ᠤᠡᠭᠰᠢᠯᠭᠠᠵᠢᠨ ᠬᠦᠳᠤᠯᠤᠮᠵᠢ
ᠣᠢᠷ᠎ᠠ ᠵᠢᠨ ᠵᠢᠯ ᠤ᠋ᠨ ᠳᠤᠷᠰᠢ᠂ ᠥᠪᠥᠷ ᠮᠣᠩᠭᠣᠯ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠤᠨ ᠦᠨᠳᠦᠰᠦᠨ ᠱᠠᠲᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠪᠠᠢᠭᠤᠯᠤᠮᠵᠢ ᠵᠢᠨ ᠪᠠᠢᠭᠤᠯᠤᠯᠲᠠ ᠶ᠋ᠢ ᠠᠬᠢᠭᠤᠯᠵᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠵᠢᠡᠷ ᠡᠯᠪᠡᠭ᠌ 700 ᠭᠠᠷᠤᠶ ᠰᠤᠮᠤ ᠱᠢᠶᠠᠩ ᠪᠠᠯᠭᠠᠰᠤᠨ ᠳ᠋ᠤ ᠴᠥᠮ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠪᠠᠢᠭᠤᠯᠤᠭ᠍ᠰᠠᠨ ᠪᠥᠭᠡᠳ ᠲᠥᠷᠥᠯ ᠬᠤᠪᠢᠶᠠᠨ ᠠᠬᠢᠭᠤᠯᠬᠤ ᠪᠠᠢᠭᠤᠯᠤᠮᠵᠢ ᠪᠠᠢᠭᠤᠯᠬᠤ ᠵᠠᠭ᠍ᠪᠤᠷ ᠵᠢᠡᠷ ᠳᠠᠮᠵᠢᠨ ᠦᠨᠳᠦᠰᠦᠨ ᠱᠠᠲᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠠᠮᠢᠶᠠᠷᠤᠯᠲᠠ ᠵᠢᠨ ᠦᠶ᠋ᠯᠡᠴᠢᠯᠡᠭᠡᠨ ᠤ᠋ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ᠃
ᠲᠦᠷᠦᠬᠦᠭᠡᠨ᠂ ᠤᠯᠠᠭᠠᠨᠬᠠᠳᠠ ᠬᠣᠲᠠ ᠵᠢᠨ ᠬᠠᠷᠠᠴᠢᠨ ᠬᠣᠱᠢᠭᠤᠨ ᠤ᠋ ᠮᠡᠢᠷᠡᠨ ᠪᠠᠯᠭᠠᠰᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠳᠠᠷᠤᠭ᠎ᠠ ᠲᠠᠩ ᡁᠢ ᠭᠠᠩ ᠮᠡᠷᠭᠡᠵᠢᠯᠲᠡᠨ ᠵᠢᠡᠨ ᠳᠠᠭᠠᠭᠤᠯᠤᠨ ᠠᠭᠤᠯᠠᠨ ᠣᠶ ᠵᠢᠨ ᠨᠢᠭᠡᠳᠦᠭᠡᠷ ᠹᠷᠣᠨᠲ ᠲᠤ᠌ ᠭᠦᠨᠵᠡᠭᠡᠢᠷᠡᠵᠦ᠍᠂ 2026 ᠣᠨ ᠤ᠋ ᠮᠣᠳᠣ ᠣᠭ᠍ᠲᠣᠯᠬᠤ ᠲᠥᠯᠥᠪᠯᠡᠭᠡ ᠳ᠋ᠤ ᠬᠠᠨᠳᠤᠭᠤᠯᠤᠨ ᠭᠡᠭᠡᠷ᠎ᠡ ᠭᠠᠳᠠᠨᠠᠬᠢ ᠠᠵᠢᠯ ᠤ᠋ᠨ ᠪᠠᠢᠴᠠᠭᠠᠯᠲᠠ ᠬᠢᠪᠠ᠃ 《ᠪᠢᠳᠡ ᠡᠷᠬᠡᠪᠰᠢ ᠮᠡᠷᠭᠡᠵᠢᠯ ᠤ᠋ᠨ ᠲᠦᠷᠢᠮ ᠢ᠋ ᠴᠢᠩᠭ᠎ᠠ ᠵᠢᠷᠤᠮᠯᠠᠨ᠂ ᠣᠭ᠍ᠲᠣᠯᠬᠤ ᠭᠡᠵᠦ᠍ ᠪᠠᠢᠭ᠎ᠠ ᠣᠢᠲᠤ ᠭᠠᠵᠠᠷ ᠤ᠋ᠨ ᠣᠶ ᠮᠣᠳᠣᠨ ᠤ᠋ ᠬᠠᠳᠠᠭᠠᠯᠠᠭ᠍ᠳᠠᠴᠠ᠂ ᠮᠣᠳᠣᠨ ᠤ᠋ ᠲᠥᠷᠥᠯ ᠵᠦᠶ᠋ᠯ ᠤ᠋ᠨ ᠪᠦᠷᠢᠯᠳᠦᠯ᠂ ᠣᠶ ᠵᠢᠨ ᠨᠠᠰᠤᠨ ᠤ᠋ ᠪᠦᠲᠦᠴᠡ ᠵᠡᠷᠭᠡ ᠶ᠋ᠢ ᠨᠠᠷᠢᠨ ᠬᠠᠷᠭᠤᠭᠤᠯᠤᠨ ᠪᠠᠢᠴᠠᠭᠠᠵᠤ ᠦᠨᠡᠯᠡᠨ ᠵᠢᠱ᠌ᠢᠬᠦ᠌ ᠬᠡᠷᠡᠭ᠌ᠲᠡᠶ᠂ ᠢᠩᠭᠢᠪᠡᠯ ᠰᠠᠶᠢ ᠣᠢᠵᠢᠭᠤᠯᠤᠯᠳᠠ ᠵᠢᠨ ᠲᠠᠷᠢᠶᠠᠴᠢᠳ ᠤ᠋ᠨ ᠮᠤᠳᠤ ᠣᠭ᠍ᠲᠣᠯᠬᠤ ᠭᠤᠶᠤᠴᠢᠯᠠᠯ ᠪᠠ ᠠᠵᠢᠯ ᠤ᠋ᠨ ᠵᠢᠷᠤᠭ ᠲᠥᠯᠥᠪᠯᠡᠭᠡ ᠳ᠋ᠤ ᠠᠩᠬᠠᠨ ᠤ᠋ ᠮᠠᠲ᠋ᠧᠷᠢᠶᠠᠯ ᠢ᠋ ᠤᠷᠢᠳᠴᠢᠯᠠᠨ ᠴᠤᠭ᠍ᠯᠠᠭᠤᠯᠵᠤ ᠲᠠᠢᠯᠤᠨ᠎ᠠ》 ᠭᠡᠵᠤ ᠲᠠᠩ ᡁᠢ ᠭᠠᠩ ᠨᠢᠭᠡ ᠲᠠᠯ᠎ᠠ ᠪᠡᠷ ᠬᠠᠮᠲᠤ ᠠᠵᠢᠯᠯᠠᠭ᠍ᠴᠢ ᠪᠡᠨ ᠵᠢᠭᠠᠨ ᠵᠢᠯᠣᠭᠣᠳᠴᠤ᠌᠂ ᠨᠥᠭᠥᠭᠡ ᠲᠠᠯ᠎ᠠ ᠪᠡᠷ ᠨᠠᠷᠢᠨ ᠪᠣᠳᠠᠲᠠᠶ ᠲᠣᠭ᠎ᠠ ᠪᠠᠷᠢᠮᠲᠠ ᠶ᠋ᠢ ᠲᠡᠮᠳᠡᠭ᠌ᠯᠡᠨᠡ᠃
ᠤᠢ᠍ᠢᠷᠠ ᠵᠢᠨ ᠵᠢᠯ ᠡᠴᠡ ᠨᠠᠭᠠᠰᠢ᠂ ᠮᠡᠢᠷᠡᠨ ᠪᠠᠯᠭᠠᠰᠤ ᠵᠢᠨ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠬᠢᠨ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠵᠦ᠍᠂ ᠮᠠᠨ ᠤ᠋ ᠤᠯᠤᠰ ᠤ᠋ᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠪᠡᠬᠢᠵᠢᠭᠦᠯᠬᠦ᠌ ᠵᠢᠨ ᠲᠥᠯᠥᠭᠡ᠂ ᠥᠪᠥᠷ ᠮᠣᠩᠭᠣᠯ ᠤᠢ ᠱᠢᠭᠤᠢ ᠵᠢᠨ ᠳᠠᠷᠤᠭ᠎ᠠ ᠵᠢᠨ ᠲᠦᠷᠢᠮ ᠢ᠋ ᠭᠦᠨᠵᠡᠭᠡᠢ ᠠᠬᠢᠭᠤᠯᠵᠤ ᠪᠣᠳᠠᠲᠠᠢ ᠬᠢᠬᠦ᠌ ᠪᠡᠷ ᠲᠦᠱᠢᠭ ᠪᠣᠯᠭᠠᠨ᠂ ᠭᠠᠵᠠᠷ ᠣᠷᠣᠨ ᠤ᠋ ᠪᠠᠢᠳᠠᠯ ᠳ᠋ᠠᠭᠠᠨ ᠲᠤᠬᠢᠷᠠᠭᠤᠯᠤᠨ ᠦᠨᠳᠦᠰᠦᠨ ᠱᠠᠲᠤᠨ ᠤ᠋ ᠤᠢ ᠱᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠦᠷᠳᠡᠭᠡ ᠵᠢᠨ ᠪᠠᠢᠭᠤᠯᠤᠯᠲᠠ ᠶ᠋ᠢ ᠴᠢᠩᠭᠠᠳᠭᠠᠵᠤ᠂ ᠤᠢ ᠱᠢᠭᠤᠢ ᠪᠠ ᠨᠤᠲᠤᠭ ᠪᠡᠯᠴᠢᠭᠡᠷ ᠤ᠋ᠨ ᠦᠨᠳᠦᠰᠦᠨ ᠱᠠᠲᠤᠨ ᠤ᠋ ᠰᠠᠭᠤᠷᠢ ᠶ᠋ᠢ ᠪᠦᠲᠦᠮᠵᠢᠲᠡᠢ ᠪᠡᠬᠢᠵᠢᠭᠦᠯᠤᠨ᠂ 《ᠲᠠᠪᠤᠨ ᠵᠠᠩᠭᠢᠯᠠᠭ᠎ᠠ ᠵᠢᠨ ᠴᠡᠭ》 ᠢ᠋ ᠴᠢᠩᠭ᠎ᠠ ᠠᠳᠭᠤᠵᠤ᠂ ᠠᠮᠢ ᠠᠬᠤᠢ ᠵᠢᠨ ᠵᠠᠰᠠᠯᠲᠠ ᠵᠢᠨ ᠦᠢᠯᠡᠴᠢᠯᠡᠭᠡᠨ ᠤ᠋ 《ᠰᠢᠵᠢᠮ》 ᠢ᠋ ᠬᠣᠯᠪᠣᠭ᠍ᠰᠠᠨ ᠪᠠᠢᠨ᠎ᠠ᠃
《ᠮᠠᠨ ᠤ᠋ ᠦᠨᠳᠦᠰᠦᠨ ᠱᠠᠲᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠬᠢᠨ ᠵᠢᠯ ᠤ᠋ᠨ ᠳᠥᠷᠪᠡᠨ ᠤᠯᠠᠷᠢᠯ ᠳ᠋ᠠᠭᠠᠨ ᠴᠥᠮ ᠬᠢᠬᠦ᠌ ᠠᠵᠢᠯ ᠲᠠᠶ᠃ ᠬᠠᠪᠤᠷ ᠤ᠋ᠨ ᠤᠯᠠᠷᠢᠯ ᠤ᠋ᠨ ᠮᠣᠳᠣ ᠲᠠᠷᠢᠵᠤ ᠣᠢᠵᠢᠭᠤᠯᠬᠤ ᠪᠠ ᠭᠤᠶᠤᠵᠢᠭᠤᠯᠵᠤ ᠨᠣᠭᠣᠭᠠᠷᠠᠭᠤᠯᠬᠤ ᠡᠴᠡ ᠡᠳᠦᠷ ᠲᠤᠲᠤᠮ ᠤ᠋ᠨ ᠤᠢ ᠰᠢᠭᠤᠢ ᠪᠠ ᠨᠤᠲᠤᠭ ᠪᠡᠯᠴᠢᠭᠡᠷ ᠢ᠋ ᠲᠤᠰᠭᠠᠶ ᠴᠡᠭ᠌ᠴᠡᠯᠡᠨ ᠵᠠᠰᠠᠬᠤ ᠂ ᠣᠶ ᠱᠢᠭᠤᠶ ᠵᠢᠨ ᠶᠠᠪᠤᠳᠠᠯ ᠤ᠋ᠨ ᠡᠬᠢ ᠪᠠᠶᠠᠯᠢᠭ ᠢ᠋ ᠬᠠᠮᠢᠶᠠᠷᠬᠤ᠂ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠡᠵᠡᠮᠳᠡᠬᠦ᠌ ᠵᠢᠴᠢ ᠣᠶ ᠱᠢᠭᠤᠶ ᠵᠢᠨ ᠲᠦᠢᠮᠡᠷ ᠢ᠋ ᠰᠡᠷᠭᠡᠢᠯᠡᠨ ᠤᠨᠲᠠᠷᠠᠭᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠳᠡᠯᠭᠡᠷᠡᠭᠦᠯᠬᠦ᠌ ᠵᠡᠷᠭᠡ ᠬᠦᠷᠲᠡᠯ᠎ᠡ᠂ ᠠᠵᠢᠯ ᠨᠢᠭᠡᠪᠦᠷᠢ ᠨᠢ ᠴᠥᠮ ᠤᠢ ᠰᠢᠭᠤᠢ ᠪᠠ ᠨᠤᠲᠤᠭ ᠪᠡᠯᠴᠢᠭᠡᠷ ᠤ᠋ᠨ ᠡᠭᠦᠷᠭᠡ ᠶ᠋ᠢ ᠨᠠᠢᠳᠠᠪᠤᠷᠢᠵᠢᠭᠤᠯᠬᠤ ᠵᠠᠩᠭᠢᠯᠠᠭ᠎ᠠ ᠵᠢᠨ ᠭᠣᠭ᠍ᠴᠣᠭᠠ ᠪᠣᠯᠤᠨ᠎ᠠ》 ᠭᠡᠵᠦ᠍ ᠲᠦᠩᠯᠢᠶᠣᠤ ᠬᠣᠲᠠ ᠵᠢᠨ ᠺᠠᠢᠯᠦ᠍ ᠱᠢᠶᠠᠨ ᠤ᠋ ᠱᠢᠶᠤᠤ ᠵᠢᠶᠧ ᠵᠢᠶ ᠪᠠᠯᠭᠠᠰᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠳᠠᠷᠤᠭ᠎ᠠ ᠰᠢ ᠫᠢᠩ ᠬᠡᠯᠡᠨ᠎ᠠ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠶᠡᠷᠦᠩᠬᠡᠶ ᠥᠷᠲᠡᠭᠡ ᠵᠢᠨ ᠳᠠᠷᠤᠭ᠎ᠠ ᠬᠠᠰᠪᠠᠭᠠᠲᠤᠷ ᠤ᠋ᠨ ᠲᠠᠨᠢᠯᠴᠠᠭᠤᠯᠤᠭᠰᠠᠨ ᠵᠢᠡᠷ᠂ ᠣᠶ ᠱᠢᠭᠤᠶ ᠪᠠ ᠨᠤᠲᠤᠭ ᠪᠡᠯᠴᠢᠭᠡᠷ ᠲᠤ᠌ ᠬᠣᠯᠪᠣᠭ᠍ᠳᠠᠭ᠍ᠰᠠᠨ ᠰᠤᠮᠤ ᠱᠢᠶᠠᠩ ᠪᠠᠯᠭᠠᠰᠤ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠪᠠᠢᠭᠤᠯᠤᠮᠵᠢ ᠶ᠋ᠢ ᠪᠦᠷᠢᠨ ᠪᠥᠷᠬᠥᠭᠦᠯᠬᠦ᠌ ᠶ᠋ᠢ ᠪᠡᠶᠡᠯᠡᠭᠦᠯᠬᠦ᠌ ᠵᠢᠨ ᠲᠥᠯᠥᠭᠡ᠂ ᠣᠢᠷ᠎ᠠ ᠵᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠵᠠᠯᠭᠠᠭ᠎ᠠ ᠪᠡᠷ ᠬᠤᠶᠠᠷ ᠵᠢᠯ ᠨᠢᠭᠡᠳ᠋ᠤᠭᠡᠷ ᠲᠣᠭᠠᠲᠤ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ ᠢ᠋ ᠨᠡᠢᠳᠡᠯᠡᠵᠤ᠂ ᠦᠨᠳᠦᠰᠦᠨ ᠱᠠᠲᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠪᠥᠲᠥᠭᠡᠨ ᠪᠠᠢᠭᠤᠯᠤᠯᠲᠠ ᠳ᠋ᠤ ᠲᠤᠰᠭᠠᠶ ᠪᠠᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ᠋ ᠣᠢ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠪᠠᠰᠠ ᠬᠠᠮᠢᠶ᠎ᠠ ᠪᠦᠬᠦᠢ ᠰᠠᠯᠠᠭ᠎ᠠ ᠮᠥᠴᠢᠷ ᠲᠡᠶ ᠬᠠᠮᠲᠤᠷᠠᠨ ᠭᠦᠨᠵᠡᠭᠡᠶ ᠪᠠᠢᠴᠠᠭᠠᠨ ᠰᠤᠳᠤᠯᠵᠤ ᠨᠤᠲᠠᠯᠠᠯᠲᠠ ᠬᠢᠵᠦ᠍᠂ ᠣᠢ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ᠂ ᠠᠮᠢ ᠠᠬᠤᠢ ᠵᠢᠨ ᠣᠷᠣᠨ ᠪᠠᠢᠷᠢ ᠵᠢᠨ ᠴᠢᠬᠤᠯᠠ ᠴᠢᠨᠠᠷ ᠵᠡᠷᠭᠡ ᠬᠦᠴᠦᠨ ᠵᠦᠶ᠋ᠯ ᠢ᠋ ᠦᠨᠳᠦᠰᠦᠯᠡᠨ᠂ ᠲᠤᠬᠠᠶ ᠵᠢᠨ ᠭᠠᠵᠠᠷ ᠣᠷᠣᠨ ᠤ᠋ ᠪᠠᠢᠳᠠᠯ ᠳ᠋ᠠᠭᠠᠨ ᠲᠤᠬᠢᠷᠠᠭᠤᠯᠵᠤ ᠦᠨᠳᠦᠰᠦᠨ ᠱᠠᠲᠤᠨ ᠤ᠋ ᠣᠢ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠪᠠᠢᠭᠤᠯᠤᠮᠵᠢ ᠵᠢᠨ ᠪᠠᠢᠭᠤᠯᠤᠯᠲᠠ ᠶ᠋ᠢ ᠠᠬᠢᠭᠤᠯᠪᠠ᠃ ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠵᠢᠡᠷ ᠡᠯᠪᠡᠭ 700 ᠭᠠᠷᠤᠢ ᠰᠤᠮᠤ ᠱᠢᠶᠠᠩ ᠪᠠᠯᠭᠠᠰᠤ ᠳ᠋ᠤ ᠴᠥᠮ ᠫᠠᠢᠰᠠ ᠡᠯᠭᠦᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠪᠠᠢᠭᠤᠯᠵᠤ᠂ ᠡᠭᠦᠨ ᠵᠢᠡᠷ ᠭᠤᠤᠯᠳᠠᠯᠭ᠎ᠠ ᠲᠠᠶ ᠣᠷᠣᠨ ᠪᠦᠰᠡ ᠵᠢᠨ ᠠᠵᠢᠯ ᠤ᠋ᠨ ᠬᠦᠴᠦᠨ ᠢ᠋ ᠦᠨᠡᠨ ᠬᠦ᠌ ᠪᠠᠲᠤᠯᠠᠪᠠ; ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠤ᠋ᠨ ᠬᠡᠮᠵᠢᠶ᠎ᠡ ᠪᠡᠷ ᠪᠠᠭ᠎ᠠ᠂ ᠠᠵᠢᠯ ᠤ᠋ᠨ ᠡᠭᠦᠷᠭᠡ ᠪᠡᠷ ᠬᠠᠷᠢᠴᠠᠩᠭᠤᠶ ᠬᠥᠩᠭᠡᠨ ᠰᠤᠮᠤ ᠱᠢᠶᠠᠩ ᠪᠠᠯᠭᠠᠰᠤᠨ ᠳ᠋ᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠤᠰᠭᠠᠶ ᠠᠵᠢᠯ ᠤ᠋ᠨ ᠪᠠᠢᠷᠢ ᠲᠣᠬᠢᠷᠠᠭᠤᠯᠬᠤ ᠠᠷᠭ᠎ᠠ ᠮᠠᠶᠢᠭ ᠵᠢᠡᠷ ᠳᠠᠮᠵᠢᠨ ᠡᠭᠦᠷᠭᠡ ᠴᠢᠳᠠᠪᠤᠷᠢ ᠶ᠋ᠢ ᠨᠢ ᠴᠢᠩᠭᠠᠷᠠᠭᠤᠯᠵᠤ᠂ ᠨᠡᠢᠲᠡ 18 ᠪᠠᠢᠭᠤᠯᠤᠮᠵᠢ ᠳ᠋ᠤ ᠲᠤᠰᠭᠠᠶ ᠠᠵᠢᠯ ᠤ᠋ᠨ ᠪᠠᠢᠷᠢ ᠵᠢᠨ ᠲᠣᠬᠢᠷᠠᠭᠤᠯᠤᠯᠲᠠ ᠶ᠋ᠢ ᠨᠠᠢᠳᠠᠪᠤᠷᠢᠵᠢᠭᠤᠯᠬᠤ ᠵᠢᠨ ᠬᠠᠮᠲᠤ᠂ ᠪᠠᠷᠢᠮᠵᠢᠶᠠᠵᠢᠭᠤᠯᠬᠤ ᠪᠠᠢᠭᠤᠯᠤᠯᠲᠠ ᠪᠡᠷ ᠳᠠᠮᠵᠢᠨ ᠰᠠᠭᠤᠷᠢ ᠪᠠᠲᠤᠯᠠᠭ᠎ᠠ ᠵᠢᠨ ᠴᠢᠳᠠᠪᠤᠷᠢ ᠶ᠋ᠢ ᠨᠢ ᠴᠢᠨᠠᠭᠰᠢᠳᠠ ᠪᠡᠬᠢᠵᠢᠭᠦᠯᠪᠡ᠃ ᠡᠨᠡ ᠬᠦ᠌ ᠲᠥᠷᠥᠯ ᠬᠤᠪᠢᠶᠠᠨ ᠠᠬᠢᠭᠤᠯᠬᠤ ᠪᠠᠢᠭᠤᠯᠤᠮᠵᠢ ᠵᠢᠨ ᠪᠠᠢᠷᠢᠯᠠᠭᠤᠯᠤᠯᠲᠠ ᠵᠢᠨ ᠵᠠᠭ᠍ᠪᠤᠷ ᠵᠢᠡᠷ ᠳᠠᠮᠵᠢᠨ ᠦᠨᠳᠦᠰᠦᠨ ᠱᠠᠲᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠠᠮᠢᠶᠠᠷᠤᠯᠲᠠ ᠦᠶ᠋ᠯᠡᠴᠢᠯᠡᠭᠡᠨ ᠤ᠋ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠵᠠᠢ᠃
《ᠦᠨᠳᠦᠰᠦᠨ ᠱᠠᠲᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠨᠢ ᠡᠴᠦᠰ ᠲᠡᠬᠡᠨ ᠮᠥᠨ ᠯᠡ ᠣᠢᠵᠢᠭᠤᠯᠤᠯᠳᠠ ᠵᠢᠨ ᠲᠠᠷᠢᠶᠠᠴᠢᠳ ᠲᠤ᠌ ᠦᠶ᠋ᠯᠡᠴᠢᠯᠡᠬᠦ᠌ ᠪᠣᠳᠠᠲᠠᠢ ᠦᠷ᠎ᠡ ᠪᠦᠲᠦᠮᠵᠢ ᠪᠠ ᠠᠮᠢ ᠠᠬᠤᠶ ᠵᠢᠨ ᠬᠠᠮᠠᠭᠠᠯᠠᠯᠲᠠ ᠵᠢᠨ ᠦᠷ᠎ᠡ ᠪᠦᠲᠦᠮᠵᠢ ᠳᠡᠭᠡᠷ᠎ᠡ ᠢᠯᠡᠷᠡᠬᠦ᠌ ᠪᠣᠯᠤᠨ᠎ᠠ᠃ ᠵᠦᠩ ᠾᠧ ᠰᠢ ᠪᠠᠯᠭᠠᠰᠤ ᠬᠥᠪᠴᠢ ᠵᠢᠨ ᠡᠯᠡᠰᠦᠨ ᠳ᠋ᠤ ᠪᠠᠢᠷᠢᠯᠠᠵᠤ᠂ ᠠᠮᠢ ᠠᠬᠤᠢ ᠶ᠋ᠢ ᠰᠠᠢᠲᠤᠷ ᠬᠠᠮᠠᠭᠠᠯᠠᠬᠤ ᠪᠡᠷ ᠪᠠᠷᠠᠬᠤ ᠦᠭᠡᠢ ᠡᠯᠡᠰᠦᠨ ᠤ᠋ ᠠᠵᠤ ᠦᠢᠯᠡᠰ ᠢ᠋ ᠴᠦ᠍ ᠰᠠᠢᠲᠤᠷ ᠬᠢᠬᠦ᠌ ᠴᠢᠬᠤᠯᠠᠲᠠᠢ ᠪᠤᠯᠬᠤᠷ ᠤᠢ ᠰᠢᠭᠤᠢ ᠪᠠ ᠨᠤᠲᠤᠭ ᠪᠡᠯᠴᠢᠭᠡᠷ ᠤ᠋ᠨ ᠡᠭᠦᠷᠭᠡ ᠨᠡᠩ ᠬᠠᠲᠠᠭᠤᠵᠢᠯᠲᠠᠢ ᠶᠤᠮ》 ᠭᠡᠵᠦ᠍ ᠣᠷᠳᠣᠰ ᠬᠣᠲᠠ ᠵᠢᠨ ᠳᠠᠯᠠᠳ ᠬᠣᠱᠢᠭᠤᠨ ᠤ᠋ ᠵᠥᠩ ᠾᠧ ᠰᠢ ᠪᠠᠯᠭᠠᠰᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠳᠠᠷᠤᠭ᠎ᠠ ᠯᠢᠦ ᠪᠢᠨ ᠪᠢᠨ ᠲᠠᠨᠢᠯᠴᠠᠭᠤᠯᠪᠠ᠃
ᠭᠤᠸᠠᠨ ᠵᠢᠩ ᠲᠣᠰᠭᠣᠨ ᠪᠤᠯ ᠵᠦᠩ ᠾᠧ ᠰᠢ ᠪᠠᠯᠭᠠᠰᠤᠨ ᠳ᠋ᠤ ᠪᠠᠢᠷᠢᠯᠠᠵᠤ᠂ ᠪᠦᠬᠦ᠌ ᠲᠣᠰᠭᠣᠨ ᠳ᠋ᠤ 178 ᠡᠷᠦᠬᠡ 415 ᠪᠠᠢᠩᠭᠤ ᠵᠢᠨ ᠰᠠᠭᠤᠷᠢᠰᠢᠭ᠎ᠠ ᠬᠥᠮᠦᠨ ᠠᠮᠠ ᠪᠤᠢ᠃ ᠥᠩᠭᠡᠷᠡᠭ᠌ᠰᠡᠨ ᠳ᠋ᠤ ᠡᠨᠡ ᠭᠠᠵᠠᠷ ᠪᠣᠯ 《ᠨᠢᠭᠡ ᠯᠡ ᠰᠥᠨᠢ ᠡᠯᠡᠰᠦ ᠰᠠᠯᠬᠢᠯᠠᠪᠠᠯ ᠡᠭᠦᠳᠡ ᠶ᠋ᠢ ᠪᠦᠭᠯᠡᠴᠢᠬᠡᠳᠡᠭ》᠂ ᠡᠳᠦᠭᠡ ᠪᠥᠬᠥ᠌ ᠲᠣᠰᠭᠣᠨ ᠳ᠋ᠤ 33 ᠲᠦᠮᠡᠨ ᠮᠥ᠍ ᠭᠠᠵᠠᠷ ᠲᠠᠢ᠂ ᠡᠭᠦᠨ ᠳ᠋ᠤ 19.2 ᠲᠦᠮᠡᠨ ᠮᠥ᠍ ᠳ᠋ᠤ ᠡᠯᠡᠰᠦ ᠶ᠋ᠢ ᠵᠠᠰᠠᠨ ᠮᠣᠳᠣ ᠳᠠᠷᠢᠵᠤ᠂ ᠪᠤᠲᠠ ᠪᠤᠲᠠ ᠡᠯᠡᠰᠦᠨ ᠪᠤᠷᠭᠠᠰᠤ᠂ ᠨᠠᠢᠯᠵᠠᠭᠤᠷ ᠬᠠᠷᠭᠠᠨ᠎ᠠ ᠪᠥᠬᠥ᠌ ᠤᠯᠤᠰ ᠤ᠋ᠨ ᠡᠯ᠎ᠡ ᠭᠠᠵᠠᠷ ᠲᠤ᠌ ᠪᠣᠷᠣᠯᠠᠭᠤᠯᠤᠭ᠍ᠳᠠᠵᠤ ᠪᠤᠢ᠃ ᠤᠳᠤ ᠡᠨᠡ ᠨᠢᠭᠡ ᠯᠡ ᠵᠦᠶ᠋ᠯ ᠳ᠋ᠤ ᠲᠦᠰᠢᠭᠯᠡᠨ ᠪᠥᠬᠥ᠌ ᠲᠣᠰᠭᠣᠨ ᠤ᠋ ᠵᠢᠯ ᠤ᠋ᠨ ᠳᠤᠮᠳᠠᠴᠢ ᠦᠶ᠋ᠯᠡᠳᠬᠦᠨ ᠤ᠋ ᠥᠷᠲᠡᠭ ᠨᠢ 1245 ᠲᠦᠮᠡ ᠭᠠᠷᠤᠶ ᠲᠥᠭᠥᠷᠢᠭ ᠲᠤ᠌ ᠬᠦᠷᠴᠦ᠍᠂ 178 ᠡᠷᠦᠬᠡ ᠵᠢᠨ ᠳᠤᠮᠳᠠᠴᠢ ᠣᠷᠣᠯᠭ᠎ᠠ ᠨᠢ 3 ᠲᠦᠮᠡᠨ ᠲᠥᠭᠥᠷᠢᠭ ᠲᠤ᠌ ᠬᠦᠷᠴᠡᠶ᠃ ᠡᠭᠦᠨ ᠡᠴᠡ ᠭᠠᠳᠠᠨ᠎ᠠ᠂ ᠳᠤᠰ ᠲᠣᠰᠭᠣᠨ ᠤᠮᠠᠷᠠᠲᠤ ᠬᠡᠰᠡᠭ ᠤ᠋ᠨ ᠬᠥᠪᠴᠢ ᠵᠢᠨ ᠡᠯᠡᠰᠦᠨ ᠴᠥᠯ ᠤ᠋ᠨ ᠪᠦᠰᠡ ᠶ᠋ᠢ ᠠᠱᠢᠭ᠍ᠯᠠᠨ 7 ᠲᠦᠮᠡᠨ ᠮᠥ᠍ ᠵᠠᠯᠭᠠᠯᠳᠤᠭ᠍ᠰᠠᠨ ᠬᠡᠷᠡᠯᠴᠢ ᠴᠡᠨᠡᠭ ᠤ᠋ᠨ ᠴᠠᠬᠢᠯᠭᠠᠨ ᠭᠠᠷᠭᠠᠬᠤ ᠰᠠᠭᠤᠷᠢᠨ ᠢ᠋ ᠪᠦᠳᠦᠭᠡᠨ ᠪᠠᠢᠭᠤᠯᠵᠤ᠂ 《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠤᠤᠷ᠎ᠠ ᠵᠠᠰᠠᠨ ᠰᠡᠷᠭᠦᠭᠡᠬᠦ᠌᠂ ᠬᠠᠪᠲᠠᠰᠤᠨ ᠤ᠋ ᠬᠣᠭᠣᠷᠣᠨᠳᠣ ᠳᠠᠷᠢᠬᠤ》 ᠪᠣᠰᠣᠭ᠎ᠠ ᠴᠣᠭ᠍ᠴᠠᠲᠤ ᠬᠡᠷᠡᠯᠴᠢ ᠴᠡᠨᠡᠭ ᠵᠢᠡᠷ ᠡᠯᠡᠰᠦ ᠶ᠋ᠢ ᠵᠠᠰᠠᠬᠤ ᠱᠢᠨ᠎ᠡ ᠵᠠᠭ᠍ᠪᠤᠷ ᠢ᠋ ᠠᠯᠬᠤᠮ ᠠᠯᠬᠤᠮ ᠵᠢᠡᠷ ᠪᠡᠶᠡᠯᠡᠭᠦᠯᠪᠡ᠃
ᠡᠲᠡᠭᠡᠷ ᠦᠨᠡᠨ ᠪᠣᠳᠠᠲᠠᠶ ᠦᠷ᠎ᠡ ᠪᠦᠲᠦᠮᠵᠢ ᠨᠢ ᠶᠠᠷᠢᠶᠠᠨ ᠥᠬᠡᠶ ᠦᠨᠳᠦᠰᠦᠨ ᠱᠠᠲᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠴᠢᠷᠮᠠᠢᠯᠭ᠎ᠠ ᠡᠴᠡ ᠰᠠᠯᠵᠤ ᠴᠢᠳᠠᠬᠤ ᠥᠬᠡᠶ ᠶᠤᠮ᠂ ᠲᠠᠳᠠ ᠣᠢᠵᠢᠭᠤᠯᠤᠯᠳᠠ ᠵᠢᠨ ᠲᠠᠷᠢᠶᠠᠴᠢᠳ ᠤ᠋ᠨ ᠦᠶ᠋ᠯᠡᠳᠪᠦᠷᠢᠯᠡᠯ ᠡᠵᠡᠩᠨᠡᠯᠲᠡ ᠵᠢᠨ ᠳᠤᠮᠳᠠᠬᠢ ᠬᠦᠴᠢᠷ ᠠᠰᠠᠭᠤᠳᠠᠯ ᠢ᠋ ᠱᠢᠶ᠋ᠳᠪᠦᠷᠢᠯᠡᠭ᠌ᠰᠡᠨ ᠪᠥᠭᠡᠳ ᠪᠠᠰᠠ ᠥᠪᠡᠷ ᠢ᠋ᠪᠡᠨ 《ᠬᠠᠮᠢᠶᠠᠷᠤᠭ᠍ᠴᠢ》 ᠡᠴᠡ ᠳᠣᠲᠣᠨᠣ 《ᠦᠶ᠋ᠯᠡᠴᠢᠯᠡᠭ᠌ᠴᠢ》 ᠪᠣᠯᠭᠠᠨ ᠬᠤᠪᠢᠷᠠᠭᠤᠯᠤᠭ᠍ᠰᠠᠨ ᠪᠠᠢᠨ᠎ᠠ᠃
