ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠳᠤᠭᠤᠰᠢᠯᠠᠭᠤᠯᠵᠦ᠂ 《ᠭᠤᠷᠪᠠᠨ ᠳ᠋ᠦᠩᠱᠢᠭᠤᠷ ᠬᠥᠮᠦᠨ᠎ᠢ ᠳᠠᠢᠴᠢᠯᠠᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠭᠤᠯᠬᠤ》 ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌᠎ᠶ᠋ᠢᠨ ᠲᠤᠰᠠᠳᠠ 2 ᠰᠠᠷ᠎ᠠ᠎ᠶ᠋ᠢᠨ 21᠎ᠤ᠋ ᠡᠳᠦᠷ᠂ ᠠᠷᠪᠠᠨ ᠬᠣᠶᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠣᠯᠠᠨ ᠲᠦᠮᠡᠨᠴᠢ ᠮᠥᠰᠥ᠍ ᠴᠠᠰᠤᠨ᠎ᠤ ᠤᠯᠠᠷᠢᠯ ᠵᠢᠴᠢ ᠪᠤᠭᠤᠲᠤ ᠬᠣᠲᠠ᠎ᠶ᠋ᠢᠨ ᠮᠥᠰᠥ᠍ ᠴᠠᠰᠤᠨ᠎ᠤ ᠨᠠᠢᠷ᠎ᠤᠨ ᠱᠢᠷᠢᠰ ᠤᠷᠤᠯᠳᠤᠭᠠᠨ᠎ᠤ ᠪᠤᠭᠤᠲᠤ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠮᠥᠰᠥ᠍ ᠲᠠᠰᠢᠯᠲᠠ᠎ᠶᠢᠨ ᠤᠷᠤᠯᠳᠤᠭᠠᠨ ᠪᠤᠭᠤᠲᠤ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠥᠪ᠎ᠦᠨ ᠮᠥᠰᠥ᠍ ᠲᠠᠰᠢᠯᠲᠠ᠎ᠶᠢᠨ ᠲᠠᠯᠠᠪᠠᠶ᠎ᠳᠤ ᠡᠬᠢᠯᠡᠪᠡ᠃
ᠲᠤᠰ ᠤᠳᠠᠭᠠᠨ᠎ᠤ ᠤᠷᠤᠯᠳᠤᠭᠠᠨ ᠨᠢ ᠪᠦᠬᠦ᠌ ᠬᠣᠲᠠ᠎ᠶ᠋ᠢᠨ 6 ᠡᠴᠡ 15 ᠨᠠᠰᠤᠨ᠎ᠤ ᠵᠠᠯᠠᠭᠤᠴᠤᠳ ᠪᠠᠭᠠᠴᠤᠳ᠎ᠲᠤ ᠴᠢᠭᠯᠡᠬᠦᠯᠵᠦ᠂ 300 ᠱᠢᠬᠠᠮ ᠮᠥᠰᠥ᠍ ᠲᠠᠰᠢᠯᠲᠠ᠎ᠶᠢᠨ ᠪᠢᠴᠢᠬᠠᠨ ᠲᠠᠮᠢᠷᠴᠢᠨ ᠢᠳᠡᠪᠬᠢᠲᠡᠶ ᠤᠷᠤᠯᠳᠤᠭᠠᠨ᠎ᠳᠤ ᠣᠷᠣᠯᠴᠠᠪᠠ᠃ ᠡᠨᠡ ᠪᠤᠯ ᠪᠤᠭᠤᠲᠤ ᠬᠣᠲᠠ᠎ᠶ᠋ᠢᠨ ᠡᠪᠦᠯ᠎ᠦᠨ ᠤᠯᠠᠷᠢᠯ᠎ᠤᠨ ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠭᠦᠯᠬᠦ᠌ ᠪᠠ ᠳᠡᠯᠭᠡᠷᠡᠭᠦᠯᠬᠦ᠌ ᠴᠢᠬᠤᠯᠠ ᠠᠵᠢᠯᠯᠠᠭ᠎ᠠ ᠪᠣᠯᠤᠨ᠎ᠠ᠃ ᠤᠷᠤᠯᠳᠤᠭᠠᠨ᠎ᠤ ᠲᠠᠯᠠᠪᠤᠷ᠎ᠲᠤ ᠪᠢᠴᠢᠬᠠᠨ ᠲᠠᠮᠢᠷᠴᠢᠳ ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠠᠭᠠᠴᠤᠳ᠎ᠤᠨ ᠥᠭᠡᠳᠡᠯᠡᠨ ᠳᠠᠪᠱᠢᠬᠤ᠂ ᠡᠷᠡᠯᠬᠡᠭ᠌ᠯᠡᠨ ᠲᠡᠮᠡᠴᠡᠬᠦ᠌ ᠵᠣᠷᠢᠭ ᠰᠠᠨᠠᠭ᠎ᠠ ᠵᠢ ᠬᠦᠢᠴᠡᠳ ᠢᠯᠡᠷᠡᠬᠦᠯᠵᠡᠢ᠃
ᠲᠣᠰ ᠤᠳᠠᠭᠠᠨ᠎ᠤ ᠤᠷᠤᠯᠳᠤᠭᠠᠨ᠎ᠨᠢ ᠪᠤᠭᠤᠲᠤ ᠬᠣᠲᠠ᠎ᠶ᠋ᠢᠨ ᠮᠥᠰᠥ᠍ ᠴᠠᠰᠤᠨ᠎ᠤ ᠲᠠᠮᠢᠷ᠎ᠤᠨ ᠴᠤᠭ᠍ᠯᠠᠭᠠᠨ᠎ᠤ ᠱᠢᠷᠢᠰ ᠤᠷᠤᠯᠳᠤᠭᠠᠨ᠎ᠤ ᠭᠤᠤᠯᠳᠠᠯᠭ᠎ᠠ᠎ᠲᠠᠶ ᠨᠢᠭᠡᠨ ᠤᠷᠤᠯᠳᠤᠭᠠᠨ ᠪᠣᠯᠤᠭ᠍ᠰᠠᠨ᠎ᠤ ᠬᠤᠪᠢ᠎ᠳᠤ ᠪᠥᠬᠥ᠌ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ ᠬᠠᠯᠠᠭᠤᠨ ᠤᠷᠮ᠎ᠠ᠎ᠶ᠋ᠢ ᠤᠯᠠᠮ ᠨᠢᠭᠡ ᠠᠯᠬᠤᠮ ᠬᠥᠭ᠌ᠵᠢᠭᠡᠵᠦ᠍᠂ ᠡᠪᠦᠯ᠎ᠦᠨ ᠤᠯᠠᠷᠢᠯ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠮᠡᠳᠡᠯᠭᠡ᠎ᠶ᠋ᠢ ᠲᠦᠭᠡᠮᠡᠯᠵᠢᠭᠦᠯᠵᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠵᠦ᠍᠂ ᠨᠠᠩ ᠣᠯᠠᠨ ᠵᠠᠯᠠᠭᠤᠴᠤᠳ ᠪᠠᠭᠠᠴᠤᠳ᠎ᠢ ᠮᠥᠰᠥ᠍ ᠴᠠᠰᠤᠨ᠎ᠤ ᠬᠥᠳᠡᠯᠭᠡᠭᠡᠨ᠎ᠳᠦ ᠣᠷᠣᠯᠴᠠᠬᠤ᠎ᠶ᠋ᠢ ᠵᠤᠷᠢᠭᠵᠢᠭᠤᠯᠪᠠ᠃ ᠲᠣᠰ ᠤᠳᠠᠭᠠᠨ᠎ᠤ ᠤᠷᠤᠯᠳᠤᠭᠠᠨ ᠢ ᠡᠷᠭᠢᠯᠡᠭ᠌ᠰᠡᠨ ᠨᠢ ᠪᠤᠭᠤᠲᠤ ᠬᠣᠲᠠ᠎ᠶ᠋ᠢᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠠ ᠪᠥᠬᠥ᠌ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠶ ᠠᠭᠤᠰᠤᠯᠴᠠᠯ ᠢ ᠦᠷᠭᠦᠯᠵᠢᠯᠡᠨ ᠠᠬᠢᠭᠤᠯᠤᠭ᠍ᠰᠠᠨ ᠠᠮᠢᠳᠤᠯᠢᠭ ᠦᠶ᠋ᠯᠡᠳᠦᠯᠭᠡ ᠪᠤᠯᠤᠨ᠎ᠠ᠃