ᠤᠯᠠᠭᠠᠨᠰᠤᠬᠠᠢ ᠵᠢᠨ ᠬᠤᠯᠤᠰᠤ ᠵᠡᠭᠡᠰᠤ
2026-03-02 11:06:02
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠤᠯᠠᠭᠠᠨᠰᠤᠬᠠᠢ ᠨᠠᠭᠤᠷ ᠤ᠋ᠨ ᠵᠢᠯ ᠳ᠋ᠦ᠍ ᠨᠢᠭᠡ ᠤᠳᠠᠭ᠎ᠠ ᠶᠠᠪᠤᠭᠳᠠᠳᠠᠭ ᠬᠤᠯᠤᠰᠤ ᠵᠡᠭᠡᠰᠤ ᠵᠢ ᠬᠠᠳᠤᠵᠤ ᠬᠤᠷᠢᠶᠠᠬᠤ ᠠᠵᠢᠯ ᠳᠠᠭᠤᠰᠴᠦ᠂ ᠵᠢᠱ᠌ᠢᠯᠲᠡ ᠪᠡᠷ 22 ᠲᠦᠮᠡᠨ ᠮᠦ᠍ ᠳᠠᠯᠠᠪᠠᠢ ᠪᠦᠬᠦᠢ ᠬᠤᠯᠤᠰᠤ ᠵᠡᠭᠡᠰᠤ ᠵᠢᠨ ᠶᠡᠷᠦᠩᠬᠡᠢ ᠭᠠᠷᠤᠯᠲᠠ ᠨᠢ ᠪᠠᠷᠤᠭ 7 ᠲᠦᠮᠡᠨ ᠲᠤᠨ ᠳ᠋ᠤ᠌ ᠬᠦᠷᠴᠠᠢ᠃ 

ᠤᠯᠠᠭᠠᠨᠰᠤᠬᠠᠢ ᠪᠣᠯ ᠮᠠᠨ ᠤ᠋ ᠤᠯᠤᠰ ᠤ᠋ᠨ ᠨᠠᠢ᠍ᠮᠠᠨ ᠶᠡᠬᠡ ᠴᠡᠩᠭᠡᠭ ᠨᠠᠭᠤᠷ ᠤ᠋ᠨ ᠨᠢᠭᠡ ᠪᠠᠢᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠪᠠᠶᠠᠨᠨᠠᠭᠤᠷ ᠬᠣᠲᠠ ᠵᠢᠨ ᠤᠷᠠᠳ ᠤ᠋ᠨ ᠡᠮᠦᠨᠡᠲᠦ ᠬᠤᠰᠢᠭᠤᠨ ᠤ᠋ ᠬᠢᠯᠢ ᠳ᠋ᠦ᠍ ᠪᠠᠢᠳᠠᠭ᠃ ᠤᠯᠠᠭᠠᠨᠰᠤᠬᠠᠢ ᠵᠢᠨ ᠭᠣᠶᠣᠬᠠᠨ ᠨᠢ ᠤᠰᠤᠨ ᠤ᠋ ᠰᠠᠢᠬᠠᠨ᠂ ᠬᠤᠯᠤᠰᠤ ᠵᠡᠭᠡᠰᠦ ᠵᠢᠨ ᠰᠠᠢᠬᠠᠨ ᠳ᠋ᠤ ᠪᠤᠢ᠃ ᠡᠨᠡ ᠵᠢᠯ ᠳ᠋ᠤ᠂ ᠤᠯᠠᠭᠠᠨᠰᠤᠬᠠᠢ ᠨᠠᠭᠤᠷ ᠤ᠋ᠨ ᠬᠤᠯᠤᠰᠤ ᠵᠡᠭᠡᠰᠤ ᠵᠢ ᠬᠠᠳᠤᠵᠤ ᠬᠤᠷᠢᠶᠠᠬᠤ ᠠᠵᠢᠯ ᠤ᠋ᠨ ᠲᠤᠬᠠᠢ ᠵᠢᠨ ᠲᠠᠯᠠᠪᠠᠢ ᠳ᠋ᠤ᠌᠂ ᠰᠢᠨ᠎ᠡ ᠮᠠᠶᠢᠭ ᠤ᠋ᠨ ᠬᠠᠳᠤᠬᠤ ᠲᠥᠬᠥᠭᠡᠷᠦᠮᠵᠢ ᠵᠢ ᠬᠡᠷᠡᠭᠯᠡᠨ ᠲᠤᠰᠬᠠᠢᠯᠠᠨ ᠬᠣᠶᠠᠷ ᠭᠤᠷᠪᠠᠨ ᠢᠮᠠᠬᠤ ᠵᠢᠨ ᠭᠤᠤᠷᠰᠤ ᠵᠢ ᠦᠯᠡᠳᠡᠭᠡᠭᠰᠡᠨ ᠮᠡᠷᠭᠡᠵᠢᠯ ᠤ᠋ᠨ ᠰᠢᠨᠡᠴᠢᠯᠡᠯᠲᠡ ᠪᠡᠷ ᠥᠩᠭᠡᠷᠡᠭᠰᠡᠨ ᠤ᠋ ᠮᠥᠰᠥᠨ ᠬᠢᠲᠤᠭ᠎ᠠ ᠪᠠᠷ ᠨᠠᠭᠤᠷ ᠤ᠋ᠨ ᠭᠠᠳᠠᠷᠭᠤ᠎ᠲᠠᠢ ᠨᠠᠭᠠᠯᠳᠤᠭᠤᠯᠤᠨ ᠬᠠᠳᠤᠬᠤ ᠠᠷᠭ᠎ᠠ ᠵᠢ ᠣᠷᠣᠯᠠᠵᠠᠢ᠃ ᠥᠩᠭᠡᠷᠡᠭᠰᠡᠨ ᠤ᠋ ᠮᠥᠰᠥᠨ ᠬᠢᠲᠤᠭ᠎ᠠ ᠪᠠᠷ ᠬᠠᠳᠤᠵᠤ ᠪᠠᠢᠭᠰᠠᠨ ᠮᠡᠷᠭᠡᠵᠢᠯ ᠨᠢ ᠡᠪᠦᠯᠵᠢᠬᠦ ᠰᠣᠶᠣᠭ᠎ᠠ ᠵᠢ ᠠᠮᠠᠷᠬᠠᠨ ᠪᠤᠯᠠᠭᠳᠠᠭᠤᠯᠵᠤ ᠬᠠᠪᠤᠷ ᠤ᠋ᠨ ᠰᠢᠨ᠎ᠡ ᠤᠷᠭᠤᠯᠲᠠ ᠵᠢ ᠨᠢ ᠨᠥᠯᠥᠭᠡᠯᠡᠳᠡᠭ ᠮᠦᠷᠳᠡᠭᠡᠨ ᠤᠭᠳᠤᠯᠤᠭᠰᠠᠨ ᠬᠤᠯᠤᠰᠤ ᠵᠡᠭᠡᠰᠤ ᠨᠢ ᠴᠠᠰᠤ ᠰᠢᠷᠣᠢ ᠲᠠᠢ ᠬᠣᠯᠢᠯᠳᠤᠨ ᠬᠤᠯᠤᠰᠤᠨ ᠤ᠋ ᠶᠠᠰᠤ ᠴᠢᠨᠠᠷ ᠢ᠋ ᠴᠦ᠍ ᠨᠥᠯᠥᠭᠡᠯᠡᠵᠤ ᠪᠠᠢᠵᠠᠢ᠃ ᠬᠤᠯᠤᠰᠤ ᠪᠣᠯ ᠪᠠᠢᠭᠠᠯᠢ ᠵᠢᠨ 《ᠤᠰᠤ ᠴᠡᠪᠡᠷᠰᠢᠭᠦᠯᠬᠦ ᠪᠠᠭᠠᠵᠢ》 ᠮᠥᠨ᠂ ᠤᠰᠤᠨ ᠳ᠋ᠠᠬᠢ ᠠᠽᠣᠲ᠂ ᠹᠣᠰᠹᠣᠷ ᠵᠡᠷᠭᠡ ᠪᠣᠳᠠᠰ ᠢ᠋ ᠰᠢᠩᠭᠡᠭᠡᠳᠡᠭ᠃ ᠭᠡᠲᠡᠯ᠎ᠡ ᠬᠤᠯᠤᠰᠤ ᠵᠡᠭᠡᠰᠤ ᠵᠢ ᠴᠠᠭ ᠲᠤᠬᠠᠢ ᠳ᠋ᠤᠨᠢ ᠰᠢᠢᠳᠪᠦᠷᠢᠯᠡᠭᠦ ᠦᠭᠡᠢ ᠪᠣᠯ ᠤᠰᠤᠨ ᠳ᠋ᠤ᠌ ᠢᠯᠵᠠᠷᠠᠭᠠᠳ ᠤᠰᠤᠨ ᠤ᠋ ᠰᠢᠮ᠎ᠡ ᠵᠢ ᠡᠯᠪᠡᠭᠵᠢᠬᠦᠯᠦᠨ᠂ ᠤᠰᠤᠨ ᠤ᠋ ᠴᠢᠨᠠᠷ ᠢ᠋ ᠨᠥᠯᠥᠭᠡᠯᠡᠳᠡᠭ᠃ ᠪᠠᠰᠠ᠂ ᠤᠯᠠᠭᠠᠨᠰᠤᠬᠠᠢ ᠵᠢᠨ ᠬᠤᠯᠤᠰᠤ ᠨᠢ ᠣᠷᠴᠢᠨ ᠲᠣᠭᠣᠷᠢᠨ ᠤ᠋ ᠬᠠᠯᠬᠠᠪᠴᠢ ᠲᠡᠳᠦᠢ ᠦᠭᠡᠢ᠂ ᠪᠣᠬᠢᠷᠳᠤᠯ ᠦᠭᠡᠢ ᠠᠵᠤ ᠦᠢᠯᠡᠰ ᠤ᠋ᠨ ᠴᠢᠬᠤᠯᠠ ᠡᠬᠢ ᠪᠠᠶᠠᠯᠢᠭ ᠪᠣᠯᠤᠭᠰᠠᠨ ᠪᠠᠢᠨ᠎ᠠ᠃ ᠤᠳᠤᠬᠠᠨ ᠳ᠋ᠤ ᠡᠳᠡᠭᠡᠷ ᠬᠤᠯᠤᠰᠤ ᠵᠡᠭᠡᠰᠤ ᠵᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠬᠠᠪᠲᠠᠰᠤ ᠵᠡᠷᠭᠡ ᠦᠢᠯᠡᠳᠬᠦᠨ ᠪᠣᠯᠭᠠᠨ ᠡᠳ᠋ᠰᠢᠭᠦᠯᠦᠨ ᠪᠣᠯᠪᠠᠰᠤᠷᠠᠭᠤᠯᠵᠤ ᠡᠬᠢ ᠪᠠᠶᠠᠯᠢᠭᠵᠢᠭᠤᠯᠤᠨ ᠬᠦᠢᠴᠡᠳ ᠠᠰᠢᠭᠯᠠᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号