ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ ᠲᠥᠷᠥ᠎ᠶ᠋ᠢᠨ ᠶᠠᠪᠤᠳᠠᠯ ᠎ᠤᠨ ᠬᠤᠷᠢᠶ᠎ᠠ ᠵᠢᠨ ᠠᠯᠪᠠᠨ ᠲᠢᠩᠬᠢᠮ ᠎ᠦᠨ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ ᠎ᠶ᠋ᠢᠨ ᠬᠤᠭᠤᠴᠠᠭ᠎ᠠ ᠲᠤᠯᠤᠭ᠍ᠰᠠᠨ ᠎ᠤ ᠳᠠᠷᠠᠭ᠎ᠠ ᠳᠠᠬᠢᠨ 30 ᠵᠢᠯ ᠤᠷᠲᠤᠳᠭᠠᠬᠤ ᠲᠤᠷᠱᠢᠯᠲᠠ ᠎ᠶ᠋ᠢᠨ ᠴᠡᠭ ᠤ᠋ᠨ ᠠᠵᠢᠯ ᠎ᠢ ᠰᠠᠢᠲᠤᠷ ᠬᠢᠬᠦ᠌ ᠲᠤᠬᠠᠶ ᠰᠠᠨᠠᠯ
2026-03-20 09:55:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠭᠠᠵᠠᠷ ᠱᠢᠷᠣᠶ ᠶ᠋ᠢᠨ ᠳᠠᠭᠠᠭᠠᠴᠢᠯᠠᠯᠲᠠ ᠎ᠶ᠋ᠢᠨ ᠬᠠᠷᠢᠴᠠᠭ᠎ᠠ᠎ᠶ᠋ᠢ ᠲᠣᠭ᠍ᠲᠠᠪᠤᠷᠢᠵᠢᠭᠤᠯᠬᠤ᠎ᠶ᠋ᠢᠨ ᠬᠠᠮᠲᠤ ᠣᠷᠳᠣ ᠬᠤᠭᠤᠴᠠᠭ᠎ᠠ ᠎ᠪᠠᠷ ᠬᠤᠪᠢᠷᠠᠭᠤᠯᠬᠤ ᠥᠬᠡᠶ ᠪᠠᠢᠬᠤ᠎ᠶ᠋ᠢ ᠪᠠᠲᠤᠯᠠᠵᠤ᠂ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠤᠭᠤᠴᠠᠭ᠎ᠠ ᠲᠤᠯᠤᠭ᠍ᠰᠠᠨ᠎ᠤ ᠳᠠᠷᠠᠭ᠎ᠠ ᠳᠠᠬᠢᠭᠠᠳ 30 ᠵᠢᠯ ᠤᠷᠲᠤᠳᠭᠠᠬᠤ ᠪᠣᠯ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠤᠷᠢᠶ᠎ᠠ ᠵᠢᠨ ᠭᠠᠷᠭᠠᠭ᠍ᠰᠠᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠮᠥᠨ᠃ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠤᠭᠤᠴᠠᠭ᠎ᠠ ᠲᠤᠯᠤᠭ᠍ᠰᠠᠨ᠎ᠤ ᠳᠠᠷᠠᠭ᠎ᠠ ᠳᠠᠬᠢᠨ 30 ᠵᠢᠯ ᠤᠷᠲᠤᠳᠭᠠᠬᠤ ᠲᠤᠷᠱᠢᠯᠲᠠ᠎ᠶ᠋ᠢᠨ ᠴᠡᠭ ᠤ᠋ᠨ ᠠᠵᠢᠯ(ᠳᠠᠭᠠᠭᠠᠴᠢᠯᠠᠯᠲᠠ᠎ᠵᠢ ᠤᠷᠲᠤᠳᠬᠠᠬᠤ ᠲᠤᠷᠰᠢᠯᠳᠠ ᠵᠢᠨ ᠴᠡᠭ) ᠢ᠋ ᠢᠳᠡᠪᠬᠢᠲᠡᠶ ᠪᠥᠭᠡᠳ ᠯᠠᠪᠳᠠᠭᠤᠨ ᠰᠠᠢᠲᠤᠷ ᠬᠢᠬᠦ᠌᠎ᠶ᠋ᠢᠨ ᠲᠤᠰᠠᠳᠠ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠵᠥᠪᠱᠢᠶᠡᠷᠡᠭᠦᠯᠦᠭᠡᠳ᠂ ᠬᠣᠯᠪᠣᠭ᠍ᠳᠠᠯ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ ᠪᠣᠯᠤᠨ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ ᠵᠢᠨ ᠫᠢᠩ ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠬᠣᠶᠠᠳᠤᠭᠠᠷ᠂  ᠭᠤᠷᠪᠠᠳᠤᠭᠠᠷ ᠪᠦᠬᠦᠳᠡ ᠬᠤᠷᠠᠯ ᠤ᠋ᠨ ᠵᠤᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠎ᠦᠨ《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》ᠤ᠋ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠲᠣᠭ᠍ᠲᠠᠭᠤᠨ ᠤ᠋ ᠲᠤᠮᠳᠠ ᠠᠬᠢᠯᠳᠠ ᠲᠠᠢ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ ᠵᠢ ᠪᠠᠷᠢᠮᠲᠠᠯᠠᠵᠤ᠂ ᠲᠠᠷᠢᠶᠠᠴᠢᠨ ᠪᠣᠯᠤᠨ ᠭᠠᠵᠠᠷ ᠱᠢᠷᠣᠶ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠶ᠋ᠳᠪᠦᠷᠢᠯᠡᠬᠦ᠌ ᠡᠨᠡ ᠬᠦ᠌ ᠭᠤᠤᠯ ᠱᠢᠵᠢᠮ᠎ᠢ ᠪᠠᠲᠤ ᠡᠵᠡᠮᠳᠡᠵᠦ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠳᠭᠡᠨ ᠪᠦᠲᠦᠭᠡᠨ ᠪᠠᠢᠭᠤᠯᠬᠤ ᠬᠠᠷᠠᠯᠲᠠ᠎ᠶ᠋ᠢ ᠡᠵᠡᠮᠳᠡᠵᠦ᠂ ᠲᠠᠷᠢᠶᠠᠴᠢᠳ᠎ᠤᠨ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠬᠤ ᠶᠠᠪᠤᠳᠠᠯ᠎ᠢᠶᠠᠷ ᠵᠤᠷᠢᠯᠳᠠ ᠪᠠ ᠳᠤᠰᠤᠯᠳᠠ ᠪᠣᠯᠭᠠᠬᠤ᠎ᠶ᠋ᠢ ᠪᠠᠷᠢᠮᠲᠠᠯᠠᠵᠤ᠂ ᠬᠠᠮᠲᠤ᠎ᠶ᠋ᠢᠨ ᠥᠮᠴᠢᠯᠡᠯ᠎ᠦᠨ ᠦᠨᠳᠦᠰᠦ ᠰᠠᠭᠤᠷᠢ᠎ᠶ᠋ᠢ ᠴᠢᠩᠭᠠᠳᠭᠠᠬᠤ᠂ ᠲᠠᠷᠢᠶᠠᠴᠢᠳ᠎ᠤᠨ ᠬᠠᠮᠲᠤ᠎ᠶ᠋ᠢᠨ ᠪᠦᠷᠢᠯᠳᠦᠬᠦᠨ᠎ᠦ ᠡᠷᠬᠡ᠎ᠶ᠋ᠢ ᠪᠠᠲᠤᠯᠠᠬᠤ ᠪᠠ ᠪᠡᠶᠡᠯᠡᠭᠦᠯᠬᠦ᠌᠎ᠶ᠋ᠢ ᠡᠬᠢ ᠪᠠᠶᠠᠯᠢᠭ᠎ᠤᠨ ᠡᠯᠧᠮᠧᠨ᠋ᠲ᠎ᠢ ᠬᠥᠭ᠌ᠵᠢᠭᠡᠬᠦ᠌᠎ᠯᠤᠭᠡ ᠨᠢᠭᠡᠳᠭᠡᠵᠦ᠂ ᠬᠥᠳᠡᠭᠡ ᠲᠣᠰᠭᠣᠨ᠎ᠤ ᠳᠠᠭᠠᠭᠠᠴᠢᠯᠠᠯᠲᠠ᠎ᠶ᠋ᠢᠨ ᠭᠠᠵᠠᠷ ᠰᠢᠷᠤᠢ ᠵᠢᠨ ᠡᠷᠬᠡ᠎ᠶ᠋ᠢ ᠨᠤᠲᠠᠯᠠᠨ ᠲᠣᠭ᠍ᠲᠠᠭᠠᠵᠤ ᠳᠠᠩᠰᠠᠯᠠᠨ ᠦᠨᠡᠮᠯᠡᠯ ᠣᠯᠭᠣᠭ᠍ᠰᠠᠨ ᠦᠷ᠎ᠡ ᠪᠦᠲᠦᠭᠡᠯ᠎ᠢ ᠭᠦᠶ᠋ᠴᠡᠳ ᠬᠡᠷᠡᠭ᠌ᠯᠡᠵᠦ᠂ ᠨᠠᠷᠢᠯᠢᠭ ᠠᠵᠢᠯ᠎ᠢᠶᠠᠷ ᠳᠠᠮᠵᠢᠨ ᠡᠮᠬᠢ ᠵᠢᠷᠤᠮ᠎ᠲᠠᠶ ᠠᠬᠢᠭᠤᠯᠵᠤ᠂ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠤᠭᠤᠴᠠᠭ᠎ᠠ ᠲᠤᠯᠤᠭ᠍ᠰᠠᠨ᠎ᠤ ᠳᠠᠷᠠᠭ᠎ᠠ ᠳᠠᠬᠢᠨ 30 ᠵᠢᠯ ᠤᠷᠲᠤᠳᠭᠠᠬᠤ ᠲᠥᠷᠥ᠎ᠶ᠋ᠢᠨ ᠪᠣᠳᠣᠯᠭ᠎ᠠ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠬᠥᠳᠡᠭᠡ ᠲᠣᠰᠭᠣᠨ᠎ᠤ ᠳᠠᠭᠠᠭᠠᠴᠢᠯᠠᠯᠲᠠ᠎ᠶ᠋ᠢᠨ ᠭᠠᠵᠠᠷ᠎ᠰᠢᠷᠤᠢ ᠵᠢᠨ ᠥᠮᠴᠢᠯᠡᠯ᠎ᠦᠨ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠯᠲᠡ᠎ᠶ᠋ᠢᠨ ᠡᠷᠬᠡ᠎ᠶ᠋ᠢ ᠰᠠᠯᠭᠠᠬᠤ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ ᠢ᠋ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠥᠳᠡᠭᠡ ᠲᠣᠰᠭᠣᠨ᠎ᠤ ᠦᠨᠳᠦᠰᠦᠨ ᠡᠵᠡᠩᠨᠡᠯᠲᠡ᠎ᠶ᠋ᠢᠨ ᠳᠦᠷᠢᠮ᠎ᠢ ᠤᠯᠠᠮ ᠨᠢᠭᠡ ᠠᠯᠬᠤᠮ ᠪᠡᠬᠢᠵᠢᠭᠦᠯᠦᠨ ᠲᠡᠭᠦᠯᠳᠡᠷᠵᠢᠭᠦᠯᠬᠦ᠌ ᠬᠡᠷᠡᠭ᠌ᠲᠡᠶ᠃

ᠠᠵᠢᠯ ᠎ᠤᠨ ᠳᠤᠮᠳᠠ ᠎ᠪᠠᠨ᠄ ᠬᠠᠮᠲᠤ᠎ᠶ᠋ᠢᠨ ᠥᠮᠴᠢᠯᠡᠯ᠎ᠢ ᠭᠤᠢᠪᠢᠰᠢ ᠦᠭᠡᠢ ᠪᠠᠷᠢᠮᠲᠠᠯᠠᠵᠤ᠂ ᠤᠤᠯ᠎ᠤᠨ ᠬᠠᠮᠲᠤ᠎ᠶ᠋ᠢᠨ ᠭᠠᠵᠠᠷ ᠱᠢᠷᠣᠢ᠎ᠶ᠋ᠢᠨ ᠥᠮᠴᠢᠯᠡᠯ᠎ᠦᠨ ᠡᠷᠬᠡ᠎ᠶ᠋ᠢᠨ ᠵᠠᠭᠠᠭ᠎ᠢ ᠡᠪᠳᠡᠨ ᠪᠦᠬᠦ᠌ ᠭᠠᠴᠠᠭᠠᠨ᠎ᠤ ᠬᠡᠪᠴᠢᠶᠡᠨ᠎ᠳᠦ ᠲᠡᠭ᠌ᠰᠢᠳᠭᠡᠨ ᠳᠠᠭᠠᠭᠠᠴᠢᠯᠠᠭᠤᠯᠬᠤ᠎ᠶ᠋ᠢ ᠴᠢᠩᠭ᠎ᠠ ᠴᠠᠭᠠᠵᠠᠯᠠᠵᠤ᠂ ᠲᠠᠷᠢᠶᠠᠴᠢᠨ ᠬᠠᠮᠲᠤ ᠵᠢᠨ ᠳᠠᠭᠠᠭᠠᠴᠢᠯᠠᠭ᠍ᠰᠠᠨ ᠭᠠᠵᠠᠷ ᠰᠢᠷᠤᠢ᠎ᠶᠢ ᠳᠠᠭᠠᠭᠠᠴᠢᠯᠠᠭᠤᠯᠬᠤ᠂ ᠲᠤᠬᠢᠷᠠᠭᠤᠯᠬᠤ᠂ ᠬᠢᠨᠠᠯᠲᠠ ᠲᠠᠯᠪᠢᠬᠤ᠂ ᠬᠤᠷᠢᠶᠠᠨ ᠠᠪᠬᠤ ᠵᠡᠷᠭᠡ ᠡᠯ᠎ᠡ ᠵᠦᠢᠯ᠎ᠦᠨ ᠡᠷᠬᠡ ᠴᠢᠳᠠᠯ᠎ᠢ ᠭᠦᠢᠴᠡᠳ ᠬᠠᠮᠠᠭᠠᠯᠠᠵᠤ᠂ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠬᠠᠮᠲᠤ᠎ᠶ᠋ᠢᠨ ᠥᠮᠴᠢᠯᠡᠯ᠎ᠦᠨ ᠪᠦᠲᠦᠮᠵᠢᠲᠡᠢ ᠪᠡᠶᠡᠯᠡᠭ᠌ᠳᠡᠬᠦ᠌ ᠬᠡᠯᠪᠡᠷᠢ᠎ᠶ᠋ᠢ ᠰᠦᠪᠡᠭ᠌ᠴᠢᠯᠡᠨ ᠪᠠᠶᠠᠯᠢᠭ᠍ᠵᠢᠭᠤᠯᠬᠤ ᠬᠡᠷᠡᠭ᠌ᠲᠡᠢ᠃ ᠲᠠᠷᠢᠶᠠᠴᠢᠨ ᠡᠷᠣᠬᠡ᠎ᠳᠦ ᠳᠠᠭᠠᠭᠠᠴᠢᠯᠠᠭᠤᠯᠤᠨ ᠡᠵᠡᠩᠨᠡᠭᠦᠯᠬᠦ᠌᠎ᠶ᠋ᠢ ᠪᠠᠷᠢᠮᠲᠠᠯᠠᠵᠤ᠂ ᠬᠥᠳᠡᠭᠡ ᠲᠣᠰᠭᠣᠨ᠎ᠤ ᠬᠠᠮᠲᠤ᠎ᠶ᠋ᠢᠨ ᠭᠠᠵᠠᠷ ᠱᠢᠷᠣᠢ ᠎ᠶ᠋ᠢ ᠲᠣᠰ ᠬᠠᠮᠲᠤ᠎ᠶ᠋ᠢᠨ ᠠᠵᠤ ᠠᠬᠤᠢ ᠎ᠶ᠋ᠢᠨ ᠵᠣᠬᠢᠶᠠᠨ ᠪᠠᠢᠭᠤᠯᠤᠯᠲᠠ ᠎ᠶ᠋ᠢᠨ ᠳᠣᠲᠣᠷᠠᠬᠢ ᠲᠠᠷᠢᠶᠠᠴᠢᠨ ᠡᠷᠣᠬᠡ᠎ᠳᠦ ᠳᠠᠭᠠᠭᠠᠴᠢᠯᠠᠭᠤᠯᠵᠤ᠂ ᠲᠠᠷᠢᠶᠠᠴᠢᠨ ᠡᠷᠣᠬᠡ ᠎ᠶ᠋ᠢᠨ ᠳᠠᠭᠠᠭᠠᠴᠢᠯᠠᠯᠲᠠ᠎ᠶ᠋ᠢᠨ ᠭᠠᠵᠠᠷ ᠰᠢᠷᠤᠢ᠎ᠶᠢ  ᠲᠣᠭ᠍ᠲᠠᠪᠤᠷᠢᠲᠠᠢ ᠪᠠᠢᠯᠭᠠᠵᠤ᠂ ᠳᠠᠭᠠᠭᠠᠴᠢᠯᠠᠭᠤᠯᠤᠭ᠍ᠴᠢ ᠵᠢᠴᠢ ᠪᠤᠰᠤᠳ ᠵᠣᠬᠢᠶᠠᠨ ᠪᠠᠢᠭᠤᠯᠤᠯᠲᠠ᠂ ᠬᠤᠪᠢ ᠬᠥᠮᠦᠨ ᠲᠠᠷᠢᠶᠠᠴᠢᠨ ᠡᠷᠣᠬᠡ ᠎ᠶ᠋ᠢᠨ ᠳᠠᠭᠠᠭᠠᠴᠢᠯᠠᠯᠲᠠ᠎ᠶ᠋ᠢᠨ ᠭᠠᠵᠠᠷ ᠰᠢᠷᠤᠢ᠎ᠶᠢ ᠬᠠᠤᠯᠢ᠎ᠡᠴᠡ ᠵᠥᠷᠢᠴᠡᠨ ᠲᠣᠬᠢᠷᠠᠭᠣᠯᠬᠣ ᠪᠠ ᠬᠣᠷᠢᠶᠠᠨ ᠠᠪᠴᠤ᠌ ᠪᠣᠯᠬᠤ ᠥᠭᠡᠢ᠃ ᠲᠠᠷᠢᠶᠠᠴᠢᠳ᠎ᠤᠨ ᠭᠤᠤᠯ ᠴᠣᠭ᠍ᠴᠠ᠎ᠶ᠋ᠢᠨ ᠪᠠᠢᠷᠢ ᠰᠠᠭᠤᠷᠢ ᠎ᠶ᠋ᠢ ᠪᠠᠷᠢᠮᠲᠠᠯᠠᠨ᠂ ᠲᠠᠷᠢᠶᠠᠴᠢᠳ᠎ᠤᠨ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠎ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠎ᠤᠨ ᠬᠠᠤᠯᠢ ᠴᠠᠭᠠᠵᠠ ᠪᠠ ᠲᠦᠷᠦ᠍᠎ᠶ᠋ᠢᠨ ᠪᠤᠳᠤᠯᠭ᠎ᠠ᠎ᠶ᠋ᠢᠨ ᠬᠡᠪᠴᠢᠶᠡᠨ ᠳᠣᠲᠣᠷ᠎ᠠ ᠭᠠᠵᠠᠷ ᠣᠷᠣᠨ ᠎ᠤ ᠪᠠᠢᠳᠠᠯ᠎ᠳᠠᠭᠠᠨ ᠲᠤᠬᠢᠷᠠᠭᠤᠯᠤᠨ ᠳᠠᠭᠠᠭᠠᠴᠢᠯᠠᠯᠲᠠ᠎ᠵᠢ ᠤᠷᠲᠤᠳᠬᠠᠬᠤ ᠪᠣᠳᠠᠲᠠᠢ ᠠᠷᠭ᠎ᠠ ᠵᠠᠮ ᠪᠠ ᠠᠷᠭ᠎ᠠ᠎ᠶ᠋ᠢ ᠰᠦᠪᠡᠭ᠌ᠴᠢᠯᠡᠬᠦ᠌᠎ᠶ᠋ᠢ ᠵᠣᠷᠢᠭ᠍ᠵᠢᠭᠤᠯᠤᠨ᠎ᠠ᠃ ᠬᠥᠳᠡᠭᠡ ᠲᠣᠰᠭᠣᠨ᠎ᠤ ᠨᠡᠢᠭᠡᠮ ᠎ᠦᠨ ᠲᠣᠭ᠍ᠲᠠᠭᠤᠨ ᠪᠠᠢᠳᠠᠯ᠎ᠢ ᠬᠠᠮᠠᠭᠠᠯᠠᠬᠤ᠂ ᠲᠡᠦᠬᠡ᠎ᠶ᠋ᠢ ᠬᠦᠨᠳᠦᠳᠭᠡᠬᠦ᠌᠂ ᠪᠣᠳᠠᠲᠤ ᠪᠠᠢᠳᠠᠯ᠎ᠢ ᠬᠠᠷᠠᠭᠠᠯᠵᠠᠬᠤ᠂ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠬᠤ᠂ ᠠᠯᠬᠤᠮ ᠲᠠᠷᠠᠭ᠎ᠠ᠎ᠲᠠᠶ ᠤᠷᠤᠭ᠍ᠰᠢᠯᠠᠭᠤᠯᠬᠤ᠎ᠶ᠋ᠢ ᠪᠠᠷᠢᠮᠲᠠᠯᠠᠵᠤ᠂ ᠠᠬᠢᠴᠠ᠎ᠶ᠋ᠢ ᠱᠢᠨᠵᠢᠯᠡᠬᠦ᠌ ᠤᠬᠠᠭᠠᠨᠴᠢ ᠪᠥᠭᠡᠳ ᠵᠦᠢ ᠵᠣᠬᠢᠰᠲᠠᠢ ᠲᠤᠬᠢᠷᠠᠭᠤᠯᠵᠤ᠂ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠦᠨ ᠱᠢᠢᠳᠪᠦᠷᠢᠯᠡᠬᠦ᠌ ᠠᠵᠢᠯ᠎ᠢ ᠰᠠᠢᠲᠤᠷ ᠬᠢᠵᠦ᠍᠂ ᠬᠥᠳᠡᠭᠡ ᠲᠣᠰᠭᠣᠨ᠎ᠤ ᠨᠡᠢᠭᠡᠮ᠎ᠦᠨ ᠲᠣᠭ᠍ᠲᠠᠭᠤᠨ ᠪᠠᠢᠳᠠᠯ᠎ᠢ ᠪᠠᠲᠤᠯᠠᠨ᠎ᠠ᠃

ᠡᠯ᠎ᠡ ᠱᠠᠲᠤᠨ ᠎ᠤ ᠨᠠᠮ ᠎ᠤᠨ ᠬᠣᠷᠢᠶ᠎ᠠ ᠪᠠ ᠵᠠᠰᠠᠭ ᠎ᠤᠨ ᠣᠷᠳᠣᠨ᠎ᠨᠢ ᠳᠠᠭᠠᠭᠠᠴᠢᠯᠠᠯᠲᠠ᠎ᠵᠢ ᠤᠷᠲᠤᠳᠬᠠᠬᠤ ᠲᠤᠷᠱᠢᠯᠲᠠ᠎ᠶ᠋ᠢᠨ ᠴᠡᠭ ᠤ᠋ᠨ ᠠᠵᠢᠯ ᠎ᠢ ᠥᠷᠨᠢᠭᠦᠯᠬᠦ᠌᠎ᠶ᠋ᠢᠨ ᠴᠢᠬᠤᠯᠠ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠪᠤᠳᠤᠯᠢᠶᠠᠨᠲᠤ ᠴᠢᠨᠠᠷ᠎ᠢ ᠭᠦᠨᠵᠡᠭᠡᠶ ᠲᠠᠨᠢᠵᠤ᠂ ᠤᠷᠢᠳᠴᠢᠯᠠᠨ ᠲᠥᠯᠥᠪᠵᠢᠭᠦᠯᠵᠦ᠍᠂ ᠠᠵᠢᠯ ᠎ᠤᠨ ᠵᠢᠯᠣᠭᠣᠳᠣᠯᠭ᠎ᠠ᠎ᠪᠠᠨ ᠰᠠᠢᠲᠤᠷ ᠬᠢᠵᠦ᠍᠂ ᠡᠯ᠎ᠡ ᠵᠦᠶ᠋ᠯ ᠎ᠦᠨ ᠪᠠᠢᠷᠢᠯᠠᠭᠤᠯᠤᠯᠲᠠ ᠨᠠᠢᠳᠠᠪᠤᠷᠢᠵᠢᠭᠤᠯᠤᠯᠲᠠ ᠎ᠶ᠋ᠢ ᠢᠳᠡᠪᠬᠢᠲᠡᠶ ᠪᠥᠭᠡᠳ ᠯᠠᠪᠳᠠᠭᠤᠨ᠎ᠢᠶᠠᠷ ᠠᠬᠢᠭᠤᠯᠵᠤ᠂ ᠰᠦᠪᠡᠭ᠌ᠴᠢᠯᠡᠨ ᠦᠶ᠋ᠯᠡᠳᠦᠯᠭᠡᠵᠢᠭᠦᠯᠬᠦ᠌ ᠎ᠪᠡᠨ ᠴᠢᠩᠭᠠᠳᠭᠠᠬᠤ᠎ᠶ᠋ᠢᠨ ᠬᠠᠮᠲᠤ ᠪᠣᠳᠠᠲᠤ ᠪᠠᠢᠳᠠᠯ᠎ᠢᠶᠠᠨ ᠦᠨᠳᠦᠰᠦᠯᠡᠨ ᠬᠤᠯᠪᠤᠭᠳᠠᠯ ᠪᠥᠬᠥᠶ ᠠᠷᠭ᠎ᠠ ᠬᠡᠮᠵᠢᠶ᠎ᠡ᠎ᠪᠡᠨ ᠴᠠᠭ ᠲᠤᠬᠠᠶ᠎ᠳᠤᠨᠢ ᠲᠣᠬᠢᠷᠠᠭᠤᠯᠤᠨ ᠲᠡᠭᠦᠯᠳᠡᠷᠵᠢᠭᠦᠯᠬᠦ᠌ ᠬᠡᠷᠡᠭ᠌ᠲᠡᠶ᠃ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠭᠡᠷ᠎ᠡ᠎ᠶ᠋ᠢᠨ ᠬᠤᠭᠤᠴᠠᠭ᠎ᠠ᠎ᠨᠢ ᠲᠤᠯᠤᠭ᠍ᠰᠠᠨ ᠪᠠᠢᠪᠠᠯ᠂ ᠵᠠᠷᠴᠢᠮ ᠳᠡᠭᠡᠷ᠎ᠡ ᠎ᠪᠡᠨ ᠬᠤᠭᠤᠴᠠᠭ᠎ᠠ᠎ᠨᠢ ᠲᠤᠯᠤᠭ᠍ᠰᠠᠨ᠎ᠤ ᠳᠠᠷᠠᠭᠠᠬᠢ 1 ᠵᠢᠯ᠎ᠦᠨ ᠳᠣᠲᠣᠷ᠎ᠠ ᠳᠠᠭᠠᠭᠠᠴᠢᠯᠠᠯᠲᠠ ᠎ᠵᠢ ᠤᠷᠲᠤᠳᠬᠠᠬᠤ ᠠᠵᠢᠯ᠎ᠢ ᠪᠡᠶᠡᠯᠡᠭᠦᠯᠬᠦ᠌ ᠬᠡᠷᠡᠭ᠌ᠲᠡᠶ᠃

ᠬᠣᠶᠠᠷ᠂ ᠳᠠᠭᠠᠭᠠᠴᠢᠯᠠᠯᠲᠠ᠎ᠵᠢ ᠤᠷᠲᠤᠳᠬᠠᠬᠤ ᠲᠤᠷᠱᠢᠯᠲᠠ᠎ᠵᠢᠨ ᠴᠡᠭ ᠢ᠋ ᠯᠠᠪᠳᠠᠭᠤᠨ ᠪᠥᠭᠡᠳ ᠡᠮᠬᠢ ᠵᠢᠷᠤᠮ᠎ᠲᠠᠶ᠎ᠪᠠᠷ ᠥᠷᠨᠢᠭᠦᠯᠦᠨ᠎ᠡ

(ᠨᠢᠭᠡ) ᠳᠠᠭᠠᠭᠠᠴᠢᠯᠠᠯᠲᠠ᠎ᠵᠢ ᠤᠷᠲᠤᠳᠬᠠᠬᠤ ᠵᠠᠷᠴᠢᠮ᠎ᠢ ᠪᠠᠷᠢᠮᠲᠠᠯᠠᠨ᠎ᠠ᠃ ᠳᠠᠭᠠᠭᠠᠴᠢᠯᠠᠯᠲᠠ᠎ᠵᠢ ᠤᠷᠲᠤᠳᠬᠠᠬᠤ ᠲᠤᠷᠱᠢᠯᠲᠠ ᠵᠢᠨ ᠴᠡᠭ ᠢ᠋ ᠥᠷᠨᠢᠭᠦᠯᠵᠦ᠍᠂ ᠬᠥᠳᠡᠭᠡ ᠲᠣᠰᠭᠣᠨ᠎ᠤ ᠳᠠᠭᠠᠭᠠᠴᠢᠯᠠᠯᠲᠠ᠎ᠶ᠋ᠢᠨ ᠭᠠᠵᠠᠷ ᠰᠢᠷᠤᠢ ᠵᠢᠨ ᠡᠷᠬᠡ᠎ᠶ᠋ᠢ ᠨᠤᠲᠠᠯᠠᠨ ᠲᠣᠭ᠍ᠲᠠᠭᠠᠵᠤ ᠲᠠᠨᠭᠰᠠᠯᠠᠨ ᠦᠨᠡᠮᠯᠡᠯ ᠣᠯᠭᠣᠭ᠍ᠰᠠᠨ ᠦᠷ᠎ᠡ ᠪᠦᠲᠦᠭᠡᠯ᠎ᠢᠶᠡᠷ ᠰᠠᠭᠤᠷᠢ ᠪᠣᠯᠭᠠᠵᠤ᠂ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠭᠡᠷ᠎ᠡ᠎ᠶ᠋ᠢᠨ ᠬᠤᠭᠤᠴᠠᠭ᠎ᠠ ᠲᠤᠯᠬᠤ᠎ᠪᠠᠷ ᠡᠬᠢᠯᠡᠯᠲᠡ ᠪᠣᠯᠭᠠᠵᠤ ᠳᠠᠭᠠᠭᠠᠴᠢᠯᠠᠯᠲᠠ᠎ᠶ᠋ᠢᠨ ᠬᠤᠭᠤᠴᠠᠭ᠎ᠠ᠎ᠶ᠋ᠢ ᠳᠠᠬᠢᠭᠠᠳ 30 ᠵᠢᠯ ᠤᠷᠲᠤᠳᠭᠠᠨ᠎ᠠ᠃ ᠡᠷᠦᠬᠡ᠎ᠪᠡᠷ ᠨᠢᠭᠡᠴᠢ ᠪᠣᠯᠭᠠᠨ ᠳᠠᠭᠠᠭᠠᠴᠢᠯᠠᠯᠲᠠ᠎ᠵᠢ ᠤᠷᠲᠤᠳᠬᠠᠬᠤ ᠎ᠶ᠋ᠢ ᠥᠷᠨᠢᠭᠦᠯᠵᠦ᠍᠂ ᠵᠣᠩᠬᠢᠯᠠᠬᠤ ᠣᠯᠠᠨ ᠲᠣᠭᠠᠨ᠎ᠤ ᠲᠠᠷᠢᠶᠠᠴᠢᠨ ᠡᠷᠦᠬᠡ ᠎ᠶ᠋ᠢᠨ ᠤᠤᠯ ᠎ᠤᠨ ᠳᠠᠭᠠᠭᠠᠴᠢᠯᠠᠯᠲᠠ᠎ᠶ᠋ᠢᠨ ᠭᠠᠵᠠᠷ ᠰᠢᠷᠤᠢ᠎ᠶᠢ ᠦᠷᠭᠦᠯᠵᠢᠯᠡᠨ ᠲᠣᠭ᠍ᠲᠠᠭᠤᠨ ᠪᠠᠢᠯᠭᠠᠬᠤ᠎ᠶ᠋ᠢ ᠦᠨᠡᠨ ᠬᠦ᠌ ᠪᠠᠲᠤᠯᠠᠵᠤ᠂ ᠳᠠᠬᠢᠨ ᠪᠠᠢᠭᠤᠯᠬᠤ᠂ ᠡᠪᠳᠡᠵᠦ᠍ ᠳᠠᠬᠢᠨ ᠬᠤᠪᠢᠶᠠᠬᠤ᠂ ᠵᠠᠪᠱᠢᠶᠠᠨ᠎ᠢ ᠳᠠᠯᠢᠮᠳᠠᠭᠤᠯᠤᠨ ᠬᠠᠤᠯᠢ᠎ᠡᠴᠡ ᠵᠥᠷᠢᠴᠡᠨ ᠲᠠᠷᠢᠶᠠᠴᠢᠨ ᠡᠷᠦᠬᠡ᠎ᠶ᠋ᠢᠨ ᠳᠠᠭᠠᠭᠠᠴᠢᠯᠠᠯᠲᠠ᠎ᠶ᠋ᠢᠨ ᠭᠠᠵᠠᠷ ᠰᠢᠷᠤᠢ᠎ᠶᠢ ᠳᠣᠭᠢᠷᠠᠭᠤᠯᠬᠤ ᠪᠤᠶᠤ ᠬᠣᠷᠢᠶᠠᠨ ᠠᠪᠴᠤ᠌ ᠪᠣᠯᠬᠤ ᠥᠬᠡᠶ᠃

