ᠵᠠᠯᠠᠭᠤᠴᠤᠳ ᠪᠠᠭᠠᠴᠤᠳ᠎ᠤᠨ ᠫᠢᠩᠫᠠᠩ ᠪᠥᠮᠪᠥᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ ᠶᠠᠪᠤᠭᠳᠠᠵᠠᠢ
2026-03-02 11:44:08
ᠵᠣᠬᠢᠶᠠᠭ᠍ᠴᠢ᠄
​ᠪᠠᠢ ᠰᠡᠴᠡᠨ
ᠣᠩᠱᠢᠭ᠍ᠰᠠᠨ ᠣᠳᠠᠭ᠎ᠠ᠄
★★★☆☆

2026 ᠣᠨ᠎ᠤ ᠳᠥᠷᠪᠡᠳᠦᠭᠡᠷ ᠬᠤᠭᠤᠴᠠᠭᠠᠨ᠎ᠤ《YASAKA·ᠴᠢᠦᠧᠠᠨ ᠱᠢ ᠪᠤᠤ ᠬᠤᠨᠳᠠᠭᠠᠳᠤ》 ᠵᠠᠯᠠᠭᠤᠴᠤᠳ ᠪᠠᠭᠠᠴᠤᠳ᠎ᠤᠨ ᠫᠢᠩᠫᠠᠩ ᠪᠥᠮᠪᠥᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ 2 ᠰᠠᠷ᠎ᠠ᠎ᠶ᠋ᠢᠨ 10 ᠎ᠤ᠋ ᠡᠳᠦᠷ᠎ᠡᠴᠡ 13 ᠎ᠤ᠋ ᠡᠳᠦᠷ ᠪᠣᠯᠲᠠᠯ᠎ᠠ ᠬᠥᠬᠡᠬᠣᠲᠠ᠎ᠶ᠋ᠢᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠦᠶ᠋ᠯᠡᠴᠢᠯᠡᠭᠡᠨ᠎ᠦ ᠲᠥᠪ ᠲᠸ᠋ ᠶᠠᠪᠤᠭ᠍ᠳᠠᠪᠠ᠃

ᠣᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠤᠷᠤᠯᠳᠤᠭᠠᠨ 4 ᠡᠳᠦᠷ ᠶᠠᠪᠤᠭ᠍ᠳᠠᠵᠤ᠂ ᠬᠡᠪᠴᠢᠶ᠎ᠡ ᠪᠡᠷ ᠳᠠᠬᠢᠨᠲᠠ ᠱᠢᠨ᠎ᠡ ᠲᠡᠮᠳᠡᠭ᠌ᠯᠡᠯ᠎ᠢ ᠡᠭᠦᠳᠴᠦ᠍᠂ ᠪᠡᠭᠡᠵᠢᠩ᠂ ᠾᠧᠪᠧᠶ᠂ ᠱᠠᠨᠳᠦ᠋ᠩ᠂ ᠱᠠᠨ ᠰᠢ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ᠎ᠶ᠋ᠢᠨ 75 ᠲᠥᠯᠥᠭᠡᠯᠡᠭ᠌ᠴᠢᠳ᠎ᠦᠨ ᠠᠩᠭᠢ᠂ 900 ᠭᠠᠷᠤᠶ ᠲᠠᠮᠢᠷᠴᠢᠨ ᠤᠷᠤᠯᠳᠤᠭᠠᠨ᠎ᠳᠤ ᠣᠷᠣᠯᠴᠠᠪᠠ᠃ ᠤᠷᠤᠯᠳᠤᠭᠠᠨ ᠳ᠋ᠤ  ᠪᠠᠭᠠᠴᠤᠳ᠎ᠤᠨ ᠳᠤᠭᠤᠢᠯᠠᠩ ᠂ ᠬᠡᠦᠬᠡᠳ᠎ᠦᠨ ᠳᠤᠭᠤᠢᠯᠠᠩ᠂ ᠨᠢᠯᠬ᠎ᠠ ᠬᠡᠦᠬᠡᠳ᠎ᠦᠨ ᠳᠤᠭᠤᠢᠯᠠᠩ ᠵᠡᠷᠭᠡ 7 ᠳᠤᠭᠤᠢᠯᠠᠩ ᠭᠠᠷᠭᠠᠵᠤ ᠡᠯ᠎ᠡ ᠨᠠᠰᠤᠨ᠎ᠤ ᠵᠠᠯᠠᠭᠤᠴᠤᠳ ᠪᠠᠭᠠᠴᠤᠳ᠎ᠤᠨ ᠤᠷᠤᠯᠳᠤᠭᠠᠨ᠎ᠪᠠ ᠰᠣᠯᠢᠯᠴᠠᠭᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠬᠠᠩᠭᠠᠪᠠ᠃