ᠣᠢᠷ᠎ᠠ ᠵᠢᠨ ᠵᠢᠯ ᠳ᠋ᠤ᠂ ᠦᠨᠳᠦᠰᠦᠨ ᠱᠠᠲᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠣᠯᠠᠨ ᠨᠡᠢᠲᠡ ᠵᠢᠨ ᠦᠶ᠋ᠯᠡᠴᠢᠯᠡᠭᠡᠨ ᠤ᠋ ᠡᠭᠦᠷᠭᠡ ᠴᠢᠳᠠᠪᠤᠷᠢ ᠶ᠋ᠢ ᠦᠨᠡᠨ ᠬᠦ᠌ ᠴᠢᠩᠭᠠᠳᠭᠠᠬᠤ ᠵᠢᠨ ᠲᠥᠯᠥᠭᠡ᠂ ᠥᠪᠥᠷ ᠮᠣᠩᠭᠣᠯ ᠤ᠋ᠨ ᠡᠯ᠎ᠡ ᠭᠠᠵᠠᠷ ᠤ᠋ᠨᠬᠢᠨ ᠨᠢᠭᠡ ᠥᠷᠲᠡᠭᠡᠴᠢᠯᠡᠭᠰᠡᠨ᠂ ᠪᠥᠬᠥ᠌ ᠶᠠᠪᠤᠴᠠ ᠳ᠋ᠤ ᠣᠷᠣᠯᠠᠨ ᠦᠢᠯᠡᠴᠢᠯᠡᠬᠦ ᠵᠡᠷᠭᠡ ᠦᠶ᠋ᠯᠡᠴᠢᠯᠡᠭᠡ ᠶ᠋ᠢ ᠬᠡᠷᠡᠭ᠌ᠵᠢᠭᠦᠯᠬᠦ᠌ ᠪᠡᠷ ᠳᠠᠮᠵᠢᠨ ᠣᠯᠠᠨ ᠲᠦᠮᠡᠨ ᠳ᠋ᠤ ᠰᠠᠨᠠᠭᠠᠴᠢᠯᠠᠭ᠎ᠠ ᠡᠴᠡ ᠪᠡᠨ ᠤᠢ ᠰᠢᠭᠤᠢ ᠪᠠ ᠨᠤᠲᠤᠭ ᠪᠡᠯᠴᠢᠭᠡᠷ ᠲᠤ᠌ ᠬᠤᠯᠪᠤᠭᠳᠠᠭᠰᠠᠨ ᠡᠯ᠎ᠡ ᠵᠦᠶ᠋ᠯ ᠤ᠋ᠨ ᠦᠶ᠋ᠯᠡᠴᠢᠯᠡᠭᠡ ᠬᠠᠩᠭᠠᠵᠤ ᠂ ᠬᠥᠳᠡᠭᠡ ᠲᠣᠰᠭᠣᠨ ᠤ᠋ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠢᠭᠤᠯᠤᠯᠲᠠ᠂ ᠬᠤᠪᠢ ᠬᠥᠮᠦᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠦᠶ᠋ᠯᠡᠳᠪᠦᠷᠢᠯᠡᠯ ᠢ᠋ ᠬᠥᠭ᠌ᠵᠢᠭᠦᠯᠬᠦ᠌ ᠪᠠ ᠤᠢ ᠰᠢᠭᠤᠢ ᠪᠠ ᠨᠤᠲᠤᠭ ᠪᠡᠯᠴᠢᠭᠡᠷ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡ ᠥᠷᠨᠢᠭᠦᠯᠬᠦ᠌ ᠶ᠋ᠢ ᠵᠣᠬᠢᠶᠠᠨ ᠪᠠᠢᠭᠤᠯᠬᠤ ᠵᠢᠴᠢ ᠵᠢᠯᠣᠭᠣᠳᠭᠤ ᠳᠤᠮᠳᠠ ᠴᠢᠬᠤᠯᠠ ᠦᠢᠯᠡᠳᠦᠯ ᠦᠵᠡᠭᠦᠯᠪᠡ᠃ ᠢᠯᠠᠩᠭᠤᠶ᠎ᠠ ᠤᠯᠠᠭᠠᠨᠬᠠᠳᠠ ᠬᠣᠲᠠ ᠵᠢᠨ ᠬᠠᠷᠠᠴᠢᠨ ᠬᠣᠱᠢᠭᠤᠨ ᠤ᠋ ᠮᠡᠢᠷᠡᠨ ᠪᠠᠯᠭᠠᠰᠤ ᠵᠢᠨ ᠶᠡᠷᠦᠩᠬᠡᠢᠯᠡᠭ᠌ᠰᠡᠨ ᠪᠠᠲᠤᠯᠠᠭ᠎ᠠ ᠪᠠ ᠮᠡᠷᠭᠡᠵᠢᠯ ᠢ᠋ ᠳᠡᠯᠭᠡᠷᠡᠭᠦᠯᠬᠦ᠌ ᠲᠥᠪ (ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ) ᠦᠨᠳᠦᠰᠦᠨ ᠱᠠᠲᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠶ᠋ᠯᠡᠰ ᠤ᠋ᠨ ᠬᠥᠭ᠌ᠵᠢᠯᠲᠡ ᠳᠤᠮᠳᠠᠬᠢ ᠢᠯᠡᠳᠲᠡ ᠦᠢᠯᠡᠳᠦᠯ ᠪᠠ ᠱᠢᠨ᠎ᠡ ᠶ᠋ᠢ ᠡᠭᠦᠳᠬᠦ᠌ ᠦᠶ᠋ᠯᠡᠳᠦᠯᠭᠡ ᠵᠢᠨ ᠵᠠᠭ᠍ᠪᠤᠷ ᠵᠢᠡᠷ 2024 ᠣᠨ ᠤ᠋ ᠤᠯᠤᠰ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ 《ᠨᠢᠭᠡ ᠥᠷᠲᠡᠭᠡ ᠳ᠋ᠤ ᠨᠢᠭᠡ ᠠᠵᠢᠯᠲᠠᠨ ᠨᠢᠭᠡ ᠴᠣᠩᠬᠣᠪᠴᠢ ᠲᠠᠢ ᠪᠠᠢᠬᠤ》 ᠶ᠋ᠢᠨ ᠨᠡᠢᠲᠡᠯᠢᠭ ᠵᠢᠱ᠌ᠢᠶ᠎ᠡ ᠪᠡᠷ ᠤᠬᠠᠭᠤᠯᠬᠤ ᠠᠵᠢᠯᠯᠠᠭ᠎ᠠ ᠵᠢᠨ ᠨᠡᠷᠡᠰ ᠲᠤ᠌ ᠰᠣᠩᠭᠣᠭ᠍ᠳᠠᠨ ᠣᠷᠣᠵᠠᠢ᠃
2024 ᠣᠨ ᠳ᠋ᠤ᠂ ᠮᠠᠨ ᠤ᠋ ᠣᠷᠣᠨ ᠤ᠋ ᠨᠢᠭᠡ ᠥᠷᠲᠡᠭᠡᠴᠢᠯᠡᠭᠰᠡᠨ᠂ ᠪᠥᠬᠥ᠌ ᠶᠠᠪᠤᠴᠠ ᠳ᠋ᠤ ᠣᠷᠣᠯᠠᠨ ᠦᠶ᠋ᠯᠡᠴᠢᠯᠡᠬᠦ᠌ ᠦᠨᠳᠦᠰᠦᠨ ᠱᠠᠲᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠪᠠᠢᠭᠤᠯᠤᠮᠵᠢ 234 ᠪᠣᠯᠵᠣ᠂ 226 ᠣᠶ ᠱᠢᠭᠤᠶ ᠵᠢᠨ ᠠᠵᠤ ᠠᠬᠤᠶ ᠵᠢᠨ ᠬᠠᠮᠲᠤᠷᠠᠯᠴᠠᠭᠠᠨ ᠤ᠋ ᠵᠣᠬᠢᠶᠠᠨ ᠪᠠᠢᠭᠤᠯᠤᠯᠲᠠ ᠶ᠋ᠢ ᠵᠢᠯᠣᠭᠣᠳᠤᠨ ᠲᠡᠳᠬᠦᠵᠦ᠍᠂ 6321 ᠲᠠᠷᠢᠶᠠᠯᠠᠬᠤ ᠡᠷᠦᠬᠡ ᠶ᠋ᠢ ᠳᠠᠢᠴᠢᠯᠠᠪᠠ᠃ ᠦᠢᠯᠡᠳᠪᠦᠷᠢᠯᠡᠯ ᠤ᠋ᠨ ᠨᠢᠭᠡᠳᠦᠭᠡᠷ ᠹᠷᠣᠨᠲ ᠲᠤ᠌ ᠭᠦᠨᠵᠡᠭᠡᠢᠷᠡᠨ᠂ ᠣᠯᠠᠨ ᠵᠦᠢᠯ ᠤ᠋ᠨ ᠬᠡᠯᠪᠡᠷᠢ ᠮᠠᠶᠢᠭ ᠪᠦᠬᠦᠢ ᠲᠧᠭᠨᠢᠭ ᠮᠡᠷᠭᠡᠵᠢᠯ ᠤ᠋ᠨ ᠯᠠᠪᠯᠠᠭ᠎ᠠ᠂ ᠲᠧᠭᠨᠢᠭ ᠮᠡᠷᠭᠡᠵᠢᠯ ᠤ᠋ᠨ ᠵᠢᠯᠣᠭᠣᠳᠤᠯᠭ᠎ᠠ᠂ ᠲᠧᠭᠨᠢᠭ ᠮᠡᠷᠭᠡᠵᠢᠯ ᠤ᠋ᠨ ᠪᠣᠯᠪᠠᠰᠤᠷᠠᠯ ᠵᠡᠷᠭᠡ ᠲᠧᠭᠨᠢᠭ ᠮᠡᠷᠭᠡᠵᠢᠯ ᠤ᠋ᠨ ᠦᠢᠯᠡᠴᠢᠯᠡᠭᠡᠨ ᠤ᠋ ᠠᠵᠢᠯᠯᠠᠭ᠎ᠠ ᠶ᠋ᠢ ᠥᠷᠨᠢᠭᠦᠯᠵᠦ᠍᠂ ᠣᠶ ᠱᠢᠭᠤᠶ ᠵᠢᠨ ᠲᠠᠷᠢᠶᠠᠴᠢᠳ ᠢ᠋ 3.5 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠦᠨᠳᠦᠰᠦᠨ ᠱᠠᠲᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠥᠷᠲᠡᠭᠡ ᠵᠢᠨ ᠣᠯᠠᠨ ᠲᠦᠮᠡᠨ ᠲᠡᠶ ᠬᠠᠷᠢᠯᠴᠠᠬᠤ ᠬᠥᠭᠥᠷᠭᠡ ᠪᠠ ᠬᠣᠯᠪᠣᠭᠠᠰᠤ ᠵᠢᠨ ᠦᠢᠯᠡᠳᠦᠯ ᠢ᠋ ᠪᠠᠳᠠᠷᠠᠭᠤᠯᠪᠠ᠃