ᠥᠪᠥᠷ ᠮᠣᠩᠭᠣᠯ ᠨᠢᠩᠴᠧᠩ ᠱᠢᠶᠠᠨ ᠵᠢᠡᠷ ᠨᠡᠢᠲᠡᠯᠢᠭ ᠵᠢᠱ᠌ᠢᠶ᠎ᠡ ᠪᠣᠯᠭᠠᠵᠤ᠂ ᠣᠨᠴᠠᠯᠢᠭ᠍ᠲᠤ ᠵᠢᠮᠢᠰ ᠤ᠋ᠨ ᠮᠣᠳᠣᠨ ᠤ᠋ ᠠᠵᠤ ᠠᠬᠤᠶ ᠵᠢᠨ ᠣᠶ ᠶ᠋ᠢ ᠶᠡᠬᠡ ᠪᠡᠷ ᠬᠥᠭ᠌ᠵᠢᠭᠦᠯᠤᠨ᠂ ᠪᠥᠬᠥ᠌ ᠣᠷᠣᠨ ᠤ᠋ ᠲᠠᠷᠢᠶᠠᠯᠠᠬᠤ ᠶ᠋ᠢ ᠵᠣᠭ᠍ᠰᠣᠭᠠᠵᠤ ᠣᠶ ᠱᠢᠭᠤᠶ ᠶ᠋ᠢ ᠰᠡᠷᠭᠦᠭᠡᠬᠦ᠌ ᠠᠵᠢᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ ᠳ᠋ᠤ ᠠᠱᠢᠭ᠍ᠲᠠᠶ ᠯᠠᠪᠯᠠᠯᠲᠠ ᠬᠠᠩᠭᠠᠪᠠ᠃
2000 ᠣᠨᠳᠤ ᠲᠠᠷᠢᠶᠠᠯᠠᠬᠤ ᠶ᠋ᠢ ᠵᠣᠭ᠍ᠰᠣᠭᠠᠵᠤ ᠣᠶ ᠱᠢᠭᠤᠶ ᠶ᠋ᠢ ᠰᠡᠷᠭᠦᠭᠡᠬᠦ᠌ ᠢᠨᠵᠧᠨᠧᠷᠢᠩ ᠢ᠋ ᠬᠡᠷᠡᠭ᠌ᠵᠢᠭᠦᠯᠦᠭ᠌ᠰᠡᠨᠡᠴᠡ ᠨᠠᠭᠠᠰᠢ᠂ ᠨᠢᠩᠴᠧᠩ ᠱᠢᠶᠠᠨ ᠠᠵᠤ ᠠᠬᠤᠶ ᠵᠢᠨ ᠣᠶ ᠵᠢᠨ ᠪᠥᠲᠥᠭᠡᠨ ᠪᠠᠢᠭᠤᠯᠤᠯᠲᠠ ᠪᠣᠯᠤᠨ ᠠᠮᠢ ᠠᠬᠤᠶ ᠵᠢᠨ ᠰᠡᠷᠭᠦᠭᠡᠯᠲᠡ ᠶ᠋ᠢ ᠵᠡᠷᠭᠡ ᠪᠡᠷ ᠲᠥᠯᠥᠪᠵᠢᠭᠦᠯᠵᠦ᠍ ᠭᠤᠤᠯᠳᠠᠯᠭᠠᠲᠠᠶ ᠠᠬᠢᠭᠤᠯᠤᠨ᠂ ᠥᠪᠥᠷ ᠮᠣᠩᠭᠣᠯ ᠤ᠋ᠨ ᠮᠸᠩ ᠹᠦ᠋ ᠠᠯᠮᠤᠷᠠᠳ᠂ ᠨᠠᠨ ᠭᠦᠸᠧ ᠯᠢ ᠵᠡᠷᠭᠡ ᠪᠡᠷ ᠭᠤᠤᠯ ᠪᠣᠯᠭᠠᠭ᠍ᠰᠠᠨ 2.6 ᠲᠦᠮᠡᠨ ᠮᠥ᠍ ᠤᠨᠴᠠᠯᠢᠭ᠍ᠳᠤ ᠠᠵᠤ ᠠᠬᠤᠶ ᠵᠢᠨ ᠣᠶ ᠶ᠋ᠢ ᠬᠥᠭ᠌ᠵᠢᠭᠦᠯᠪᠡ᠃ ᠣᠳᠣᠬᠠᠨ ᠪᠣᠯᠲᠠᠯ᠎ᠠ᠂ ᠪᠦᠬᠦ᠌ ᠱᠢᠶᠠᠨ ᠤ᠋ ᠵᠢᠮᠢᠰ ᠤ᠋ᠨ ᠮᠣᠳᠣᠨ ᠤ᠋ ᠠᠵᠤ ᠠᠬᠤᠢ ᠵᠢᠨ ᠤᠢ ᠵᠢᠨ ᠶᠡᠷᠦᠩᠬᠡᠢ ᠲᠠᠯᠠᠪᠠᠢ 25ᠲᠦᠮᠡᠨ ᠮᠤ᠌ ᠳ᠋ᠤ ᠬᠦᠷᠴᠦ᠍᠂ 《ᠨᠢᠩᠴᠧᠩ ᠠᠯᠮᠤᠷᠠᠳ》 ᠤᠯᠤᠰ ᠤ᠋ᠨ ᠭᠠᠵᠠᠷ ᠵᠦᠢ ᠵᠢᠨ ᠢᠯᠡᠷᠬᠡᠢᠯᠡᠯᠳᠤ ᠲᠡᠮᠳᠡᠭ ᠤ᠋ᠨ ᠭᠡᠷᠡᠴᠢᠯᠡᠯ ᠢ᠋ ᠣᠯᠵᠤ᠂ ᠲᠠᠷᠢᠶᠠᠯᠠᠬᠤ ᠶ᠋ᠢ ᠵᠣᠭ᠍ᠰᠣᠭᠠᠵᠤ ᠤᠢ ᠱᠢᠭᠤᠢ ᠶ᠋ᠢ ᠰᠡᠷᠭᠦᠭᠡᠭ᠌ᠰᠡᠨ ᠦᠷ᠎ᠡ ᠪᠦᠲᠦᠭᠡᠯ ᠢ᠋ ᠪᠡᠬᠢᠵᠢᠭᠦᠯᠬᠦ᠌ ᠂ ᠣᠷᠣᠨ ᠪᠦᠰᠡ ᠵᠢᠨ ᠬᠥᠭ᠌ᠵᠢᠯᠲᠡ ᠶ᠋ᠢ ᠠᠬᠢᠭᠤᠯᠬᠤ ᠴᠢᠬᠤᠯᠠ ᠲᠤᠯᠭᠠᠭᠤᠷᠢ ᠠᠵᠤ ᠦᠢᠯᠡᠰ ᠪᠣᠯᠵᠠᠢ᠃ ᠲᠣᠮᠣ ᠴᠢᠬᠢ ᠰᠠᠭᠤᠯᠭᠠᠬᠤ᠂ ᠤᠰᠤ ᠠᠷᠪᠢᠯᠠᠵᠤ ᠤᠰᠤᠯᠠᠬᠤ ᠵᠡᠷᠭᠡ ᠬᠡᠷᠡᠭ᠌ᠯᠡᠭᠡᠨᠦ ᠮᠡᠷᠭᠡᠵᠢᠯ ᠵᠢᠡᠷ ᠳᠠᠮᠵᠢᠭᠤᠯᠤᠨ᠂ ᠵᠢᠮᠢᠰ ᠤ᠋ᠨ ᠶᠠᠰᠤ ᠴᠢᠨᠠᠷ ᠪᠠ ᠨᠡᠮᠡᠯᠲᠡ ᠥᠷᠲᠡᠭ ᠢ᠋ ᠪᠦᠲᠦᠮᠵᠢᠲᠡᠶ ᠳᠡᠭᠡᠭ᠌ᠰᠢᠯᠡᠭᠦᠯᠦᠨ᠂ 《ᠨᠢᠩᠴᠧᠩ ᠠᠯᠮᠤᠷᠠᠳ》 ᠤ᠋ᠨ ᠲᠦᠷᠦᠯ ᠲᠡᠮᠳᠡᠭ ᠤ᠋ᠨ ᠪᠠᠢᠭᠤᠯᠤᠯᠲᠠ ᠶ᠋ᠢ ᠴᠢᠩᠭᠠᠳᠬᠠᠨ᠂ ᠠᠵᠤ ᠦᠶ᠋ᠯᠡᠰ ᠤ᠋ᠨ ᠪᠦᠬᠦᠯᠢ ᠴᠣᠭ᠍ᠴᠠ ᠵᠢᠨ ᠲᠠᠰ ᠳᠡᠪᠱᠢᠬᠦ᠌ ᠶ᠋ᠢ ᠳᠠᠢᠴᠢᠯᠠᠪᠠ᠃ ᠨᠢᠩᠴᠧᠩ ᠱᠢᠶᠠᠨ ᠤ᠋ ᠵᠢᠮᠢᠰ ᠤ᠋ᠨ ᠮᠣᠳᠣᠨ ᠤ᠋ ᠠᠵᠤ ᠠᠬᠤᠶ ᠵᠢᠨ ᠣᠶ ᠵᠢᠨ ᠵᠢᠯ ᠤ᠋ᠨ ᠭᠠᠷᠤᠯᠲᠠ 16.8 ᠲᠦᠮᠡᠨ ᠲᠣᠨ᠂ ᠦᠶ᠋ᠯᠡᠳᠬᠦᠨᠦ ᠥᠷᠲᠡᠭ 8.2 ᠳ᠋ᠦᠩᠱᠢᠭᠤᠷ ᠲᠥᠭᠥᠷᠢᠭᠲᠦ ᠬᠦᠷᠴᠦ᠍᠂ 9.8 ᠲᠦᠮᠡᠨ ᠲᠠᠷᠢᠶᠠᠴᠢᠨ ᠢ᠋ ᠳᠠᠢᠴᠢᠯᠠᠨ ᠬᠥᠮᠦᠨ ᠳᠤᠮᠳᠠᠴᠢ ᠵᠢᠨ ᠣᠷᠣᠯᠭ᠎ᠠ ᠶ᠋ᠢ 5600 ᠲᠥᠭᠥᠷᠢᠭ ᠨᠡᠮᠡᠭᠳᠡᠭᠦᠯᠵᠦ᠂ 23 ᠲᠤᠰᠭᠠᠢ ᠬᠤᠷᠱᠢᠶᠠ ᠶ᠋ᠢ ᠪᠣᠢᠵᠢᠭᠤᠯᠤᠨ᠂《ᠠᠵᠤ ᠠᠬᠤᠢᠯᠠᠯ + ᠬᠤᠷᠱᠢᠶᠠ + ᠲᠠᠷᠢᠶᠠᠴᠢᠨ ᠡᠷᠦᠬᠡ》 ᠵᠢᠨ ᠠᠱᠢᠭ ᠲᠤᠰᠠ ᠵᠢᠨ ᠬᠣᠯᠪᠣᠭᠠᠨ ᠤ᠋ ᠲᠣᠭ᠍ᠲᠠᠴᠠ ᠶ᠋ᠢ ᠪᠠᠢᠭᠤᠯᠵᠤ᠂ ᠬᠥᠳᠡᠭᠡ ᠲᠣᠰᠭᠣᠨ ᠤ᠋ ᠠᠵᠤ ᠦᠢᠯᠡᠰ ᠤ᠋ᠨ ᠪᠦᠲᠦᠴᠡ ᠶ᠋ᠢ ᠱᠢᠯᠢᠳᠡᠭ᠌ᠵᠢᠭᠦᠯᠬᠦ᠌ ᠶ᠋ᠢ ᠠᠬᠢᠭᠤᠯᠤᠭᠰᠠᠨ ᠪᠠᠢᠨ᠎ᠠ᠃
ᠥᠪᠥᠷ ᠮᠣᠩᠭᠣᠯ ᠨᠢᠩᠴᠧᠩ ᠱᠢᠶᠠᠨ ᠵᠡᠷᠭᠡ ᠭᠠᠵᠠᠷ ᠤ᠋ᠨ ᠦᠶ᠋ᠯᠡᠳᠦᠯᠭᠡ ᠪᠡᠷ ᠳᠠᠮᠵᠢᠭᠤᠯᠤᠨ᠂ ᠵᠢᠮᠢᠰ ᠤ᠋ᠨ ᠮᠣᠳᠣᠨ ᠤ᠋ ᠠᠵᠤ ᠠᠬᠤᠶ ᠵᠢᠨ ᠣᠶ ᠪᠡᠷ ᠬᠣᠯᠪᠣᠭᠠᠰᠤ ᠪᠣᠯᠭᠠᠵᠤ᠂ ᠲᠠᠷᠢᠶᠠᠯᠠᠬᠤ ᠶ᠋ᠢ ᠵᠣᠭ᠍ᠰᠣᠭᠠᠵᠤ ᠣᠶ ᠱᠢᠭᠤᠶ ᠶ᠋ᠢ ᠰᠡᠷᠭᠦᠭᠡᠬᠦ᠌ ᠬᠢᠭᠡᠳ ᠠᠵᠤ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠶ᠋ᠢ ᠣᠷᠭᠠᠨᠢᠭ ᠵᠢᠡᠷ ᠤᠶᠠᠯᠳᠤᠭᠤᠯᠵᠦ᠍᠂ ᠠᠮᠢ ᠠᠬᠤᠶ ᠬᠡᠪᠡᠷᠡᠭ ᠭᠠᠵᠠᠷ ᠣᠷᠣᠨ ᠤ᠋ ᠠᠮᠢ ᠠᠬᠤᠶ ᠵᠢᠨ ᠬᠠᠮᠠᠭᠠᠯᠠᠯᠲᠠ ᠬᠢᠭᠡᠳ ᠠᠵᠤ ᠦᠶ᠋ᠯᠡᠰ ᠤ᠋ᠨ ᠬᠥᠭ᠌ᠵᠢᠯᠲᠡ ᠶ᠋ᠢ ᠵᠤᠬᠢᠴᠠᠭᠤᠯᠤᠨ ᠠᠬᠢᠭᠤᠯᠬᠤᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠦᠶ᠋ᠯᠡᠳᠦᠯᠭᠡ ᠵᠢᠨ ᠵᠢᠱ᠌ᠢᠶ᠎ᠡ ᠬᠠᠩᠭᠠᠪᠠ᠃