨ᠎ᠤ ᠪᠦᠬᠦ ᠪᠥᠮᠪᠥᠷᠴᠡᠭ᠎ᠦᠨ ᠰᠢᠨ᠎ᠡ᠎ᠶᠢ ᠡᠭᠦᠳᠬᠦ ᠵᠢᠭᠠᠯᠲᠠ ᠲᠣᠭ᠎ᠠ᠎ᠶᠢᠨ ᠮᠡᠳᠡᠭᠦᠯᠦᠯᠲᠡ》 ᠡᠴᠡ ᠦᠵᠡᠪᠡᠯ᠂ ᠮᠠᠨ᠎ᠤ ᠤᠯᠤᠰ᠎ᠤᠨ ᠨᠡᠷᠡᠰ᠎ᠦᠨ ᠵᠢᠭ᠍ᠰᠠᠭᠠᠯᠲᠠ ᠠᠩᠬ᠎ᠠ ᠤᠳᠠᠭ᠎ᠠ ᠪᠦᠬᠦ ᠪᠥᠮᠪᠥᠷᠴᠡᠭ᠎ᠦᠨ ᠡᠮᠦᠨ᠎ᠡ ᠠᠷᠪᠠ᠎ᠳᠤ ᠵᠢᠭ᠍ᠰᠠᠭᠠᠭᠳᠠᠪᠠ᠃ ᠡᠲᠡᠭᠡᠷ ᠰᠢᠪᠲᠤᠯᠤᠯᠲᠠ᠎ᠶᠢᠨ ᠴᠢᠨᠠᠷᠲᠠᠢ ᠲᠣᠭ᠎ᠠ ᠪᠠᠷᠢᠮᠲᠠ ᠨᠢ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠪᠡᠯᠭᠡ ᠲᠡᠮᠳᠡᠭ ᠪᠣᠯᠬᠤ ᠪᠥᠭᠡᠳ ᠪᠠᠰᠠ ᠮᠠᠨ᠎ᠤ ᠤᠯᠤᠰ᠎ᠤᠨ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠭᠡᠷᠡᠴᠢᠯᠡᠵᠦ ᠪᠣᠶ᠃

ᠣᠢᠷ᠎ᠠ᠎ᠶᠢᠨ ᠵᠢᠯ᠎ᠦᠳ᠎ᠲᠦ᠂ ᠨᠠᠮ᠎ᠤᠨ ᠲᠥᠪ ᠬᠣᠷᠢᠶ᠎ᠠ ᠲᠥᠷᠥ᠎ᠶᠢᠨ ᠶᠠᠪᠤᠳᠠᠯ᠎ᠤᠨ ᠬᠣᠷᠢᠶ᠎ᠠ ᠰᠢᠨ᠎ᠡ᠎ᠪᠡᠷ ᠬᠥᠭᠵᠢᠭᠰᠡᠨ ᠬᠦᠷᠢᠶᠡᠨ᠎ᠳᠡᠬᠢ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠣᠳᠣᠬᠠᠨ᠎ᠳᠤ ᠮᠠᠨ᠎ᠤ ᠤᠯᠤᠰ᠎ᠤᠨ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠬᠠᠮᠠᠭᠠᠯᠠᠯᠲᠠ᠎ᠳᠤ ᠲᠣᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠪᠡᠷ ᠠᠬᠢᠭᠤᠯᠬᠤ᠂ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠂ ᠠᠮᠢ ᠠᠬᠤᠢ᠎ᠶᠢ ᠰᠢᠯᠢᠳᠡᠭᠵᠢᠭᠦᠯᠬᠦ ᠢᠯᠡ ᠲᠣᠳᠣ᠌ ᠣᠨᠴᠠᠯᠢᠭ᠋ ᠢᠯᠡᠷᠡᠪᠡ᠃ ᠨᠢᠭᠡ᠎ᠳᠦ᠂ ᠲᠤᠰᠬᠠᠢ ᠠᠰᠢᠭ᠋᠎ᠤᠨ ᠨᠥᠭᠡᠴᠡ᠎ᠶᠢᠨ ᠶᠠᠰᠤ ᠴᠢᠨᠠᠷ ᠳᠡᠭᠡᠭᠰᠢᠯᠡᠪᠡ᠃ 2025 ᠣᠨ᠎ᠤ ᠰᠡᠭᠦᠯᠴᠢ ᠪᠣᠯᠲᠠᠯ᠎ᠠ᠂ ᠮᠠᠨ᠎ᠤ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠤᠯᠤᠰ᠎ᠤᠨ ᠳᠣᠲᠣᠭᠠᠳᠤ᠎ᠶᠢᠨ ᠪᠦᠲᠦᠮᠵᠢᠲᠡᠢ ᠡᠭᠦᠳᠦᠯᠲᠡ᠎ᠶᠢᠨ ᠲᠤᠰᠬᠠᠢ ᠠᠰᠢᠭ᠋ 153.4 ᠲᠦᠮᠡᠨ ᠬᠤᠪᠢ᠎ᠳᠤ ᠬᠦᠷᠴᠦ᠂ ᠥᠨᠳᠥᠷ ᠦᠷᠳᠡᠭ᠎ᠲᠠᠢ ᠡᠭᠦᠳᠦᠯᠲᠡ᠎ᠶᠢᠨ ᠲᠤᠰᠬᠠᠢ ᠠᠰᠢᠭ᠋᠎ᠤᠨ ᠶᠡᠷᠦᠩᠬᠡᠢ ᠬᠡᠮᠵᠢᠶᠡᠨ᠎ᠦ 70% ᠰᠢᠬᠠᠮ᠎ᠢ ᠡᠵᠡᠯᠡᠵᠦ᠂ ᠵᠣᠬᠢᠶᠠᠮᠠᠯ ᠤᠶᠤᠨ ᠴᠢᠳᠠᠪᠤᠷᠢ᠎ᠶᠢᠨ ᠲᠤᠰᠬᠠᠢ ᠠᠰᠢᠭ᠋ ᠪᠦᠬᠦ ᠪᠥᠮᠪᠥᠷᠴᠡᠭ᠎ᠦᠨ ᠡᠮᠦᠨ᠎ᠡ ᠡᠩᠨᠡᠭᠡᠨ᠎ᠳᠦ ᠣᠷᠣᠭᠰᠠᠨ ᠪᠥᠭᠡᠳ ᠺᠸᠠᠨ᠋ᠲ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠮᠢᠳᠤ ᠪᠣᠳᠠᠰ᠎ᠤᠨ ᠦᠢᠯᠡᠳᠬᠡᠯ᠂ ᠵᠢᠷᠭᠤᠳᠤᠭᠠᠷ ᠦᠶ᠎ᠡ᠎ᠶᠢᠨ ᠴᠢᠮᠡᠭᠡ ᠬᠣᠯᠪᠣᠭ᠎ᠠ ᠵᠡᠷᠭᠡ ᠢᠷᠡᠭᠡᠳᠦᠢ᠎ᠶᠢᠨ ᠠᠵᠤ ᠦᠢᠯᠡᠰ᠎ᠦᠨ ᠬᠦᠷᠢᠶᠡᠨ᠎ᠳᠦ ᠲᠥᠪᠯᠡᠷᠡᠭᠰᠡᠨ ᠲᠤᠰᠬᠠᠢ ᠠᠰᠢᠭ᠋᠎ᠤᠨ ᠪᠠᠢᠷᠢᠰᠢᠯ᠎ᠢ ᠪᠦᠷᠢᠯᠳᠦᠭᠦᠯᠵᠡᠢ᠃ ᠬᠣᠶᠠᠷ᠎ᠲᠤ᠂ ᠬᠢᠨᠠᠨ ᠪᠠᠢᠴᠠᠭᠠᠯᠲᠠ᠎ᠶᠢᠨ ᠶᠠᠰᠤ ᠴᠢᠨᠠᠷ ᠪᠣᠯᠣᠨ ᠦᠷ᠎ᠡ ᠪᠦᠲᠦᠮᠵᠢ ᠳᠡᠯᠡᠬᠡᠢ᠎ᠶᠢᠨ ᠲᠡᠷᠢᠭᠦᠨ᠎ᠦ ᠲᠦᠪᠰᠢᠨ᠎ᠳᠦ ᠬᠦᠷᠪᠡ᠃ ᠡᠭᠦᠳᠦᠯᠲᠡ᠎ᠶᠢᠨ ᠲᠤᠰᠬᠠᠢ ᠠᠰᠢᠭ᠋᠎ᠤᠨ ᠳᠤᠮᠳᠠᠴᠢ ᠬᠢᠨᠠᠨ ᠪᠠᠢᠴᠠᠭᠠᠯᠲᠠ᠎ᠶᠢᠨ ᠦᠶᠡᠯᠡᠯ ᠎ᠢ 15 ᠰᠠᠷ᠎ᠠ ᠪᠣᠯᠭᠠᠨ ᠪᠣᠭᠤᠨᠢᠰᠬᠠᠵᠦ᠂ ᠲᠠᠸᠠᠷ᠎ᠤᠨ ᠲᠡᠮᠳᠡᠭ᠎ᠢ ᠳᠠᠩᠰᠠᠯᠠᠭᠤᠯᠬᠣ ᠳᠤᠮᠳᠠᠴᠢ ᠬᠢᠨᠠᠨ ᠪᠠᠢᠴᠠᠭᠠᠯᠲᠠ᠎ᠶᠢᠨ ᠦᠶᠡᠯᠡᠯ 4 ᠰᠠᠷ᠎ᠠ  ᠪᠠᠢᠬᠣ ᠵᠢ ᠲᠣᠭᠳᠠᠭᠣᠨ ᠪᠠᠢᠯᠭᠠᠵᠦ᠂ ᠠᠳᠠᠯᠢ ᠬᠢᠨᠠᠨ ᠪᠠᠢᠴᠠᠭᠠᠬᠤ ᠳᠦᠷᠢᠮ᠎ᠦᠨ ᠳᠣᠣᠷ᠎ᠠ ᠣᠯᠠᠨ ᠤᠯᠤᠰ᠎ᠤᠨ ᠬᠠᠮᠤᠭ᠎ᠤᠨ ᠲᠦᠷᠭᠡᠨ ᠲᠦᠪᠰᠢᠨ᠎ᠳᠦ ᠪᠠᠢᠬᠤ᠎ᠶᠢ ᠪᠠᠲᠤᠯᠠᠪᠠ᠃ ᠭᠤᠷᠪᠠ᠎ᠳᠤ᠂ ᠣᠨᠳᠣᠤᠰᠢᠭᠤᠯᠤᠨ ᠬᠡᠷᠡᠭᠯᠡᠬᠦ ᠲᠣᠭᠲᠠᠴᠠ᠎ᠶᠢ ᠰᠠᠭᠠᠳ ᠦᠭᠡᠢ ᠨᠡᠪᠲᠡᠷᠡᠭᠦᠯᠪᠡ᠃ 《ᠲᠤᠰᠬᠠᠢ ᠠᠰᠢᠭ᠋᠎ᠢ ᠬᠢᠨᠠᠨ ᠪᠠᠢᠴᠠᠭᠠᠬᠤ ᠵᠦᠭᠯᠡᠭᠦᠷ》᠎ᠲᠤ ᠵᠠᠰᠠᠪᠤᠷᠢ ᠣᠷᠣᠭᠤᠯᠬᠤ᠎ᠪᠠᠷ ᠳᠠᠮᠵᠢᠨ᠂ ᠰᠢᠨ᠎ᠡ ᠬᠦᠷᠢᠶ᠎ᠡ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠬᠠᠮᠠᠭᠠᠯᠠᠬᠤ ᠳᠦᠷᠢᠮ᠎ᠢ ᠪᠦᠷᠢᠨᠰᠢᠭᠦᠯᠵᠦ᠂ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠤᠯᠠᠮ ᠨᠢᠭᠡ ᠠᠯᠬᠤᠮ ᠤᠷᠮᠠᠰᠢᠭᠤᠯᠤᠨ᠎ᠠ᠃

ᠪᠦᠬᠦ ᠪᠥᠮᠪᠥᠷᠴᠡᠭ᠎ᠢ ᠠᠵᠢᠬᠯᠠᠪᠠᠯ᠂ ᠭᠣᠣᠯ ᠪᠣᠯᠬᠤ ᠠᠵᠤ ᠠᠬᠤᠢ᠎ᠶᠢᠨ ᠴᠣᠭᠴᠠ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢ ᠬᠠᠮᠠᠭᠠᠯᠠᠬᠤ ᠲᠠᠯ᠎ᠠ᠎ᠪᠠᠷ ᠵᠥᠷᠢᠶᠡᠲᠦ ᠠᠷᠭ᠎ᠠ ᠵᠠᠮ ᠢᠯᠡᠷᠡᠪᠡ᠃ ᠰᠢᠨ᠎ᠡ᠎ᠪᠡᠷ ᠬᠥᠭᠵᠢᠭᠰᠡᠨ ᠮᠡᠷᠭᠡᠵᠢᠯ᠎ᠦᠨ ᠴᠣᠬᠢᠯᠳᠠ᠎ᠶᠢᠨ ᠡᠮᠦᠨ᠎ᠡ᠂ ᠠᠮᠧᠷᠢᠺᠠ ᠣᠲᠣ᠌ ᠵᠣᠬᠢᠶᠠᠮᠠᠯ ᠣᠶᠤᠨ ᠴᠢᠳᠠᠪᠤᠷᠢ ᠪᠠ ᠵᠥᠭᠡᠯᠡᠨ ᠲᠣᠨᠣᠭ᠎ᠤᠨ ᠲᠤᠰᠬᠠᠢ ᠠᠰᠢᠭ᠋᠎ᠤᠨ ᠰᠢᠨ᠎ᠡ᠎ᠶᠢ ᠡᠭᠦᠳᠬᠦ ᠰᠢᠰᠲᠧᠮ᠎ᠳᠡᠬᠢ ᠦᠢᠯᠡᠳᠦᠯ᠎ᠢ ᠳᠠᠬᠢᠨ ᠦᠨᠡᠯᠡᠨ ᠵᠢᠱ᠌ᠢᠵᠦ᠂ ᠡᠷᠬᠡ ᠣᠯᠭᠣᠭᠰᠠᠨ᠎ᠤ ᠳᠠᠷᠠᠭ᠎ᠠ ᠳᠠᠬᠢᠨ ᠬᠢᠨᠠᠬᠤ ᠲᠣᠭᠲᠠᠴᠠ ᠵᠡᠷᠭᠡ᠎ᠪᠡᠷ ᠳᠠᠮᠵᠢᠨ᠂ ᠲᠤᠰᠬᠠᠢ ᠠᠰᠢᠭ᠋᠎ᠤᠨ ᠲᠣᠭᠲᠠᠪᠤᠷᠢᠲᠤ ᠴᠢᠨᠠᠷ ᠪᠠ ᠬᠢᠨᠠᠨ ᠪᠠᠢᠴᠠᠭᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠪᠠᠢᠨ᠎ᠠ᠃ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ ᠴᠢᠩᠭ᠎ᠠ ᠨᠢᠮᠪᠠᠢ ᠵᠠᠬ᠎ᠠ ᠳᠡᠯᠭᠡᠭᠦᠷ᠎ᠲᠦ ᠣᠷᠣᠬᠤ᠎ᠶᠢ ᠵᠥᠪᠰᠢᠶᠡᠷᠡᠬᠦ ᠪᠠᠷᠢᠮᠵᠢᠶ᠎ᠠ ᠪᠣᠯᠣᠨ ᠤᠯᠠᠨ ᠡᠰᠢᠵᠢᠭᠰᠡᠨ ᠳᠦᠷᠢᠮ ᠲᠣᠭᠲᠠᠭᠠᠯ᠎ᠤᠨ ᠠᠷᠭ᠎ᠠ ᠪᠠᠷ ᠨᠡᠷ᠎ᠡ ᠠᠯᠳᠠᠷᠰᠢᠵᠤ᠂ 2024 ᠣᠨ᠎ᠳᠤ᠂ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ 《ᠲᠣᠭ᠎ᠠ ᠪᠠᠷᠢᠮᠲᠠ᠎ᠶᠢᠨ ᠬᠠᠤᠯᠢ᠎ᠶᠢᠨ ᠲᠥᠰᠥᠯ》 ᠵᠢᠩᠬᠢᠨᠢ᠎ᠪᠡᠷ ᠬᠦᠴᠦᠨ᠎ᠲᠠᠢ ᠪᠣᠯᠵᠤ᠂ ᠲᠣᠭ᠎ᠠ ᠪᠠᠷᠢᠮᠲᠠ᠎ᠶᠢᠨ ᠭᠦᠢᠯᠭᠡᠭᠡ᠎ᠶᠢ ᠠᠰᠢᠭ᠍ᠯᠠᠬᠤ ᠳᠦᠷᠢᠮ᠎ᠦᠨ ᠪᠣᠷᠣ᠌ ᠲᠥᠯᠥᠪ᠎ᠢ ᠪᠠᠢᠭᠤᠯᠵᠤ᠂ ᠬᠤᠪᠢ ᠬᠥᠮᠥᠨ ᠪᠣᠯᠣᠨ ᠠᠵᠤ ᠠᠬᠤᠢᠯᠠᠯ᠎ᠤᠨ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠵᠠᠬ᠎ᠠ ᠳᠡᠯᠭᠡᠭᠦᠷ᠎ᠦᠨ ᠬᠡᠪᠴᠢᠶᠡᠨ᠎ᠡᠴᠡ ᠲᠣᠭ᠎ᠠ ᠪᠠᠷᠢᠮᠲᠠ ᠣᠯᠬᠤ᠎ᠳᠤ ᠨᠡᠩ ᠲᠦᠬᠦᠮ ᠪᠣᠯᠭᠠᠵᠤ᠂ ᠬᠤᠪᠢ ᠬᠥᠮᠥᠨ᠎ᠦ ᠲᠣᠭ᠎ᠠ ᠪᠠᠷᠢᠮᠲᠠ᠎ᠶᠢᠨ ᠬᠠᠮᠠᠭᠠᠯᠠᠯᠲᠠ᠂ ᠡᠷᠬᠡ ᠲᠡᠭᠰᠢ᠎ᠪᠡᠷ ᠣᠯᠬᠤ ᠪᠠ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠬᠣᠭᠣᠷᠣᠨᠳᠣᠬᠢ ᠲᠡᠩᠴᠡᠭᠦᠷᠢ᠎ᠶᠢ ᠪᠠᠲᠤᠯᠠᠬᠤ᠎ᠪᠠᠷ ᠵᠣᠷᠢᠯᠲᠠ ᠪᠣᠯᠭᠠᠵᠠᠢ᠃

ᠡᠭᠦᠨ᠎ᠲᠠᠢ ᠬᠠᠷᠢᠴᠠᠭᠤᠯᠪᠠᠯ᠂ ᠮᠠᠨ᠎ᠤ ᠤᠯᠤᠰ ᠲᠤᠰᠬᠠᠢ ᠠᠰᠢᠭ᠋᠎ᠤᠨ ᠲᠦᠷᠭᠡᠨ ᠬᠢᠨᠠᠨ ᠪᠠᠢᠴᠠᠭᠠᠬᠤ ᠵᠠᠮ ᠪᠠ ᠪᠦᠷᠢᠨ ᠲᠡᠭᠦᠯᠳᠡᠷ ᠠᠵᠤ ᠦᠢᠯᠡᠰ᠎ᠦᠨ ᠢᠵᠢ ᠪᠦᠷᠢᠳᠦᠭᠰᠡᠨ ᠰᠢᠰᠲᠧᠮ᠎ᠳᠦ ᠲᠦᠰᠢᠭᠯᠡᠨ᠂ ᠮᠡᠷᠭᠡᠵᠢᠯ᠎ᠢ ᠤᠨᠳᠤᠤᠰᠢᠭᠤᠯᠬᠤ ᠦᠷ᠎ᠡ ᠪᠦᠲᠦᠮᠵᠢ᠎ᠶᠢᠨ ᠲᠠᠯ᠎ᠠ᠎ᠪᠠᠷ ᠢᠯᠡᠳᠲᠡ ᠳᠠᠪᠠᠭᠤᠯᠢᠭ᠋ ᠲᠠᠯ᠎ᠠ᠎ᠪᠠᠨ ᠢᠯᠡᠷᠡᠭᠦᠯᠦᠭᠰᠡᠨ ᠪᠠᠢᠨ᠎ᠠ᠃ ᠨᠢᠭᠡ ᠲᠠᠯ᠎ᠠ᠎ᠪᠠᠷ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ ᠬᠢᠨᠠᠨ ᠪᠠᠢᠴᠠᠭᠠᠬᠤ ᠬᠦᠴᠦᠨ᠎ᠲᠠᠢ ᠬᠤᠭᠤᠴᠠᠭ᠎ᠠ᠎ᠶᠢ ᠳᠡᠭᠡᠭᠰᠢᠯᠡᠭᠦᠯᠦᠨ᠎ᠡ᠃ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ᠎ᠳᠦ᠂ ᠰᠠᠭᠠᠳ ᠦᠭᠡᠢ ᠨᠡᠪᠲᠡᠷᠡᠬᠦ ᠵᠠᠮ ᠪᠠ 2025 ᠣᠨ᠎ᠤ ᠰᠢᠨ᠎ᠡ ᠬᠡᠪᠯᠡᠯ᠎ᠦᠨ ᠬᠢᠨᠠᠨ ᠪᠠᠢᠴᠠᠭᠠᠬᠤ ᠵᠦᠭᠯᠡᠭᠦᠷ᠎ᠢᠶᠡᠷ ᠳᠠᠮᠵᠢᠨ᠂ AI ᠪᠣᠯᠪᠠᠰᠤᠷᠠᠯ᠎ᠤᠨ ᠲᠣᠭ᠎ᠠ ᠪᠠᠷᠢᠮᠲᠠ ᠬᠢᠭᠡᠳ ᠠᠮᠢᠳᠤ ᠪᠣᠳᠠᠰ᠎ᠤᠨ ᠮᠡᠷᠭᠡᠵᠢᠯ᠎ᠦᠨ ᠲᠤᠰᠬᠠᠢ ᠠᠰᠢᠭ᠋᠎ᠤᠨ ᠬᠠᠮᠠᠭᠠᠯᠠᠯᠲᠠ᠎ᠶᠢᠨ ᠵᠠᠭᠠᠭ᠎ᠢ ᠲᠣᠳᠣᠷᠬᠠᠢᠯᠠᠵᠤ᠂ ᠰᠢᠨ᠎ᠡ᠎ᠶᠢ ᠡᠭᠦᠳᠦᠭᠴᠢ᠎ᠳᠦ ᠲᠣᠭᠲᠠᠪᠤᠷᠢᠲᠠᠢ ᠳᠦᠷᠢᠮ᠎ᠦᠨ ᠵᠢᠱ᠌ᠢᠯᠲᠡ ᠬᠠᠩᠭᠠᠪᠠ᠃ ᠨᠦᠬᠦᠭᠡ ᠲᠠᠯ᠎ᠠ᠎ᠪᠠᠷ᠂ ᠪᠣᠰᠣᠭ᠎ᠠ ᠴᠣᠭᠴᠠᠲᠤ ᠬᠠᠮᠠᠭᠠᠯᠠᠯᠲᠠ ᠨᠢ ᠰᠢᠨ᠎ᠡ᠎ᠶᠢ ᠡᠭᠦᠳᠬᠦ ᠪᠠᠢᠷᠢᠰᠢᠯ᠎ᠢ ᠥᠷᠭᠡᠳᠬᠡᠪᠡ᠃ 2025 ᠣᠨ᠎ᠤ ᠡᠴᠦᠰ ᠪᠣᠯᠲᠠᠯ᠎ᠠ᠂ ᠪᠥᠬᠥ ᠤᠯᠤᠰ᠎ᠲᠤ ᠨᠢᠭᠡᠨᠲᠡ ᠤᠯᠤᠰ᠎ᠤᠨ ᠲᠠᠰ᠎ᠤᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢᠨ ᠲᠥᠪ ᠪᠠ ᠡᠷᠬᠡ᠎ᠶᠢ ᠲᠦᠷᠭᠡᠨ ᠬᠠᠮᠠᠭᠠᠯᠠᠬᠤ ᠲᠥᠪ᠎ᠢ 129 ᠪᠠᠢᠭᠤᠯᠵᠤ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠢᠷᠭᠡᠨ᠎ᠦ ᠬᠡᠷᠡᠭ᠎ᠦᠨ ᠨᠢᠭᠡᠳᠦᠭᠡᠷ ᠰᠢᠭᠦᠯᠲᠡ᠎ᠳᠦ ᠲᠠᠰᠤᠯᠤᠯᠲᠠ᠎ᠶᠢ ᠲᠠᠭᠠᠬᠰᠠᠨ ᠨᠣᠷᠮ᠎ᠠ᠎ᠶᠢ 90%᠎ᠵᠢᠨ ᠨᠡᠯᠢᠶᠡᠳ ᠥᠨᠳᠥᠷ ᠲᠦᠪᠰᠢᠨ᠎ᠳᠦ ᠪᠠᠢᠯᠭᠠᠵᠤ᠂ ᠵᠠᠭᠤᠷᠠᠯᠳᠤᠭᠠᠨ᠎ᠢ ᠰᠢᠢᠳᠪᠦᠷᠢᠯᠡᠬᠦ ᠦᠶᠡᠯᠡᠯ᠎ᠦᠨ ᠬᠤᠭᠤᠴᠠᠭ᠎ᠠ᠎ᠶᠢ ᠶᠡᠬᠡ᠎ᠪᠡᠷ ᠪᠣᠭᠣᠨᠢᠰᠬᠠᠵᠤ᠂ ᠲᠤᠰᠬᠠᠢ ᠠᠰᠢᠭ᠋᠎ᠤᠨ ᠡᠷᠬᠡ᠎ᠶᠢ ᠬᠠᠮᠠᠭᠠᠯᠠᠬᠤ᠎ᠳᠤ 《ᠵᠠᠷᠭᠤ᠎ᠪᠠᠨ ᠢᠯᠠᠬᠰᠠᠨ ᠪᠤᠯᠪᠠᠴᠤ ᠵᠠᠬ᠎ᠠ ᠳᠡᠯᠭᠡᠭᠦᠷ᠎ᠲᠦ ᠢᠯᠠᠭᠳᠠᠭᠰᠠᠨ》 ᠬᠦᠴᠢᠷᠳᠡᠯ᠎ᠢ ᠪᠦᠲᠦᠮᠵᠢᠲᠡᠶ ᠰᠢᠢᠳᠪᠦᠷᠢᠯᠡᠪᠡ᠃

ᠮᠠᠨ᠎ᠤ ᠤᠯᠤᠰ᠎ᠤᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠦᠷᠢᠶᠡᠨ᠎ᠳᠦ ᠮᠥᠨ ᠯᠡ ᠡᠷᠬᠡ᠎ᠳᠦ ᠬᠠᠯᠳᠠᠭᠰᠠᠨ ᠦᠢᠯᠡ ᠠᠵᠢᠯᠯᠠᠭ᠎ᠠ ᠣᠯᠠᠨᠲᠠ ᠡᠭᠦᠰᠬᠦ᠂ ᠬᠠᠮᠠᠭᠠᠯᠠᠯᠲᠠ᠎ᠶᠢᠨ ᠡᠷᠴᠢᠮ ᠳᠤᠲᠠᠮᠠᠭ ᠪᠠᠢᠬᠤ᠂ ᠤᠯᠠᠨ ᠤᠯᠤᠰ᠎ᠤᠨ ᠬᠠᠮᠠᠭᠠᠯᠠᠯᠲᠠ ᠵᠣᠬᠢᠴᠠᠭᠤᠯᠭ᠎ᠠ᠎ᠳᠤ ᠬᠦᠴᠢᠷᠲᠡᠢ ᠪᠠᠢᠬᠤ ᠵᠡᠷᠭᠡ ᠠᠰᠠᠭᠤᠳᠠᠯ ᠣᠷᠣᠰᠢᠵᠤ ᠪᠠᠢᠬᠤ᠎ᠶᠢ ᠴᠤ᠌ ᠣᠯᠵᠤ ᠬᠠᠷᠠᠬᠤ ᠬᠡᠷᠡᠭᠲᠡᠢ᠃ ᠢᠯᠠᠩᠭᠤᠶ᠎ᠠ ᠰᠢᠨ᠎ᠡ᠎ᠪᠡᠷ ᠪᠣᠶ ᠪᠣᠯᠤᠭᠰᠠᠨ ᠬᠦᠷᠢᠶᠡᠨ᠎ᠳᠦ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠳᠦ ᠲᠤᠰᠬᠠᠢ ᠮᠡᠷᠭᠡᠵᠢᠯ᠎ᠦᠨ ᠥᠷᠲᠡᠭ᠎ᠢ ᠮᠠᠭᠠᠳᠯᠠᠨ ᠲᠣᠭᠲᠠᠭᠠᠬᠤ ᠪᠠᠢᠭᠤᠯᠤᠮᠵᠢ ᠪᠠ ᠪᠠᠷᠢᠮᠵᠢᠶ᠎ᠠ ᠳᠤᠲᠠᠭᠳᠠᠵᠤ᠂ ᠥᠷᠲᠡᠭ᠎ᠢ ᠮᠠᠭᠠᠳᠯᠠᠨ ᠲᠣᠭᠲᠠᠭᠠᠬᠤ᠎ᠳᠤ ᠮᠥᠨ ᠬᠦ᠌ ᠬᠦᠴᠢᠷᠲᠡᠢ ᠪᠠᠢᠨ᠎ᠠ᠃ ᠡᠳᠡᠭᠡᠷ ᠠᠰᠠᠭᠤᠳᠠᠯ ᠨᠢ ᠰᠢᠨ᠎ᠡ᠎ᠶᠢ ᠡᠭᠦᠳᠦᠭᠴᠢ᠎ᠶᠢᠨ ᠠᠰᠢᠭ᠋ ᠲᠤᠰᠠ᠎ᠶᠢ ᠬᠣᠬᠢᠷᠠᠭᠤᠯᠬᠤ᠎ᠪᠠᠷ ᠪᠠᠷᠠᠬᠤ ᠦᠭᠡᠢ ᠪᠠᠰᠠ ᠮᠡᠷᠭᠡᠵᠢᠯ᠎ᠦᠨ ᠳᠠᠪᠰᠢᠯᠲᠠ ᠪᠠ ᠠᠵᠤ ᠠᠬᠤᠢ᠎ᠶᠢᠨ ᠬᠥᠭᠵᠢᠯᠲᠡ᠎ᠳᠦ ᠠᠰᠢᠭ᠋ ᠦᠭᠡᠢ ᠶᠤᠮ᠃ ᠲᠠᠷᠠᠭᠠᠴᠢ᠎ᠶᠢᠨ ᠠᠯᠬᠤᠮ᠎ᠳᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢ ᠬᠠᠮᠠᠭᠠᠯᠠᠬᠤ᠎ᠳᠤ ᠳᠦᠷᠢᠮ᠎ᠦᠨ ᠬᠠᠩᠭᠠᠯᠭ᠎ᠠ᠂ ᠣᠶᠤᠨᠴᠢ ᠵᠠᠰᠠᠯᠲᠠ᠂ ᠣᠯᠠᠨ ᠤᠯᠤᠰ᠎ᠤᠨ ᠬᠠᠮᠵᠢᠯᠴᠠᠭ᠎ᠠ ᠵᠡᠷᠭᠡ ᠭᠤᠷᠪᠠᠨ ᠶᠡᠬᠡ ᠲᠠᠯ᠎ᠠ᠎ᠠᠴᠠ ᠦᠷᠭᠦᠯᠵᠢᠯᠡᠨ ᠬᠦᠴᠦᠯᠡᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠲᠠᠢ ᠵᠣᠬᠢᠴᠠᠯᠳᠤᠭᠰᠠᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠰᠢᠰᠲᠧᠮ᠎ᠢ ᠪᠠᠶ᠋ᠢᠭᠤᠯᠬᠤ ᠴᠢᠬᠤᠯᠠᠲᠠᠢ᠃

ᠳᠦᠷᠢᠮ᠎ᠦᠨ ᠬᠠᠩᠭᠠᠯᠭ᠎ᠠ᠎ᠶᠢ ᠲᠡᠭᠦᠯᠳᠡᠷᠵᠢᠭᠦᠯᠦᠨ᠎ᠡ᠃ ᠰᠢᠨ᠎ᠡ᠎ᠪᠡᠷ ᠪᠣᠶ ᠪᠣᠯᠤᠭᠰᠠᠨ ᠬᠦᠷᠢᠶ᠎ᠡ ᠴᠠᠷᠠᠭ᠎ᠠ᠎ᠶᠢᠨ ᠬᠠᠤᠯᠢ ᠲᠣᠭᠲᠠᠭᠠᠬᠤ ᠠᠬᠢᠴᠠ᠎ᠶᠢ ᠲᠦᠷᠭᠡᠳᠬᠡᠵᠦ᠂ ᠵᠣᠬᠢᠶᠠᠮᠠᠯ ᠣᠶᠤᠨ ᠴᠢᠳᠠᠪᠤᠷᠢ ᠪᠡᠷ ᠪᠤᠢ ᠪᠣᠯᠤᠬᠰᠠᠨ ᠠᠭᠤᠯᠭ᠎ᠠ ᠵᠢᠴᠢ ᠭᠧᠨ ᠨᠠᠢᠷᠠᠭᠤᠯᠬᠤ ᠮᠡᠷᠭᠡᠵᠢᠯ᠎ᠦᠨ ᠲᠤᠰᠬᠠᠢ ᠠᠰᠢᠭ᠋᠎ᠤᠨ ᠬᠢᠷᠢ ᠬᠡᠮ᠎ᠳᠦ ᠲᠣᠬᠢᠷᠠᠬᠤ ᠴᠢᠨᠠᠷ᠎ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠬᠢᠭᠡᠳ ᠡᠷᠬᠡ᠎ᠶᠢᠨ ᠬᠠᠷᠢᠶᠠᠯᠠᠯ᠎ᠤᠨ ᠳᠦᠷᠢᠮ᠎ᠢ ᠤᠯᠠᠮ ᠨᠢᠭᠡ ᠠᠯᠬᠤᠮ ᠲᠣᠳᠣᠷᠬᠠᠢᠯᠠᠨ᠎ᠠ᠃ ᠳ᠋ᠠᠢᠲ᠋ᠠ᠎ᠶᠢᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢ ᠬᠠᠮᠠᠭᠠᠯᠠᠬᠤ ᠳᠦᠷᠢᠮ᠎ᠢ ᠲᠦᠷᠭᠡᠳᠬᠡᠨ ᠲᠡᠭᠦᠯᠳᠡᠷᠵᠢᠭᠦᠯᠵᠦ᠂ 《ᠳᠡᠩᠰᠡᠯᠡᠨ ᠡᠷᠬᠡ᠎ᠶᠢ ᠲᠣᠭᠲᠠᠭᠠᠬᠤ᠂ ᠡᠷᠬᠡ ᠣᠯᠭᠣᠵᠤ ᠰᠢᠯᠵᠢᠬᠦᠯᠬᠦ᠂ ᠲᠥᠷᠥᠯ ᠬᠤᠪᠢᠶᠠᠨ ᠬᠠᠮᠠᠭᠠᠯᠠᠬᠤ》 ᠪᠥᠬᠥ ᠬᠡᠯᠬᠢᠶᠡᠰᠦ᠎ᠶᠢᠨ ᠳᠦᠷᠢᠮ᠎ᠦᠨ ᠰᠢᠰᠲᠧᠮ᠎ᠢ ᠲᠣᠭᠲᠠᠭᠠᠨ᠎ᠡ᠃

ᠣᠶᠤᠨᠴᠢ ᠵᠠᠰᠠᠯᠲᠠ᠎ᠶᠢ ᠴᠢᠩᠭᠠᠳᠬᠠᠵᠤ᠂ ᠬᠢᠨᠠᠨ ᠪᠠᠢᠴᠠᠭᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠵᠣᠬᠢᠶᠠᠮᠠᠯ ᠣᠶᠤᠨ ᠴᠢᠳᠠᠪᠤᠷᠢ᠎ᠶᠢᠨ ᠲᠣᠮᠣ᠌ ᠵᠠᠭᠪᠤᠷ᠎ᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠦᠷᠢᠶᠡᠨ᠎ᠳᠦ ᠬᠡᠷᠡᠭᠯᠡᠬᠦ᠎ᠶᠢ ᠭᠦᠨᠵᠡᠭᠡᠢᠷᠡᠭᠦᠯᠵᠦ᠂ 《ᠣᠶᠤᠨᠴᠢ᠎ᠪᠠᠷ ᠡᠷᠢᠬᠦ᠂ ᠬᠠᠨᠳᠤᠰᠢ᠎ᠶᠢ ᠲᠥᠰᠥᠭᠡᠯᠡᠬᠦ᠂ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ》᠎ᠵᠢ ᠨᠢᠭᠡ ᠴᠣᠭᠴᠠᠵᠢᠭᠤᠯᠤᠭᠰᠠᠨ ᠲᠤᠰᠬᠠᠢ ᠠᠰᠢᠭ᠋᠎ᠤᠨ ᠬᠢᠨᠠᠨ ᠪᠠᠢᠴᠠᠭᠠᠬᠤ ᠰᠢᠨ᠎ᠡ ᠵᠠᠭᠪᠤᠷ᠎ᠢ ᠪᠠᠢᠭᠤᠯᠤᠨ᠎ᠠ᠃ ᠰᠢᠨ᠎ᠡ᠎ᠪᠡᠷ ᠪᠣᠶ ᠪᠣᠯᠤᠭᠰᠠᠨ ᠬᠦᠷᠢᠶ᠎ᠡ ᠴᠠᠷᠠᠭ᠎ᠠ᠎ᠶᠢᠨ ᠲᠤᠰᠬᠠᠢ ᠮᠡᠷᠭᠡᠵᠢᠯᠲᠡᠨ᠎ᠦ ᠬᠥᠮᠥᠷᠭᠡ᠎ᠶᠢ ᠪᠠᠢᠭᠤᠯᠵᠤ᠂ ᠬᠢᠨᠠᠨ ᠪᠠᠢᠴᠠᠭᠠᠬᠤ ᠪᠠᠷᠢᠮᠵᠢᠶ᠎ᠠ ᠬᠢᠭᠡᠳ ᠮᠡᠷᠭᠡᠵᠢᠯ᠎ᠦᠨ ᠬᠣᠰᠢᠭᠤᠷᠠᠯ᠎ᠢ ᠬᠠᠮᠵᠢᠯᠴᠠᠭᠤᠯᠤᠨ ᠤᠷᠤᠭᠰᠢᠯᠠᠭᠤᠯᠬᠤ᠎ᠶᠢ ᠪᠡᠶᠡᠯᠡᠭᠦᠯᠦᠨ᠎ᠡ᠃ ᠶᠠᠰᠤ ᠴᠢᠨᠠᠷ᠎ᠤᠨ ᠡᠬᠢ ᠡᠭᠦᠰᠦᠯ᠎ᠦᠨ ᠪᠣᠭᠣᠮᠲᠠ᠎ᠶᠢ ᠴᠢᠩᠭ᠎ᠠ ᠠᠳᠬᠤᠵᠤ᠂ ᠲᠤᠰᠬᠠᠢ ᠠᠰᠢᠭ᠋ ᠭᠤᠶᠤᠴᠢᠯᠠᠬᠤ᠎ᠠᠴᠠ ᠡᠮᠦᠨ᠎ᠡ ᠦᠨᠡᠯᠡᠨ ᠵᠢᠱ᠌ᠢᠬᠦ ᠳᠦᠷᠢᠮ᠎ᠢ ᠳᠡᠯᠭᠡᠷᠡᠭᠦᠯᠦᠨ᠂ ᠲᠤᠰᠬᠠᠢ ᠠᠰᠢᠭ᠋᠎ᠤᠨ ᠬᠡᠪ᠎ᠦᠨ ᠪᠤᠰᠤ ᠭᠤᠶᠤᠴᠢᠯᠠᠯ᠎ᠢ ᠦᠷᠭᠦᠯᠵᠢᠯᠡᠨ ᠢᠯᠭᠠᠷᠠᠭᠤᠯᠵᠤ᠂ ᠡᠬᠢ ᠪᠠᠶᠠᠯᠢᠭ᠋᠎ᠢ ᠬᠥᠲᠥᠯᠥᠨ ᠵᠢᠯᠤᠭᠣᠳᠴᠤ ᠪᠠᠢᠭᠠᠳ ᠤᠤᠭᠠᠯ ᠡᠬᠦᠳᠦᠯᠳᠡ ᠲᠡᠢᠰᠢ ᠬᠡᠯᠪᠡᠢᠯᠭᠡᠵᠦ᠂ ᠶᠠᠰᠤ ᠴᠢᠨᠠᠷ᠎ᠢᠶᠠᠷ ᠠᠨᠠᠢ ᠲᠤᠰᠬᠠᠢ ᠠᠰᠢᠭ᠋᠎ᠤᠨ ᠦᠵᠡᠭᠳᠡᠯ᠎ᠢ ᠪᠦᠲᠦᠮᠵᠢᠲᠡᠶ ᠬᠣᠷᠢᠭ᠍ᠯᠠᠨ᠎ᠠ᠃

ᠣᠯᠠᠨ ᠤᠯᠤᠰ᠎ᠤᠨ ᠬᠠᠮᠵᠢᠯᠴᠠᠭ᠎ᠠ᠎ᠶᠢ ᠬᠥᠲᠥᠯᠥᠨ ᠳᠠᠭᠠᠭᠤᠯᠵᠤ ᠂ ᠳᠤᠮᠳᠠᠳᠤ ᠤᠯᠤᠰ᠎ᠤᠨ ᠵᠠᠰᠠᠯᠲᠠ᠎ᠶᠢᠨ ᠲᠥᠰᠥᠯ᠎ᠢ ᠨᠡᠮᠡᠷᠢᠯᠡᠪᠡ᠃ 《ᠨᠢᠭᠡ ᠪᠦᠰᠡ ᠨᠢᠭᠡ ᠵᠠᠮ》᠎ᠤᠨ ᠬᠠᠮᠲᠤᠷᠠᠯᠴᠠᠭᠠᠨ᠎ᠤ ᠲᠠᠪᠴᠠᠩ ᠵᠢᠴᠢ ᠲᠤᠰᠬᠠᠢ ᠠᠰᠢᠭ᠋᠎ᠤᠨ ᠬᠢᠨᠠᠨ ᠪᠠᠢᠴᠠᠭᠠᠯᠲᠠ᠎ᠶᠢᠨ ᠲᠦᠷᠭᠡᠨ᠎ᠦ ᠵᠠᠮ᠎ᠤᠨ ᠰᠦᠯᠵᠢᠶ᠎ᠡ᠎ᠳᠦ ᠲᠦᠰᠢᠭᠯᠡᠨ᠂ ᠮᠠᠨ᠎ᠤ ᠤᠯᠤᠰ᠎ᠤᠨ ᠵᠣᠬᠢᠶᠠᠮᠠᠯ ᠣᠶᠤᠨ ᠴᠢᠳᠠᠪᠤᠷᠢ᠂ ᠲᠣᠭ᠎ᠠ ᠪᠠᠷᠢᠮᠲᠠ᠎ᠶᠢᠨ ᠡᠯᠧᠮᠧᠨ᠋ᠲ᠂ ᠪᠣᠬᠢᠷᠲᠤᠯ ᠦᠭᠡᠢ ᠡᠨᠧᠷᠭᠢ ᠵᠡᠷᠭᠡ ᠬᠦᠷᠢᠶᠡᠨ᠎ᠳᠦ ᠪᠦᠷᠢᠯᠳᠦᠭᠰᠡᠨ 《ᠲᠦᠷᠭᠡᠨ ᠬᠢᠨᠠᠨ ᠪᠠᠢᠴᠠᠭᠠᠬᠤ᠂ ᠴᠢᠩᠭ᠎ᠠ ᠬᠠᠮᠠᠭᠠᠯᠠᠬᠤ᠂ ᠬᠠᠮᠵᠢᠯᠴᠠᠨ ᠵᠠᠰᠠᠬᠤ》 ᠲᠤᠷᠰᠢᠯᠭ᠎ᠠ᠎ᠶᠢ ᠣᠯᠠᠨ ᠤᠯᠤᠰ᠎ᠤᠨ ᠳᠦᠷᠢᠮ ᠪᠣᠯᠣᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠦᠢᠯᠡᠳᠬᠦᠨ ᠪᠣᠯᠭᠠᠨ ᠬᠤᠪᠢᠷᠠᠭᠤᠯᠵᠤ᠂ ᠠᠵᠤ ᠠᠬᠤᠢᠯᠠᠯ᠎ᠤᠨ ᠭᠠᠳᠠᠭᠰᠢ ᠭᠠᠷᠬᠤ᠎ᠳᠤ ᠳᠦᠷᠢᠮ᠎ᠦᠨ ᠪᠠᠲᠤᠯᠠᠭ᠎ᠠ ᠬᠠᠩᠭᠠᠵᠤ᠂ ᠪᠥᠬᠥ ᠪᠥᠮᠪᠥᠷᠴᠡᠭ᠎ᠦᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠵᠠᠰᠠᠯᠲᠠ᠎ᠳᠤ ᠨᠠᠩ ᠣᠯᠠᠨ ᠳᠤᠮᠳᠠᠳᠤ ᠤᠯᠤᠰ᠎ᠤᠨ ᠲᠥᠰᠥᠯ᠎ᠢ ᠨᠡᠮᠡᠷᠢᠯᠡᠪᠡ᠃  (ᠴᠧᠨ ᠹᠧᠩ ᠰᠢᠶᠠᠨ)

          — 《ᠠᠵᠦ ᠠᠬᠤᠢ ᠵᠢᠨ ᠡᠳᠦᠷ᠎ᠦᠨ ᠰᠤᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号