◆ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ 《ᠤᠯᠤᠰ᠎ᠤᠨ ᠪᠤᠳᠤᠯᠳᠠ ᠵᠢᠨ ᠬᠦᠴᠦᠨ᠎ᠦ ᠬᠣᠯᠪᠣᠯᠳᠤᠨ ᠨᠡᠪᠲᠡᠷᠡᠯᠴᠡᠬᠦ ᠵᠠᠩᠭᠢᠯᠠᠭ᠎ᠠ᠎ᠶᠢᠨ ᠴᠡᠭ᠎ᠦᠨ ᠪᠦᠲᠦᠭᠡᠨ ᠪᠠᠢᠭᠤᠯᠤᠯᠲᠠ᠎ᠶᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠨᠡᠢᠲᠡᠯᠡᠵᠦ᠂ ᠤᠯᠤᠰ᠎ᠤᠨ ᠬᠦᠢᠰᠦ ᠪᠠᠷᠢᠯᠭ᠎ᠠ᠂ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠣᠷᠣᠨ ᠪᠦᠰᠡ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠪᠦᠲᠦᠭᠡᠨ ᠪᠠᠢᠭᠤᠯᠤᠯᠲᠠ᠎ᠳᠤ ᠬᠠᠨᠳᠤᠭᠤᠯᠤᠭᠰᠠᠨ ᠪᠤᠳᠤᠯᠳᠠ ᠵᠢᠨ ᠬᠦᠴᠦᠨ᠎ᠦ ᠬᠣᠯᠪᠣᠯᠳᠤᠨ ᠨᠡᠪᠲᠡᠷᠡᠯᠴᠡᠬᠦ ᠵᠠᠩᠭᠢᠯᠠᠭ᠎ᠠ᠎ᠶᠢᠨ ᠴᠡᠭ᠎ᠲᠦ ᠬᠠᠨᠳᠣᠭᠣᠯᠵᠦ ᠤᠯᠤᠰ᠎ᠤᠨ ᠪᠤᠳᠤᠯᠳᠠ ᠵᠢᠨ ᠬᠦᠴᠦᠨ᠎ᠦ ᠬᠣᠯᠪᠣᠯᠳᠤᠨ ᠨᠡᠪᠲᠡᠷᠡᠯᠴᠡᠬᠦ ᠰᠢᠰᠲᠧᠮ᠎ᠢ ᠪᠠᠢᠭᠤᠯᠪᠠ᠃
ᠦᠨᠡᠯᠡᠯᠳᠠ᠄ 《ᠪᠥᠬᠥ ᠤᠯᠤᠰ᠎ᠤᠨ ᠪᠤᠳᠤᠬᠤ ᠴᠢᠳᠠᠪᠤᠷᠢ ᠵᠢᠨ ᠨᠢᠭᠡ ᠲᠣᠣᠷ》᠎ᠢ ᠰᠦᠯᠵᠢᠵᠦ᠂ ᠳ᠋ᠠᠢᠲ᠋ᠠ᠎ᠶᠢᠨ ᠡᠯᠧᠮᠧᠨ᠋ᠲ᠎ᠦᠨ ᠳᠠᠯᠳᠠ ᠴᠢᠳᠠᠪᠤᠷᠢ᠎ᠶᠢ ᠬᠥᠭᠵᠢᠭᠡᠬᠦ᠂ ᠲᠣᠭᠠᠴᠢᠯᠠᠭᠰᠠᠨ ᠠᠵᠤ ᠠᠬᠤᠢ᠎ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠢᠷᠠᠭᠤᠯᠬᠤ᠂ ᠪᠠᠲᠤ ᠪᠡᠬᠢ ᠪᠥᠭᠡᠳ ᠨᠢᠭᠡᠳᠦᠯᠲᠡᠢ ᠭᠣᠣᠯ ᠰᠠᠭᠤᠷᠢ᠎ᠶᠢ ᠴᠣᠭᠴᠠᠯᠠᠬᠤ ᠪᠣᠯᠣᠨ᠎ᠠ᠃ 《ᠢᠯᠡᠳᠬᠡᠮᠵᠢ ᠲᠡᠮᠳᠡᠭ᠎ᠢ ᠨᠢᠭᠡᠳᠬᠡᠬᠦ᠂ ᠪᠠᠷᠢᠮᠵᠢᠶ᠎ᠠ᠎ᠶᠢ ᠨᠢᠭᠡᠳᠬᠡᠬᠦ᠂ ᠳᠦᠷᠢᠮ᠎ᠢ ᠨᠢᠭᠡᠳᠬᠡᠬᠦ》᠎ᠪᠡᠷ ᠪᠤᠳᠤᠯᠳᠠ ᠵᠢᠨ ᠬᠦᠴᠦᠨ᠎ᠦ ᠰᠢᠯᠵᠢᠯᠲᠡ᠎ᠶᠢ ᠨᠡᠪᠲᠡᠷᠡᠭᠦᠯᠬᠦ ᠨᠢ 《ᠬᠡᠰᠡᠭ ᠲᠠᠯ᠎ᠠ᠎ᠪᠡᠷ ᠯᠡ ᠬᠡᠷᠡᠭᠯᠡᠵᠦ ᠪᠣᠯᠬᠤ》᠎ᠡᠴᠡ 《ᠪᠦᠬᠦᠯᠢ ᠴᠣᠭᠴᠠ᠎ᠶᠢᠨ ᠥᠨᠳᠥᠷ ᠪᠦᠲᠦᠮᠵᠢᠲᠡᠶ》 ᠲᠡᠢᠰᠢ ᠤᠷᠤᠭᠰᠢᠯᠠᠭᠰᠠᠨ ᠵᠠᠩᠭᠢᠯᠠᠭ᠎ᠠ᠎ᠶᠢᠨ ᠨᠢᠭᠡ ᠦᠰᠦᠷᠦᠯᠲᠡ ᠮᠥᠨ᠃
◆ 《ᠳᠤᠮᠳᠠᠳᠤ ᠤᠯᠤᠰ᠎ᠤᠨ ᠢᠨᠲᠧᠷ ᠰᠦᠯᠵᠢᠶᠡᠨ᠎ᠦ ᠬᠥᠭᠵᠢᠯᠲᠡ᠎ᠶᠢᠨ ᠪᠠᠢᠳᠠᠯ᠎ᠤᠨ ᠪᠦᠷᠢᠳᠬᠡᠯ᠎ᠦᠨ ᠮᠡᠳᠡᠭᠦᠯᠦᠯᠲᠡ》 ᠨᠡᠢᠲᠡᠯᠡᠭᠳᠡᠪᠡ᠃ ᠮᠡᠳᠡᠭᠦᠯᠦᠯᠲᠡ᠎ᠳᠦ ᠢᠯᠡᠷᠡᠭᠦᠯᠦᠭᠰᠡᠨ᠎ᠢᠶᠡᠷ᠂ 2025 ᠣᠨ᠎ᠤ 12 ᠰᠠᠷ᠎ᠠ ᠪᠣᠯᠲᠠᠯ᠎ᠠ᠂ ᠮᠠᠨ᠎ᠤ ᠤᠯᠤᠰ᠎ᠤᠨ ᠰᠦᠯᠵᠢᠶᠡᠴᠢᠳ᠎ᠤᠨ ᠬᠡᠪᠴᠢᠶ᠎ᠡ 11.25 ᠳ᠋ᠦᠩᠰᠢᠭᠤᠷ᠎ᠲᠤ ᠬᠦᠷᠴᠦ᠂ ᠢᠨᠲᠧᠷ ᠰᠦᠯᠵᠢᠶᠡᠨ᠎ᠦ ᠲᠦᠭᠡᠮᠡᠯᠵᠢᠭᠰᠡᠨ ᠨᠣᠷᠮ᠎ᠠ 80%ᠵᠢ ᠳᠠᠪᠠᠵᠤ᠂ ᠲᠣᠭᠠᠴᠢᠯᠠᠭᠰᠠᠨ ᠬᠥᠭᠵᠢᠯᠲᠡ᠎ᠶᠢᠨ ᠦᠷ᠎ᠡ ᠪᠦᠲᠦᠭᠡᠯ ᠨᠢ ᠨᠠᠩ ᠥᠷᠭᠡᠨ ᠳᠡᠯᠭᠡᠷ ᠬᠥᠮᠥᠰ᠎ᠲᠦ ᠠᠰᠢᠭ᠋ ᠬᠦᠷᠲᠡᠭᠡᠪᠡ᠃
ᠦᠨᠡᠯᠡᠯᠳᠡ᠄ ᠥᠷᠭᠡᠨ ᠵᠢᠡᠷ ᠪᠦᠷᠬᠦᠵᠦ ᠪᠠᠢᠬᠰᠠᠨ ᠡᠴᠡ ᠬᠦᠨᠵᠡᠬᠡᠢ ᠠᠭᠣᠰᠣᠯᠴᠠᠬᠣ ᠬᠦᠷᠲᠡᠯ᠎ᠡ᠂ 80%᠎ᠢ ᠳᠠᠪᠠᠭᠰᠠᠨ ᠢᠨᠲ᠋ᠸᠷ ᠰᠦᠯᠵᠢᠶᠡᠨ᠎ᠦ ᠲᠦᠭᠡᠮᠡᠯᠵᠢᠯ᠎ᠦᠨ ᠨᠤᠷᠮ᠎ᠠ ᠪᠣᠯ ᠰᠢᠨ᠎ᠡ ᠠᠶᠠᠨ᠎ᠤ ᠭᠠᠷᠤᠭ᠎ᠠ ᠮᠥᠨ᠂ ᠲᠣᠭᠠᠴᠢᠯᠠᠭᠰᠠᠨ ᠠᠵᠤ ᠠᠬᠤᠢ ᠮᠠᠨ᠎ᠤ ᠤᠯᠤᠰ᠎ᠤᠨ ᠯᠤᠲᠤ ᠶᠡᠬᠡ ᠬᠡᠷᠡᠭᠯᠡᠭᠴᠢᠳ᠎ᠦᠨ ᠰᠠᠭᠤᠷᠢ ᠪᠣᠯᠣᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠢᠯᠡᠷᠡᠭᠦᠯᠵᠦ ᠪᠠᠢᠨ᠎ᠠ᠃ ᠲᠡᠷᠡ ᠨᠢ ᠪᠢᠳᠡᠨ᠎ᠢ ᠨᠡᠩ ᠴᠢᠨᠠᠷ ᠰᠠᠢᠲᠠᠢ ᠰᠦᠯᠵᠢᠶᠡᠨ᠎ᠦ ᠦᠢᠯᠡᠴᠢᠯᠡᠭᠡ᠂ ᠨᠡᠩ ᠪᠠᠶᠠᠯᠢᠭ᠋ ᠲᠣᠭᠠᠴᠢᠯᠠᠭᠰᠠᠨ ᠬᠡᠷᠡᠭᠯᠡᠭᠡ᠎ᠪᠡᠷ᠂ ᠰᠠᠢᠨ ᠰᠠᠢᠬᠠᠨ ᠠᠮᠢᠳᠤᠷᠠᠯ᠎ᠤᠨ ᠳᠤᠮᠳᠠᠬᠢ ᠢᠨᠲ᠋ᠸᠷ ᠰᠦᠯᠵᠢᠶᠡᠨ᠎ᠦ ᠯᠤᠲᠤ ᠶᠡᠬᠡ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠬᠤ᠎ᠶᠢ ᠱᠠᠭᠠᠷᠳᠠᠵᠤ ᠪᠠᠢᠨ᠎ᠠ᠃
◆ ᠣᠢᠷ᠎ᠠ᠎ᠳᠤ ᠴᠠᠭᠳᠠᠭᠠᠨ᠎ᠤ ᠲᠠᠯ᠎ᠠ᠎ᠶᠢᠨ ᠬᠢᠨ ᠪᠠᠢᠴᠠᠭᠠᠯᠲᠠ ᠪᠠᠷ ᠣᠯᠵᠤ ᠮᠡᠳᠡᠭᠰᠡᠨ ᠨᠢ᠂ 2016 ᠣᠨ᠎ᠠᠴᠠ 2020 ᠣᠨ ᠪᠣᠯᠲᠠᠯ᠎ᠠ᠂ ᠵᠧᠩᠵᠸᠦ ᠶᠡᠬᠡ ᠰᠣᠷᠭᠠᠭᠣᠯᠢ ᠵᠢᠨ ᠨᠢᠬᠡᠳᠦᠭᠡᠷ ᠬᠠᠷᠢᠶᠠᠳᠣ ᠡᠮᠨᠡᠯᠭᠡ ᠵᠢᠨ ᠬᠣᠷᠢᠶ᠎ᠡ ᠵᠢᠨ ᠲᠦᠷᠭᠡᠨ ᠡᠮᠨᠡᠯᠭᠡ᠎ᠶᠢᠨ ᠭᠠᠳᠠᠷ ᠰᠠᠯᠠᠭᠠᠨ᠎ᠤ ᠤᠤᠯ᠎ᠤᠨ ᠳᠡᠳ᠋ ᠡᠷᠬᠢᠯᠡᠭᠴᠢ ᠡᠮᠴᠢ ᠸᠠᠩ ᠹᠦ ᠮᠢᠨ 94 ᠡᠪᠡᠳᠴᠢᠲᠡᠨ᠎ᠢ ᠮᠡᠬᠡᠯᠡᠭᠰᠡᠨ ᠪᠠᠢᠨ᠎ᠠ᠃ 2016 ᠣᠨ᠎ᠤ 2 ᠰᠠᠷ᠎ᠠ᠎ᠳᠤ᠂ ᠸᠠᠩ ᠹᠦ ᠮᠢᠨ ᠡᠮᠴᠢᠯᠡᠭᠡᠨ᠎ᠦ ᠪᠠᠭᠠᠵᠢ ᠬᠡᠷᠡᠭᠰᠡᠯ ᠬᠠᠩᠭᠠᠬᠤ ᠬᠤᠳᠠᠯᠳᠤᠭᠠᠴᠢᠨ ᠲᠠᠢ 20% ᠵᠢᠨ ᠬᠠᠷᠢᠭᠤ ᠬᠠᠷᠠᠮᠵᠢ ᠥᠭᠬᠦ ᠪᠡᠷ ᠲᠤᠭᠳᠠᠵᠦ᠂ 4 ᠵᠢᠯ᠎ᠦᠨ ᠬᠤᠭᠤᠴᠠᠭᠠᠨ᠎ᠳᠤ ᠮᠡᠰᠡ ᠵᠠᠰᠠᠯ ᠬᠢᠬᠦ ᠶᠠᠪᠤᠴᠠ᠎ᠳᠤ 343 ᠪᠢᠴᠢᠯ ᠴᠢᠰᠤᠨ ᠰᠤᠳᠠᠯ ᠬᠤᠯᠪᠤᠬᠤ ᠲᠤᠨᠤᠭ ᠲᠥᠬᠦᠭᠡᠷᠦᠮᠵᠢ᠎ᠶᠢ ᠬᠡᠷᠡᠭᠯᠡᠵᠦ᠂ 105 ᠲᠦᠮᠡ ᠭᠠᠷᠤᠢ ᠲᠥᠭᠥᠷᠢᠭ᠎ᠦᠨ ᠬᠠᠷᠢᠭᠤ ᠬᠠᠷᠠᠮᠵᠢ ᠠᠪᠴᠠᠢ᠃
ᠦᠨᠡᠯᠡᠯᠳᠡ᠄ ᠡᠨᠡ ᠣᠨᠴᠠᠭᠠᠢ ᠬᠡᠷᠡᠭ᠎ᠦᠨ ᠠᠷᠤ᠎ᠳᠤ ᠳᠦᠷᠢᠮ᠎ᠦᠨ ᠰᠡᠷᠭᠡᠢᠯᠡᠯᠲᠡ᠎ᠶᠢᠨ ᠱᠤᠭᠤᠮ ᠠᠯᠳᠠᠭᠳᠠᠵᠦ ᠪᠠᠢᠬᠣ ᠵᠢ ᠬᠠᠷᠠᠭᠣᠯᠪᠠ᠃ ᠡᠢᠮᠦᠷᠬᠦᠦ ᠬᠡᠯᠪᠡᠷᠢ᠎ᠶᠢᠨ ᠢᠯᠵᠢᠷᠠᠯ᠎ᠢ ᠰᠡᠷᠭᠡᠢᠯᠡᠬᠦ᠎ᠳᠦ ᠡᠮᠴᠢᠯᠡᠭᠡᠨ᠎ᠦ ᠮᠠᠲᠧᠷᠢᠶᠠᠯ᠎ᠤᠨ ᠳᠠᠭᠠᠭᠠᠴᠢᠯᠠᠯᠲᠠ ᠵᠠᠷᠯᠠᠬᠤ᠂ ᠡᠮᠨᠡᠯᠭᠡ᠎ᠳᠦ ᠣᠷᠣᠬᠤ᠎ᠠᠴᠠ ᠬᠡᠷᠡᠭᠯᠡᠬᠦ ᠬᠦᠷᠲᠡᠯᠡᠬᠢ ᠪᠦᠬᠦ ᠶᠠᠪᠤᠴᠠ᠎ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ᠎ᠶᠢ ᠠᠬᠢᠭᠤᠯᠬᠤ᠎ᠶᠢᠨ ᠬᠠᠮᠲᠤ ᠡᠮᠴᠢ᠎ᠶᠢᠨ ᠶᠤᠰᠦ ᠰᠤᠷᠳᠠᠬᠤᠨ ᠬᠠᠤᠯᠢ᠎ᠪᠠᠷ ᠵᠠᠰᠠᠬᠤ 《ᠬᠣᠣᠰ ᠵᠠᠮᠲᠤ ᠬᠥᠮᠦᠵᠢᠯ》᠎ᠢ ᠴᠢᠩᠭᠠᠳᠬᠠᠵᠤ᠂ 《ᠢᠯᠵᠢᠷᠡᠬᠦ ᠵᠣᠷᠢᠭ᠋ ᠦᠭᠡᠢ ᠪᠣᠯᠭᠠᠬᠣ》 ᠵᠢᠴᠢ 《ᠢᠯᠵᠢᠷᠠᠵᠤ ᠳᠡᠶ᠋ᠢᠯᠬᠦ ᠦᠭᠡᠢ ᠪᠣᠯᠭᠠᠬᠤ》 ᠵᠢ ᠦᠨᠡᠨ ᠬᠦ᠌ ᠨᠠᠢᠳᠠᠪᠤᠷᠢᠵᠢᠭᠤᠯᠬᠤ ᠬᠡᠷᠡᠭᠲᠡᠢ᠃
— 《ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠣᠨᠢᠨ》 ᠡᠴᠡ