ᠬᠡᠭᠡᠷ᠎ᠡ ᠵᠢᠨ ᠠᠮᠢᠳᠠᠨ ᠢ᠋ ᠬᠠᠮᠠᠭᠠᠯᠠᠬᠤ ᠡᠭᠦᠷᠭᠡ ᠬᠠᠷᠢᠭᠤᠴᠠᠯᠭ᠎ᠠ
2026-03-02 11:08:20
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ᠂ ᠰᠠᠢᠬᠠᠨ ᠬᠠᠨ ᠠᠭᠤᠯᠠ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠠᠵᠢᠯᠲᠠᠳ ᠲᠡᠮᠦᠷ ᠲᠤᠤᠷ ᠲᠤ᠌ ᠲᠡᠭᠡᠭᠯᠡᠭᠳᠡᠭᠰᠡᠨ ᠪᠣᠷᠣ ᠭᠥᠷᠥᠭᠡᠰᠦ ᠶ᠋ᠢ ᠠᠪᠤᠷᠠᠨ ᠲᠤᠰᠠᠯᠠᠬᠤ ᠵᠢᠨ ᠬᠠᠮᠲᠤ ᠨᠠᠷᠢᠨ ᠪᠠᠢᠴᠠᠭᠠᠵᠤ ᠪᠠᠢᠭᠠᠯᠢ ᠳ᠋ᠤᠨᠢ ᠪᠤᠴᠠᠭᠠᠪᠠ᠃

ᠪᠣᠷᠣ ᠭᠥᠷᠥᠭᠡᠰᠦ ᠪᠣᠯ ᠤᠯᠤᠰ ᠡᠴᠡ ᠬᠠᠮᠠᠭᠠᠯᠠᠵᠤ ᠪᠠᠢᠭ᠎ᠠ ᠠᠰᠢᠭ ᠲᠠᠢ᠂ ᠴᠢᠬᠤᠯᠠ ᠠᠵᠤ ᠠᠬᠤᠢ ᠵᠢᠨ ᠦᠨ᠎ᠡ ᠦᠷᠲᠡᠭ ᠲᠠᠢ᠂ ᠴᠢᠬᠤᠯᠠ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠨ᠎ᠡ ᠦᠷᠲᠡᠭ ᠲᠡᠶ 《ᠭᠤᠷᠪᠠᠨ ᠦᠷᠲᠡᠭ ᠲᠠᠢ》 ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠪᠤᠯᠤᠨ᠎ᠠ᠃ 《ᠤᠯᠤᠰ ᠤ᠋ᠨ ᠨᠢᠭᠡᠳᠦᠭᠡᠷ ᠳᠡᠰ᠂ ᠬᠣᠶᠠᠳᠤᠭᠠᠷ ᠳᠡᠰ ᠤ᠋ᠨ ᠬᠠᠮᠠᠭᠠᠯᠠᠯᠲᠠ ᠵᠢᠨ ᠠᠮᠢᠲᠠᠨ᠎ᠲᠠᠶ ᠬᠠᠷᠢᠴᠠᠭᠤᠯᠪᠠᠯ 《ᠭᠤᠷᠪᠠᠨ ᠦᠷᠲᠡᠭ ᠲᠠᠢ》 ᠬᠠᠮᠠᠭᠠᠯᠠᠯᠲᠠ ᠵᠢᠨ ᠠᠮᠢᠲᠠᠨ ᠪᠣᠯ ᠮᠠᠨ ᠤ᠋ ᠤᠯᠤᠰ ᠤ᠋ᠨ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤ᠋ ᠬᠠᠮᠠᠭᠠᠯᠠᠯᠲᠠ ᠵᠢᠨ ᠱᠢᠰᠲ᠋ᠧᠮ ᠤ᠋ᠨ᠎ᠴᠢᠬᠤᠯᠠ ᠪᠦᠷᠢᠯᠳᠦᠬᠦᠨ ᠬᠡᠰᠡᠭ ᠪᠤᠯᠬᠤ ᠪᠦᠭᠡᠳ ᠪᠦᠷᠬᠦᠴᠡ ᠵᠢᠨ ᠳᠦᠷᠰᠦ ᠣᠯᠠᠨ᠂ ᠲᠠᠷᠬᠠᠯᠲᠠ ᠵᠢᠨ ᠬᠡᠪᠴᠢᠶ᠎ᠡ ᠥᠷᠭᠡᠨ᠂ ᠠᠮᠢ ᠠᠬᠤᠶ ᠵᠢᠨ ᠱᠢᠰᠲ᠋ᠧᠮ᠎ᠦᠨ ᠪᠦᠷᠢᠨ ᠪᠦᠲᠦᠨ ᠴᠢᠨᠠᠷ ᠢ᠋ ᠬᠠᠮᠠᠭᠠᠯᠠᠬᠤ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠤ᠋ᠨ ᠬᠥᠭ᠌ᠵᠢᠯᠲᠡ ᠶ᠋ᠢ ᠠᠬᠢᠭᠤᠯᠬᠤ ᠳ᠋ᠤ ᠣᠷᠣᠯᠠᠭᠤᠯᠵᠤ ᠪᠣᠯᠤᠰᠢ ᠦᠭᠡᠶ ᠦᠢᠯᠡᠳᠦᠯ᠎ᠲᠡᠶ ᠪᠠᠢᠳᠠᠭ᠃ ᠰᠠᠢᠬᠠᠨ ᠬᠠᠨ ᠠᠭᠤᠯᠠ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳ᠋ᠤ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠡᠯᠪᠡᠭ ᠪᠠᠢᠵᠤ᠂ ᠮᠠᠰᠢ ᠣᠯᠠᠨ ᠬᠡᠭᠡᠷ᠎ᠡ ᠵᠢᠨ ᠠᠮᠢᠲᠠᠨ ᠤ᠋ ᠣᠷᠣᠩᠨᠠᠨ ᠠᠮᠢᠳᠤᠷᠠᠬᠤ ᠴᠢᠬᠤᠯᠠ ᠭᠠᠵᠠᠷ ᠪᠣᠯᠵᠣ᠂ ᠪᠤᠷᠤ ᠭᠦᠷᠦᠭᠡᠰᠤ ᠵᠡᠷᠭᠡ ᠠᠮᠢᠳᠤ ᠪᠣᠳᠠᠰ ᠤ᠋ᠨ ᠲᠥᠷᠥᠯ ᠣᠷᠣᠱᠢᠨ ᠠᠮᠢᠳᠤᠷᠠᠬᠤ ᠳ᠋ᠤ ᠰᠠᠢᠨ ᠰᠠᠢᠬᠠᠨ ᠣᠷᠴᠢᠨ ᠲᠣᠭᠣᠷᠢᠨ ᠢ᠋ ᠬᠠᠩᠭᠠᠵᠤ ᠪᠠᠢᠯ᠎ᠠ᠃ ᠳᠤᠰ ᠤᠳᠠᠭ᠎ᠠ ᠵᠢᠨ ᠠᠪᠤᠷᠠᠨ ᠳᠤᠰᠠᠯᠠᠬᠤ ᠠᠵᠢᠯᠯᠠᠭ᠎ᠠ ᠨᠢ ᠬᠠᠮᠠᠭᠠᠯᠠᠯᠳᠠ ᠵᠢᠨ ᠤᠷᠤᠨ ᠤ᠋ ᠠᠵᠢᠯᠳᠠᠳ ᠤ᠋ᠨ ᠬᠡᠭᠡᠷ᠎ᠡ ᠵᠢᠨ ᠠᠮᠢᠳᠠᠨ ᠢ᠋ ᠬᠠᠮᠠᠭᠠᠯᠠᠬᠤ ᠡᠭᠦᠷᠭᠡ ᠬᠠᠷᠢᠭᠤᠴᠠᠯᠭᠠᠳᠤ ᠰᠡᠳᠬᠢᠯᠭᠡ ᠵᠢ ᠬᠦᠢᠴᠡᠳ ᠬᠠᠷᠠᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号