ᠫᠢᠩᠫᠠᠩ ᠪᠥᠮᠪᠥᠭᠡ᠎ᠶ᠋ᠢᠨ ᠬᠥᠳᠡᠯᠭᠡᠭᠡᠨ᠎ᠢ ᠳᠡᠯᠭᠡᠷᠡᠭᠦᠯᠬᠦ᠌᠂ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌᠎ᠪᠡᠷ ᠭᠣᠣᠯ ᠪᠣᠯᠭᠠᠭ᠍ᠰᠠᠨ ᠲᠦᠷᠦᠯ ᠲᠡᠮᠳᠡᠭᠳᠦ ᠤᠷᠤᠯᠳᠤᠭᠠᠨ ᠪᠣᠯᠤᠭ᠍ᠰᠠᠨ᠎ᠤ ᠬᠤᠪᠢ᠎ᠳᠤ  ᠲᠤᠰ ᠤᠳᠠᠭᠠᠨ᠎ᠤ ᠤᠷᠤᠯᠳᠤᠭᠠᠨ ᠨᠢ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠠᠶ᠎ᠠ ᠵᠢᠨ ᠲᠠᠮᠢᠷ᠎ᠤᠨ ᠴᠤᠭ᠍ᠯᠠᠭᠠᠨ᠎ᠳᠤ ᠪᠡᠯᠡᠳᠭᠡᠯ ᠴᠢᠳᠠᠪᠤᠷᠢᠲᠠᠨ ᠬᠠᠩᠭᠠᠭᠰᠠᠨ᠎ᠢᠶᠠᠷ ᠪᠠᠷᠠᠬᠤ ᠦᠭᠡᠢ ᠪᠠᠰᠠ ᠥᠪᠥᠷ ᠮᠣᠩᠭᠣᠯ᠎ᠤᠨ ᠡᠯ᠎ᠡ ᠭᠠᠵᠠᠷ᠎ᠤᠨ ᠵᠠᠯᠠᠭᠤᠴᠤᠳ ᠪᠠᠭᠠᠴᠤᠳ᠎ᠤᠨ ᠫᠢᠩᠫᠠᠩ ᠪᠥᠮᠪᠥᠭᠡ᠎ᠶ᠋ᠢᠨ ᠱᠠᠳᠤᠯᠢᠭ ᠡᠨᠭᠨᠡᠭᠡ ᠵᠢᠨ ᠪᠠᠢᠭᠤᠯᠤᠯᠲᠠ᠎ᠳᠤ ᠮᠠᠰᠢ ᠰᠠᠢ᠌ᠨ ᠨᠦᠬᠦᠴᠡᠯ ᠬᠠᠩᠭᠠᠬᠰᠠᠨ ᠪᠠᠢᠨ᠎ᠠ᠃ ᠤᠷᠤᠯᠳᠤᠭᠠᠨ᠎ᠤ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ᠂ ᠤᠷᠤᠯᠳᠤᠭᠠᠨ᠎ᠢ ᠡᠷᠭᠢᠯᠡᠬᠦ᠌᠎ᠨᠢ ᠫᠢᠩᠫᠠᠩ ᠪᠥᠮᠪᠥᠭᠡ᠎ᠶ᠋ᠢᠨ ᠬᠥᠳᠡᠯᠭᠡᠭᠡᠨ᠎ᠢ ᠵᠠᠯᠠᠭᠤᠴᠤᠳ ᠪᠠᠭᠠᠴᠤᠳ᠎ᠤᠨ ᠳᠤᠮᠳᠠ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠠᠬᠢᠭᠤᠯᠬᠤ᠎ᠶ᠋ᠢᠨ ᠬᠠᠮᠲᠤ ᠪᠠᠰᠠ ᠬᠥᠬᠡᠬᠣᠲᠠ᠎ᠶ᠋ᠢᠨ ᠬᠣᠨᠣᠭ ᠪᠠᠭᠤᠳᠠᠯ᠂ ᠬᠤᠭᠤᠯᠠ ᠤᠮᠳᠠ᠂ ᠪᠠᠷᠠᠭ᠎ᠠ ᠬᠤᠳᠠᠯᠳᠤᠨ ᠠᠪᠬᠤ᠂ ᠰᠣᠶᠣᠯ ᠴᠡᠩᠭᠡᠯ ᠵᠡᠷᠭᠡ ᠬᠠᠮᠢᠶ᠎ᠠ ᠪᠥᠬᠥᠶ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠦᠨ ᠦᠷᠬᠦᠯᠵᠢᠯᠡᠨ ᠰᠠᠢᠵᠢᠷᠠᠬᠤ ᠵᠢ ᠪᠦᠲᠦᠮᠵᠢᠲᠡᠶ ᠳᠠᠢᠴᠢᠯᠠᠵᠤ᠂ 《 ᠪᠡᠶ᠎ᠡ᠎ᠶ᠋ᠢᠨ ᠲᠠᠮᠢᠷ  +  ᠰᠣᠶᠣᠯ ᠵᠢᠭᠤᠯᠴᠢᠯᠠᠯ +  ᠬᠡᠷᠡᠭ᠌ᠯᠡᠭᠡ》 ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠬᠥᠬᠡᠬᠣᠲᠠ᠎ᠶ᠋ᠢᠨ ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠵᠢᠭᠤᠯᠴᠢᠯᠠᠯ᠎ᠳᠤ ᠬᠦᠴᠦᠨ ᠨᠡᠮᠡᠷᠢᠯᠡᠬᠦ  ᠪᠤᠯᠤᠨ᠎ᠠ ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号