ᠪᠠᠷᠢᠮᠵᠢᠶ᠎ᠠ ᠳ᠋ᠤ ᠬᠦᠷᠦᠭ᠌ᠰᠡᠨ ᠨᠣᠷᠮ᠎ᠠ 80.13%
2026-03-02 11:10:50
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

《ᠠᠷᠪᠠᠨ ᠳᠦᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠦᠪᠦᠷ ᠮᠤᠩᠭᠤᠯ ᠦᠶᠡᠷ ᠤᠰᠤᠲᠤᠯ ᠭᠠᠩ᠎ᠬᠠᠭᠰᠠᠷᠠᠭᠠᠨ ᠤ᠋ ᠭᠠᠮᠱᠢᠭ ᠢ᠋ ᠰᠡᠷᠭᠡᠢᠯᠡᠬᠦ᠌ ᠱᠢᠰᠲ᠋ᠧᠮ ᠢ᠋ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠤᠳᠤ ᠡᠯ᠎ᠡ ᠱᠠᠲᠤᠨ ᠤ᠋ ᠭᠤᠤᠯ ᠮᠦᠷᠡᠨ ᠨᠠᠭᠤᠷ ᠴᠦᠬᠦᠷᠤᠮ ᠤ᠋ᠨ ᠬᠠᠰᠢᠯᠭ᠎ᠠ ᠳᠠᠯᠠᠩ ᠤ᠋ᠨ ᠪᠠᠷᠢᠮᠵᠢᠶ᠎ᠠ ᠳ᠋ᠤ ᠬᠦᠷᠦᠭ᠌ᠰᠡᠨ ᠨᠣᠷᠮ᠎ᠠ 80.13% ᠪᠣᠯᠤᠨ ᠳᠡᠭᠡᠭ᠌ᠰᠢᠯᠡᠵᠦ᠍᠂ 1346 ᠲᠦᠮᠡᠨ ᠬᠥᠮᠦᠨ ᠠᠮᠠ ᠪᠤᠯᠤᠨ 1802 ᠲᠦᠮᠡᠨ ᠮᠤ᠌ ᠲᠠᠷᠢᠶᠠᠨ ᠭᠠᠵᠠᠷ ᠤ᠋ᠨ ᠠᠮᠤᠷ ᠲᠦᠪᠰᠢᠨ ᠢ᠋ ᠬᠠᠮᠠᠭᠠᠯᠠᠵᠤ ᠪᠤᠢ᠃

ᠮᠠᠨ ᠤ᠋ ᠤᠷᠤᠨ 《ᠠᠷᠪᠠᠨ ᠳᠦᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠬᠠᠲᠤᠨ ᠭᠤᠤᠯ᠂ ᠨᠤᠨ ᠮᠥᠷᠡᠨ᠂ ᠯᠢᠶᠣᠤᠾᠧ ᠭᠤᠤᠯ ᠤ᠋ᠨ ᠭᠤᠤᠯ ᠤᠷᠤᠰᠭᠠᠯ ᠤ᠋ᠨ ᠬᠠᠱᠢᠯᠭ᠎ᠠ ᠳᠠᠯᠠᠩ ᠰᠡᠷᠭᠡᠢᠯᠡᠯᠲᠡ ᠢ᠋ᠢᠨ ᠪᠠᠷᠢᠮᠵᠢᠶ᠎ᠠ ᠳ᠋ᠤ ᠦᠨᠳᠦᠰᠦᠨ ᠳ᠋ᠡᠭᠡᠨ ᠬᠦᠷᠴᠦ᠍᠂ ᠤᠰᠤᠨ ᠴᠥᠭᠥᠷᠥᠮ᠂ ᠳᠠᠯᠠᠩ᠂ ᠤᠰᠤᠨ ᠬᠠᠭᠠᠯᠲᠠ᠂ ᠦᠶᠡᠷ ᠢ᠋ ᠵᠠᠯᠠᠬᠤ ᠣᠷᠣᠨ ᠵᠡᠷᠭᠡ ᠢ᠋ᠢ ᠨᠢᠭᠡ ᠴᠣᠭ᠍ᠴᠠᠵᠢᠭᠤᠯᠤᠭ᠍ᠰᠠᠨ ᠦᠶᠡᠷ ᠤᠰᠤᠳᠤᠯ ᠭᠠᠡᠭ ᠬᠠᠭᠰᠠᠷᠠᠭᠠᠨ ᠤ᠋ ᠭᠠᠮᠱᠢᠭ ᠢ᠋ ᠰᠡᠷᠭᠡᠢᠯᠡᠬᠦ᠌ ᠨᠡᠯᠢᠶᠡᠳ ᠪᠦᠷᠢᠨ ᠲᠡᠭᠦᠯᠳᠡᠷ ᠱᠢᠰᠲ᠋ᠧᠮ ᠢ᠋ ᠠᠩᠬ᠎ᠠ ᠠᠯᠬᠤᠮ ᠪᠣᠶ ᠪᠣᠯᠭᠠᠪᠠ; ᠪᠣᠷᠣᠭᠠᠨ ᠤ᠋ ᠪᠠᠢᠳᠠᠯ ᠢ᠋ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠱᠢᠰᠲ᠋ᠧᠮ ᠢ᠋ ᠪᠠᠢᠭᠤᠯᠵᠤ᠂ ᠣᠯᠠᠨ ᠡᠱᠢᠲᠦ ᠲᠣᠭ᠎ᠠ ᠪᠠᠷᠢᠮᠲᠠ ᠢ᠋ᠢ ᠡᠮᠬᠢᠯᠡᠨ ᠨᠡᠢᠯᠡᠭᠦᠯᠵᠦ᠍ ᠬᠠᠮᠲᠤ ᠪᠠᠷ ᠡᠳ᠋ᠯᠡᠬᠦ᠌ ᠢ᠋ᠢ ᠭᠦᠨᠵᠡᠭᠡᠢᠷᠡᠭᠦᠯᠦᠨ᠂ ᠠᠭᠤᠯᠠᠨ ᠦᠶᠡᠷ ᠤ᠋ᠨ ᠭᠠᠮᠱᠢᠭ ᠢ᠋ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠠᠪᠴᠠᠩ ᠢ᠋ ᠪᠠᠢᠭᠤᠯᠵᠤ᠂ ᠦᠶᠡᠷ ᠤ᠋ᠨ ᠭᠠᠮᠱᠢᠭ ᠢ᠋ ᠰᠡᠷᠭᠡᠢᠯᠡᠨ ᠬᠣᠷᠢᠭ᠍ᠯᠠᠬᠤ ᠴᠢᠳᠠᠪᠤᠷᠢ ᠢ᠋ᠢ ᠢᠯᠡᠳᠲᠡ ᠳᠡᠭᠡᠭ᠌ᠰᠢᠯᠡᠭᠦᠯᠪᠠ; ᠬᠠᠲᠤᠨ ᠭᠤᠤᠯ ᠤ᠋ᠨ ᠰᠠᠪᠠ ᠭᠠᠵᠠᠷ ᠤ᠋ᠨ ᠬᠦᠨᠳᠦ ᠨᠣᠴᠢᠲᠠᠶ ᠭᠠᠩ ᠬᠠᠭ᠍ᠰᠠᠷᠠᠭᠠᠨ ᠢ᠋ ᠪᠦᠲᠦᠮᠵᠢᠲᠡᠶ ᠠᠷᠭᠠᠴᠠᠭᠠᠵᠤ᠂ ᠭᠠᠩᠳᠠᠭ᠍ᠰᠠᠨ ᠣᠷᠣᠨ ᠤ᠋ ᠣᠯᠠᠨ ᠲᠦᠮᠡᠨ ᠤ᠋ ᠤᠰᠤ ᠤᠮᠳᠠ ᠢ᠋ᠢᠨ ᠠᠮᠤᠷ ᠲᠦᠪᠱᠢᠨ ᠪᠠ ᠤᠰᠤᠯᠠᠯᠲᠠ ᠢ᠋ᠢᠨ ᠣᠷᠣᠨ ᠤ᠋ ᠲᠠᠷᠢᠮᠠᠯ ᠤ᠋ᠨ ᠤᠰᠤ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠢ᠋ᠢ ᠬᠦᠴᠦᠲᠡᠶ ᠪᠠᠲᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号