(ᠬᠣᠶᠠᠷ) 《ᠪᠠᠭ᠎ᠠ ᠲᠣᠬᠢᠷᠠᠭᠤᠯᠤᠯᠲᠠ》 ᠶ᠋ᠢ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠡᠵᠡᠮᠱᠢᠨ᠎ᠡ᠃ 《ᠶᠡᠬᠡ ᠲᠣᠭ᠍ᠲᠠᠭᠤᠨ᠂ ᠪᠠᠭ᠎ᠠ ᠲᠣᠬᠢᠷᠠᠭᠤᠯᠤᠯᠲᠠ》 ᠵᠢ ᠪᠠᠷᠢᠮᠳᠠᠯᠠᠵᠤ᠂ 《ᠪᠠᠭ᠎ᠠ  ᠲᠣᠬᠢᠷᠠᠭᠤᠯᠤᠯᠲᠠ》 ᠶ᠋ᠢ ᠪᠠᠷᠢᠮᠲᠠᠯᠠᠬᠤ᠎ᠶ᠋ᠢᠨ ᠤᠷᠢᠲᠠᠯ ᠪᠣᠯ 《 ᠶᠡᠬᠡ ᠲᠣᠭ᠍ᠲᠠᠭᠤᠨ》 ᠪᠣᠯᠤᠨ᠎ᠠ᠃ 《ᠪᠠᠭ᠎ᠠ ᠲᠣᠭᠢᠷᠠᠭᠣᠯᠣᠯᠳᠠ》 ᠭᠡᠳᠡᠭ ᠨᠢ ᠬᠥᠳᠡᠭᠡ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠣᠨᠴᠠ ᠵᠠᠷᠢᠮ ᠲᠠᠷᠢᠶᠠᠴᠢᠨ ᠡᠷᠦᠭᠡ᠎ᠶ᠋ᠢᠨ ᠬᠣᠭᠣᠷᠣᠨᠳᠣ ᠳᠠᠭᠠᠭᠠᠴᠢᠯᠠᠯᠲᠠ᠎ᠶ᠋ᠢᠨ ᠭᠠᠵᠠᠷ᠎ᠰᠢᠷᠤᠢ ᠵᠢᠨ ᠪᠠᠭ᠎ᠠ ᠬᠡᠪᠴᠢᠶᠡᠨ᠎ᠳᠦ ᠵᠣᠬᠢᠰᠲᠠᠢ ᠲᠣᠭᠢᠷᠠᠭᠣᠯᠣᠯᠳᠠ ᠬᠢᠬᠦ᠌᠎ᠶ᠋ᠢ ᠵᠢᠭᠠᠵᠤ ᠪᠠᠢᠨ᠎ᠠ᠂ ᠵᠥᠪᠬᠡᠨ ᠳᠠᠭᠠᠭᠠᠴᠢᠯᠠᠯᠲᠠ᠎ᠶ᠋ᠢᠨ ᠭᠠᠵᠠᠷ ᠰᠢᠷᠤᠢ ᠨᠢ ᠪᠠᠢᠭᠠᠯᠢ᠎ᠶ᠋ᠢᠨ ᠭᠠᠮᠱᠢᠭ᠎ᠡᠴᠡ ᠪᠣᠯᠵᠦ᠍ ᠡᠪᠳᠡᠭ᠌ᠳᠡᠵᠦ᠍ ᠰᠦᠢᠳᠦᠭ᠌ᠰᠡᠨ ᠵᠡᠷᠭᠡ ᠣᠨᠴᠠᠭᠠᠢ ᠪᠠᠢᠳᠠᠯ ᠣᠷᠣᠱᠢᠵᠤ ᠪᠠᠢᠬᠤ ᠮᠥᠷᠲᠡᠭᠡᠨ ᠣᠯᠠᠨ ᠲᠦᠮᠡᠨ ᠭᠠᠵᠠᠷ ᠰᠢᠷᠤᠢ ᠳ᠋ᠦ ᠲᠣᠭᠢᠷᠠᠭᠣᠯᠣᠯᠳᠠ ᠬᠢᠬᠦ᠌᠎ᠶ᠋ᠢ ᠨᠡᠢᠳᠡᠮ ᠱᠠᠭᠠᠷᠳᠠᠵᠤ ᠪᠠᠢᠭ᠎ᠠ ᠴᠥᠭᠡᠨ ᠲᠣᠭᠠᠨ᠎ᠤ ᠭᠠᠴᠠᠭ᠎ᠠ ᠳᠤᠭᠤᠢᠯᠠᠩ᠎ᠳᠤ ᠬᠢᠵᠠᠭᠠᠷᠯᠠᠨ᠎ᠠ᠃

(ᠭᠤᠷᠪᠠ) ᠳᠠᠭᠠᠭᠠᠴᠢᠯᠠᠯᠲᠠ ᠎ᠵᠢ ᠤᠷᠲᠤᠳᠬᠠᠬᠤ ᠳᠡᠰ ᠳᠠᠷᠠᠭᠠᠯᠠᠯ ᠎ᠢ ᠵᠢᠷᠤᠮᠵᠢᠭᠤᠯᠤᠨ᠎ᠠ᠃ ᠳᠠᠭᠠᠭᠠᠴᠢᠯᠠᠯᠲᠠ ᠎ᠵᠢ ᠤᠷᠲᠤᠳᠬᠠᠬᠤ ᠠᠵᠢᠯ᠎ᠤᠨ ᠲᠥᠷᠢᠮ ᠲᠣᠭ᠍ᠲᠠᠭᠠᠯ ᠶᠣᠰᠣᠭᠠᠷ ᠲᠣᠭ᠍ᠲᠠᠭᠠᠭ᠍ᠰᠠᠨ ᠠᠵᠢᠯᠯᠠᠬᠤ ᠳᠤᠭᠤᠢᠯᠠᠩ ᠪᠠᠢᠭᠤᠯᠵᠤ᠂ ᠪᠠᠢᠳᠠᠯ᠎ᠢ ᠣᠢᠯᠠᠭᠠᠵᠤ ᠬᠢᠨᠠᠨ ᠬᠠᠷᠭᠤᠭᠤᠯᠵᠤ᠂ ᠲᠥᠰᠦᠯ ᠲᠣᠭ᠍ᠲᠠᠭᠠᠨ᠂ ᠪᠠᠢᠴᠠᠭᠠᠯᠲᠠ ᠬᠢᠬᠦ᠌᠂ ᠬᠢᠨᠠᠨ ᠬᠠᠷᠭᠤᠭᠤᠯᠵᠤ ᠵᠠᠷᠯᠠᠨ ᠨᠡᠢᠲᠡᠯᠡᠬᠦ᠌᠂ ᠭᠡᠷ᠎ᠡ ᠲᠣᠭ᠍ᠲᠠᠭᠠᠬᠤ᠂ ᠦᠨᠡᠮᠯᠡᠯ᠂ ᠮᠠᠲ᠋ᠧᠷᠢᠶᠠᠯ᠎ᠢ ᠲᠠᠨᠭᠰᠠ ᠡᠪᠬᠡᠮᠡᠯ᠎ᠳᠦ ᠣᠷᠣᠭᠤᠯᠬᠤ ᠵᠡᠷᠭᠡ ᠵᠢᠷᠤᠮ᠎ᠢ ᠵᠢᠷᠤᠮᠵᠢᠭᠤᠯᠤᠨ ᠥᠷᠨᠢᠭᠦᠯᠦᠨ᠎ᠡ᠃ ᠳᠠᠭᠠᠭᠠᠴᠢᠯᠠᠯᠲᠠ᠎ᠵᠢ ᠤᠷᠲᠤᠳᠬᠠᠬᠤ ᠠᠵᠢᠯ᠎ᠤᠨ ᠳᠤᠭᠤᠢᠯᠠᠩ᠎ᠢ ᠲᠤᠰ ᠬᠠᠮᠲᠤ ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠬᠦᠨ᠎ᠦ ᠶᠡᠬᠡ ᠬᠤᠷᠠᠯ ᠪᠤᠶᠤ ᠪᠦᠷᠢᠯᠳᠦᠬᠦᠨ᠎ᠦ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠬᠠᠤᠯᠢ ᠶᠣᠰᠣᠭᠠᠷ ᠰᠣᠩᠭᠣᠵᠤ ᠭᠠᠷᠭᠠᠨ᠎ᠠ᠃ ᠳᠠᠭᠠᠭᠠᠴᠢᠯᠠᠯᠲᠠ᠎ᠵᠢ ᠤᠷᠲᠤᠳᠬᠠᠬᠤ ᠲᠥᠰᠦᠯ᠎ᠢ ᠲᠠᠷᠢᠶᠠᠴᠢᠨ ᠬᠠᠮᠲᠤ᠎ᠪᠠᠷ ᠬᠠᠤᠯᠢ ᠴᠠᠭᠠᠵᠠ ᠪᠠ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠣᠲᠣᠷ᠎ᠠ ᠠᠷᠠᠳᠴᠢᠯᠠᠯ᠎ᠢᠶᠠᠷ ᠵᠥᠪᠳᠡᠯᠴᠡᠵᠦ᠍᠂ ᠲᠣᠰ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠡᠪᠴᠢᠶᠡᠨ ᠳᠣᠲᠣᠷ᠎ᠠ ᠵᠠᠷᠯᠠᠨ ᠨᠡᠢᠲᠡᠯᠡᠬᠦ᠌᠎ᠳᠡᠭᠡᠨ 15 ᠡᠳᠦᠷ᠎ᠡᠴᠡ ᠳᠤᠲᠠᠭᠤ ᠪᠠᠢᠵᠤ ᠪᠣᠯᠬᠤ ᠥᠭᠡᠢ᠂ ᠬᠣᠯᠪᠣᠭ᠍ᠳᠠᠯ ᠪᠥᠬᠥᠢ ᠬᠠᠤᠯᠢ ᠴᠠᠭᠠᠵᠠ᠎ᠶ᠋ᠢᠨ ᠲᠣᠭ᠍ᠲᠠᠭᠠᠯ ᠶᠣᠰᠣᠭᠠᠷ ᠲᠣᠰ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠬᠦᠨ᠎ᠦ ᠵᠥᠪᠱᠢᠶᠡᠷᠡᠯ᠎ᠢ ᠣᠯᠤᠭ᠍ᠰᠠᠨ᠎ᠤ ᠲᠠᠷᠠᠭ᠎ᠠ ᠢᠯᠡ᠎ᠪᠡᠷ ᠵᠣᠬᠢᠶᠠᠨ ᠪᠠᠢᠭᠤᠯᠵᠤ ᠬᠡᠷᠡᠭ᠌ᠵᠢᠭᠦᠯᠦᠨ᠎ᠡ᠃ ᠳᠠᠭᠠᠭᠠᠴᠢᠯᠠᠯᠲᠠ᠎ᠵᠢ ᠤᠷᠲᠤᠳᠬᠠᠬᠤ ᠲᠥᠰᠦᠯ ᠨᠢ ᠳᠠᠭᠠᠭᠠᠴᠢᠯᠠᠭ᠍ᠰᠠᠨ ᠭᠠᠵᠠᠷ᠎ᠲᠤ ᠲᠣᠬᠢᠷᠠᠭᠣᠯᠣᠯᠳᠠ ᠬᠢᠬᠦ᠌᠎ᠳᠦ ᠬᠣᠯᠪᠣᠭ᠍ᠳᠠᠭ᠍ᠰᠠᠨ ᠪᠠᠢᠪᠠᠯ᠂ ᠱᠢᠶᠠᠩ(ᠪᠠᠯᠭᠠᠰᠤ) ᠤ᠋ᠨ ᠵᠠᠰᠠᠭ᠎ᠤᠨ ᠣᠷᠳᠣᠨ ᠪᠠ ᠱᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠭᠣᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠵᠦ᠍ ᠵᠥᠪᠱᠢᠶᠡᠷᠡᠭᠦᠯᠦᠨ᠎ᠡ᠃ ᠱᠢᠶᠠᠨ᠎ᠤ ᠱᠠᠲᠤᠨ᠎ᠡᠴᠡ ᠳᠡᠭᠡᠭ᠌ᠰᠢᠬᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠭᠣᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠱᠢᠶᠠᠩ (ᠪᠠᠯᠭᠠᠰᠤ)  ᠤ᠋ᠨ ᠵᠠᠰᠠᠭ᠎ᠤᠨ ᠣᠷᠳᠣᠨ ᠳᠠᠭᠠᠭᠠᠴᠢᠯᠠᠯᠲᠠ᠎ᠵᠢ ᠤᠷᠲᠤᠳᠬᠠᠬᠤ ᠲᠥᠰᠦᠯ᠎ᠢ ᠲᠣᠭ᠍ᠲᠠᠭᠠᠨ ᠬᠡᠷᠡᠭ᠌ᠵᠢᠭᠦᠯᠬᠦ᠌ ᠠᠵᠢᠯ᠎ᠢ ᠵᠢᠯᠣᠭᠣᠳᠴᠤ᠌ ᠬᠢᠨᠠᠬᠤ᠎ᠪᠠᠨ ᠴᠢᠩᠭᠠᠳᠭᠠᠵᠤ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠢ᠎ᠳᠤᠨᠢ ᠵᠠᠯᠠᠷᠠᠭᠤᠯᠤᠨ᠎ᠠ᠃

(ᠳᠥᠷᠪᠡ) ᠲᠣᠪᠣᠢᠮ᠎ᠠ ᠵᠥᠷᠢᠴᠡᠯ᠎ᠢ ᠲᠣᠬᠢᠲᠠᠶ ᠱᠢᠶ᠋ᠳᠪᠦᠷᠢᠯᠡᠨ᠎ᠡ᠃ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ ᠎ᠶ᠋ᠢᠨ ᠳᠠᠭᠠᠭᠠᠴᠢᠯᠠᠯᠲᠠ ᠎ᠶ᠋ᠢᠨ ᠬᠤᠭᠤᠴᠠᠭᠠᠨ᠎ᠳᠤ ᠳᠠᠭᠠᠭᠠᠴᠢᠯᠠᠯᠲᠠ᠎ᠪᠠᠨ ᠬᠠᠶᠠᠭ᠍ᠰᠠᠨ ᠵᠡᠷᠭᠡ ᠭᠠᠵᠠᠷ ᠱᠢᠷᠣᠶ ᠦᠭᠡᠶ ᠲᠠᠷᠢᠶᠠᠴᠢᠨ ᠡᠷᠦᠬᠡ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂ ᠭᠠᠵᠠᠷ ᠱᠢᠷᠣᠶ ᠳᠤᠲᠠᠭ᠍ᠳᠠᠭ᠍ᠰᠠᠨ᠎ᠡᠴᠡ ᠪᠣᠯᠵᠤ ᠠᠮᠢᠳᠤᠷᠠᠯ ᠨᠢ ᠬᠦᠴᠢᠷᠳᠡᠯᠲᠡᠶ ᠲᠠᠷᠢᠶᠠᠴᠢᠨ ᠡᠷᠦᠬᠡ᠎ᠶ᠋ᠢᠨ ᠵᠦᠶ ᠵᠣᠬᠢᠰᠲᠠᠶ ᠬᠦᠰᠡᠯ ᠱᠠᠭᠠᠷᠳᠠᠯᠭ᠎ᠠ᠎ᠶ᠋ᠢ ᠲᠣᠬᠢᠲᠠᠶ ᠱᠢᠶ᠋ᠳᠪᠦᠷᠢᠯᠡᠨ᠎ᠡ᠃ ᠬᠤᠯᠪᠤᠭᠳᠠᠯ ᠪᠥᠬᠥᠶ ᠲᠣᠭ᠍ᠲᠠᠭᠠᠯ ᠶᠣᠰᠣᠭᠠᠷ ᠬᠠᠮᠲᠤ᠎ᠶ᠋ᠢᠨ ᠠᠱᠢᠭ ᠣᠷᠣᠯᠭ᠎ᠠ᠎ᠶ᠋ᠢ ᠬᠤᠪᠢᠶᠠᠷᠢᠯᠠᠬᠤ᠂ ᠠᠵᠢᠯ ᠣᠯᠭᠣᠬᠤ ᠦᠶ᠋ᠯᠡᠴᠢᠯᠡᠭᠡ ᠬᠠᠩᠭᠠᠬᠤ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ᠎ᠳᠤ ᠲᠥᠪᠬᠢᠨᠡᠭᠦᠯᠬᠦ᠌ ᠵᠡᠷᠭᠡ ᠭᠠᠵᠠᠷ ᠱᠢᠷᠣᠶ᠎ᠡᠴᠡ ᠪᠤᠰᠤᠳ ᠠᠷᠭ᠎ᠠ ᠮᠠᠶᠢᠭ᠎ᠢᠶᠠᠷ ᠳᠠᠮᠵᠢᠭᠤᠯᠤᠨ ᠲᠣᠪᠣᠢᠮ᠎ᠠ ᠵᠥᠷᠢᠴᠡᠯ᠎ᠢ ᠱᠢᠶ᠋ᠳᠪᠦᠷᠢᠯᠡᠬᠦ᠌᠎ᠶ᠋ᠢ ᠵᠣᠷᠢᠭ᠍ᠵᠢᠭᠤᠯᠤᠨ᠎ᠠ᠃ ᠳᠠᠭᠠᠭᠠᠴᠢᠯᠠᠯᠲᠠ᠎ᠶ᠋ᠢᠨ ᠭᠠᠵᠠᠷ᠎ᠰᠢᠷᠤᠢ ᠵᠢᠨ ᠡᠷᠬᠡ᠎ᠶ᠋ᠢ ᠨᠤᠲᠠᠯᠠᠨ ᠲᠣᠭ᠍ᠲᠠᠭᠠᠵᠤ ᠲᠠᠩᠰᠠᠯᠠᠨ ᠦᠨᠡᠮᠯᠡᠯ ᠣᠯᠭᠣᠬᠤ᠎ᠶ᠋ᠢ ᠲᠦᠷ ᠬᠣᠢᠱᠢᠯᠠᠭᠤᠯᠬᠤ ᠵᠡᠷᠭᠡ ᠠᠰᠠᠭᠤᠳᠠᠯ᠎ᠢ ᠳᠠᠭᠠᠭᠠᠴᠢᠯᠠᠯᠲᠠ᠎ᠵᠢ ᠤᠷᠲᠤᠳᠬᠠᠬᠤ ᠲᠤᠷᠱᠢᠯᠲᠠ ᠵᠢᠨ ᠴᠡᠭ᠎ᠲᠠᠶ ᠤᠶᠠᠯᠳᠤᠭᠤᠯᠤᠨ ᠲᠣᠬᠢᠲᠠᠢ ᠱᠢᠢᠳᠪᠦᠷᠢᠯᠡᠨ᠎ᠡ᠃

ᠭᠤᠷᠪᠠ᠂ ᠲᠠᠷᠢᠶᠠᠴᠢᠳ᠎ᠤᠨ ᠭᠠᠵᠠᠷ ᠱᠢᠷᠣᠢ ᠎ᠶ᠋ᠢᠨ ᠳᠠᠭᠠᠭᠠᠴᠢᠯᠠᠯᠲᠠ᠎ᠶ᠋ᠢᠨ ᠡᠷᠬᠡ ᠠᠱᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ

(ᠲᠠᠪᠤ) ᠬᠥᠳᠡᠭᠡ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠬᠦᠨ ᠎ᠦ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠡᠷᠬᠡ ᠠᠱᠢᠭ᠎ᠢ ᠪᠠᠲᠤᠯᠠᠨ᠎ᠠ᠃ ᠲᠣᠰ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠬᠦᠨ᠎ᠦ ᠬᠢᠷᠢ ᠬᠡᠮ᠎ᠲᠡᠶ ᠳᠠᠭᠠᠭᠠᠴᠢᠯᠠᠭ᠍ᠰᠠᠨ ᠲᠠᠷᠢᠶᠠᠴᠢᠨ ᠡᠷᠦᠬᠡ᠎ᠶ᠋ᠢᠨ ᠬᠡᠷ ᠪᠦᠯᠢ᠎ᠶ᠋ᠢᠨ ᠪᠦᠷᠢᠯᠳᠦᠬᠦᠨ ᠬᠠᠤᠯᠢ ᠶᠣᠰᠣᠭᠠᠷ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠡᠷᠬᠡ ᠠᠱᠢᠭ᠎ᠢ ᠡᠳ᠋ᠯᠡᠨ᠎ᠡ᠂ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠤᠰᠤ ᠪᠦᠷᠢᠯᠳᠦᠬᠦᠨ ᠳᠠᠭᠠᠭᠠᠴᠢᠯᠠᠯᠲᠠ᠎ᠵᠢ ᠤᠷᠲᠤᠳᠬᠠᠬᠤ ᠎ᠳ᠋ᠤ᠌ ᠣᠷᠣᠯᠴᠠᠬᠤ ᠥᠬᠡᠶ᠃ ᠤᠷᠤᠭᠯᠠᠭᠰᠠᠨ᠂ ᠤᠷᠤᠭ ᠰᠠᠯᠤᠭᠰᠠᠨ᠂ ᠬᠠᠨᠢ᠎ᠪᠠᠨ ᠠᠯᠳᠠᠭ᠍ᠰᠠᠨ ᠡᠮᠡᠭ᠌ᠲᠡᠢᠴᠦᠳ ᠪᠠ ᠬᠦᠴᠦᠨ ᠬᠦᠷᠭᠡᠨ  ᠵᠡᠷᠭᠡ ᠬᠦᠮᠦᠰ ᠤ᠋ᠨ ᠪᠠᠢᠳᠠᠯ᠎ᠢ ᠮᠡᠳᠡᠬᠦ᠌ ᠡᠷᠬᠡ᠂ ᠣᠷᠣᠯᠴᠠᠬᠤ ᠡᠷᠬᠡ᠎ᠶ᠋ᠢ ᠭᠦᠢᠴᠡᠳ ᠪᠠᠲᠤᠯᠠᠵᠤ᠂ ᠣᠷᠣᠨ ᠪᠦᠰᠡ ᠠᠯᠤᠰᠯᠠᠨ ᠵᠣᠬᠢᠴᠠᠭᠤᠯᠬᠤ ᠠᠵᠢᠯ᠎ᠢ ᠰᠠᠢᠲᠤᠷ ᠬᠢᠵᠦ᠍᠂ 《ᠬᠣᠶᠠᠷ ᠲᠠᠯ᠎ᠠ ᠳ᠋ᠤ ᠬᠣᠭᠣᠰᠣᠷᠠᠬᠤ》ᠡᠴᠡ ᠵᠠᠢᠯᠠᠰᠭᠢᠵᠦ᠍᠂ 《ᠬᠣᠶᠠᠷ ᠲᠠᠯ᠎ᠠ ᠳ᠋ᠤ ᠡᠵᠡᠯᠡᠬᠦ᠌》 ᠶ᠋ᠢ ᠰᠡᠷᠭᠡᠢᠯᠡᠨ᠂ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠬᠠᠤᠯᠢ᠂ ᠬᠥᠳᠡᠭᠡ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ ᠶᠣᠰᠣᠭᠠᠷ ᠲᠡᠳᠡᠨ᠎ᠦ ᠬᠠᠤᠯᠢ ᠶᠣᠰᠣᠨ᠎ᠤ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠡᠷᠬᠡ ᠠᠱᠢᠭ᠎ᠢ ᠬᠠᠮᠠᠭᠠᠯᠠᠨ᠎ᠠ᠃ ᠬᠣᠲᠠ᠎ᠳᠤ ᠡᠷᠦᠬᠡ ᠠᠮᠠ ᠤᠷᠤᠭ᠍ᠰᠠᠨ ᠲᠠᠷᠢᠶᠠᠴᠢᠳ᠎ᠤᠨ ᠬᠠᠤᠯᠢ ᠶᠣᠰᠣᠨ᠎ᠤ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠨ᠎ᠠ᠃ ᠲᠠᠷᠢᠶᠠᠴᠢᠨ ᠡᠷᠦᠬᠡ᠎ᠶ᠋ᠢᠨ ᠰᠠᠢᠨ ᠳᠤᠷ᠎ᠠ᠎ᠡᠴᠡ᠎ᠪᠠᠨ ᠭᠠᠵᠠᠷ ᠱᠢᠷᠣᠶ ᠳᠠᠭᠠᠭᠠᠴᠢᠯᠠᠨ ᠡᠵᠡᠩᠨᠡᠬᠦ᠌ ᠡᠷᠬᠡ᠎ᠶ᠋ᠢ ᠦᠨ᠎ᠡ ᠲᠥᠯᠥᠪᠦᠷᠢ᠎ᠲᠡᠶ᠎ᠪᠡᠷ ᠪᠤᠴᠠᠭᠠᠨ ᠦᠭᠬᠦ ᠠᠷᠭ᠎ᠠ᠎ᠶ᠋ᠢ ᠰᠦᠪᠡᠭ᠌ᠴᠢᠯᠡᠨ ᠪᠠᠢᠭᠤᠯᠤᠨ᠎ᠠ᠃

(ᠵᠢᠷᠭᠤᠭ᠎ᠠ) ᠲᠠᠩᠰᠠᠨ ᠡᠴᠡ ᠠᠷᠢᠯᠭᠠᠭᠰᠠᠨ ᠡᠷᠦᠬᠡ᠎ᠶ᠋ᠢᠨ ᠳᠠᠭᠠᠭᠠᠴᠢᠯᠠᠭ᠍ᠰᠠᠨ ᠭᠠᠵᠠᠷ ᠰᠢᠷᠤᠢ᠎ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃ ᠬᠥᠳᠡᠭᠡ ᠲᠣᠰᠭᠣᠨ᠎ᠤ ᠭᠠᠵᠠᠷ ᠱᠢᠷᠣᠢ ᠲᠠᠷᠢᠶᠠᠴᠢᠳ᠎ᠲᠦ ᠬᠠᠮᠲᠤ ᠪᠡᠷ ᠥᠮᠴᠢᠯᠡᠭᠳᠡᠬᠦ᠎ᠵᠢ ᠪᠠᠷᠢᠮᠲᠠᠯᠠᠵᠤ᠂ ᠭᠡᠷ ᠪᠦᠯᠢ᠎ᠶ᠋ᠢᠨ ᠪᠦᠷᠢᠯᠳᠦᠬᠦᠨ ᠨᠢ ᠪᠦᠬᠦᠨ᠎ᠢᠶᠡᠷ᠎ᠢᠶᠡᠨ ᠦᠬᠦᠭ᠌ᠰᠡᠨ᠎ᠡᠴᠡ ᠪᠤᠯᠵᠤ ᠳᠠᠭᠠᠭᠠᠴᠢᠯᠠᠭ᠍ᠴᠢ᠎ᠶᠢ᠎ᠲᠠᠩᠰᠠᠨ ᠡᠴᠡ ᠠᠷᠢᠯᠭᠠᠭᠰᠠᠨ ᠪᠠᠢᠪᠠᠯ᠂ ᠳᠠᠭᠠᠭᠠᠴᠢᠯᠠᠭᠤᠯᠤᠭ᠍ᠴᠢ ᠨᠢ ᠬᠠᠤᠯᠢ ᠶᠣᠰᠣᠭᠠᠷ ᠳᠠᠭᠠᠭᠠᠴᠢᠯᠠᠭ᠍ᠰᠠᠨ ᠭᠠᠵᠠᠷ ᠎ᠢ ᠨᠢ ᠬᠤᠷᠢᠶᠠᠨ ᠠᠪᠬᠤ ᠬᠡᠷᠡᠭᠲᠡᠢ᠂ ᠤᠤᠯ᠎ᠤᠨ ᠳᠠᠭᠠᠭᠠᠴᠢᠯᠠᠭ᠍ᠴᠢ᠎ᠶ᠋ᠢᠨ ᠤᠯᠬᠤ ᠶᠣᠰᠣᠲᠠᠢ ᠳᠠᠭᠠᠭᠠᠴᠢᠯᠠᠯᠲᠠ᠎ᠶ᠋ᠢᠨ ᠠᠱᠢᠭ ᠣᠯᠵᠠᠪᠤᠷᠢ᠎ᠶ᠋ᠢ ᠢᠷᠭᠡᠨ᠎ᠦ ᠬᠠᠤᠯᠢ᠎ᠶ᠋ᠢᠨ ᠪᠢᠴᠢᠭ᠎ᠦᠨ ᠲᠣᠭ᠍ᠲᠠᠭᠠᠯ ᠶᠣᠰᠣᠭᠠᠷ ᠵᠠᠯᠭᠠᠮᠵᠢᠯᠠᠨ᠎ᠠ᠃ ᠳᠠᠭᠠᠭᠠᠴᠢᠯᠠᠭ᠍ᠴᠢ ᠨᠢ ᠰᠠᠯᠵᠤ ᠲᠤᠰᠠᠭᠠᠷᠯᠠᠭ᠍ᠰᠠᠨ ᠪᠤᠶᠤ ᠨᠡᠢᠯᠡᠭ᠌ᠰᠡᠨ ᠪᠠᠢᠪᠠᠯ ᠳᠠᠭᠠᠭᠠᠴᠢᠯᠠᠭᠤᠯᠤᠭ᠍ᠴᠢ᠎ᠲᠠᠶ ᠱᠢᠨ᠎ᠡ ᠳᠠᠭᠠᠭᠠᠴᠢᠯᠠᠯᠲᠠ᠎ᠶ᠋ᠢᠨ ᠬᠠᠷᠢᠴᠠᠭ᠎ᠠ ᠪᠠᠢᠭᠤᠯᠬᠤ ᠬᠡᠷᠡᠭ᠌ᠲᠡᠢ᠃ ᠬᠣᠯᠪᠣᠭ᠍ᠳᠠᠯ ᠪᠦᠬᠦᠢ ᠵᠢᠷᠤᠮ ᠶᠠᠪᠤᠴᠠ᠎ᠶ᠋ᠢ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠭᠣᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠲᠣᠭ᠍ᠲᠠᠭᠠᠨ᠎ᠠ᠃

(ᠳᠣᠯᠣᠭ᠎ᠠ) ᠪᠡᠯᠡᠳᠭᠡᠯ ᠲᠠᠷᠢᠶᠠᠨ ᠭᠠᠵᠠᠷ ᠪᠣᠯᠤᠨ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠤᠨ ᠬᠠᠮᠢᠶᠠᠷᠤᠯᠲᠠ᠎ᠶ᠋ᠢ ᠴᠢᠩᠳᠠᠯᠠᠨ᠎ᠠ᠃ ᠪᠡᠯᠡᠳᠭᠡᠯ ᠲᠠᠷᠢᠶᠠᠨ ᠭᠠᠵᠠᠷ᠎ᠤᠨ ᠲᠠᠯᠠᠪᠠᠢ᠎ᠶ᠋ᠢ ᠲᠤᠰ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠲᠠᠷᠢᠶᠠᠨ ᠭᠠᠵᠠᠷ᠎ᠤᠨ ᠶᠡᠷᠦᠩᠬᠡᠢ ᠲᠠᠯᠠᠪᠠᠢ᠎ᠶ᠋ᠢᠨ 5% ᠡᠴᠡ ᠬᠡᠲᠦᠷᠡᠭᠦᠯᠵᠦ᠍ ᠪᠣᠯᠬᠤ ᠦᠭᠡᠢ ᠪᠥᠭᠡᠳ ᠱᠢᠨ᠎ᠡ᠎ᠪᠡᠷ ᠨᠡᠮᠡᠭ᠌ᠳᠡᠭᠦᠯᠵᠦ᠍ ᠪᠣᠯᠬᠤ ᠦᠭᠡᠢ᠃ ᠬᠠᠤᠯᠢ ᠶᠣᠰᠣᠭᠠᠷ ᠬᠠᠭᠠᠯᠪᠤᠷᠢᠯᠠᠬᠤ᠂ ᠳᠠᠬᠢᠨ ᠬᠠᠭᠠᠯᠪᠤᠷᠢᠯᠠᠬᠤ ᠵᠢᠴᠢ ᠭᠠᠵᠠᠷ ᠱᠢᠷᠣᠶ᠎ᠶ᠋ᠢ ᠡᠮᠬᠢᠯᠡᠬᠦ᠌ ᠵᠡᠷᠭᠡ ᠠᠷᠭ᠎ᠠ ᠮᠠᠶᠢᠭ᠎ᠢᠶᠡᠷ ᠳᠠᠮᠵᠢᠨ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠢ ᠴᠢᠩᠭ᠎ᠠ ᠬᠠᠮᠢᠶᠠᠷᠴᠤ᠌᠂ ᠱᠢᠶᠠᠨ᠎ᠤ ᠱᠠᠲᠤᠨ᠎ᠡᠴᠡ ᠳᠡᠭᠡᠭ᠌ᠰᠢᠬᠢ ᠵᠠᠰᠠᠭ᠎ᠤᠨ ᠣᠷᠳᠣᠨ ᠭᠠᠵᠠᠷ ᠱᠢᠷᠣᠶ᠎ᠶ᠋ᠢᠨ ᠥᠮᠴᠢᠯᠡᠬᠦ᠌ ᠡᠷᠬᠡ᠎ᠶ᠋ᠢ ᠬᠠᠤᠯᠢ ᠶᠣᠰᠣᠭᠠᠷ ᠲᠣᠳᠣᠷᠬᠠᠢᠯᠠᠬᠤ ᠬᠡᠷᠡᠭ᠌ᠲᠡᠶ᠃ ᠬᠥᠳᠡᠭᠡ ᠲᠣᠰᠭᠣᠨ᠎ᠤ ᠬᠠᠮᠲᠤ᠎ᠶ᠋ᠢᠨ ᠥᠮᠴᠢᠯᠡᠯ᠎ᠦᠨ ᠲᠠᠷᠢᠶᠠᠨ ᠭᠠᠵᠠᠷ ᠭᠡᠵᠦ᠍ ᠲᠣᠭ᠍ᠲᠠᠭᠠᠭ᠍ᠳᠠᠭ᠍ᠰᠠᠨ ᠪᠠᠢᠪᠠᠯ ᠬᠥᠳᠡᠭᠡ ᠲᠣᠰᠭᠣᠨ᠎ᠤ ᠬᠠᠮᠲᠤ᠎ᠶ᠋ᠢᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠳᠤ ᠣᠷᠣᠭᠤᠯᠵᠤ᠂ ᠲᠠᠷᠢᠶᠠᠴᠢᠳ᠎ᠤᠨ ᠬᠦᠰᠡᠯ ᠰᠠᠨᠠᠭ᠎ᠠ᠎ᠶ᠋ᠢ ᠬᠦᠨᠳᠦᠳᠭᠡᠭ᠌ᠰᠡᠨ ᠤᠷᠢᠲᠠᠯ ᠳᠤᠤᠷ᠎ᠠ᠂ ᠡᠷᠬᠡ᠎ᠵᠢ ᠲᠤᠳᠤᠯᠠᠨ ᠭᠠᠵᠠᠷ ᠰᠢᠷᠤᠢ ᠲᠣᠭ᠍ᠲᠠᠭᠠᠬᠤ᠂ ᠡᠷᠬᠡ᠎ᠵᠢ ᠲᠤᠳᠤᠯᠠᠨ ᠬᠤᠪᠢ ᠲᠣᠭ᠍ᠲᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠡᠷᠦᠬᠡ᠎ᠳᠦ ᠳᠠᠭᠠᠭᠠᠴᠢᠯᠠᠭᠤᠯᠵᠤ᠂ ᠣᠯᠠᠨ ᠵᠦᠶ᠋ᠯ᠎ᠦᠨ ᠠᠷᠭ᠎ᠠ ᠮᠠᠶᠢᠭ᠎ᠢ ᠠᠪᠴᠤ᠌ ᠪᠠᠢᠭᠠᠳ ᠦᠶ᠋ᠯᠡᠳᠪᠦᠷᠢᠯᠡᠯ ᠡᠵᠡᠩᠨᠡᠯᠲᠡ᠎ᠶ᠋ᠢ ᠨᠢ ᠬᠥᠭ᠌ᠵᠢᠭᠦᠯᠵᠦ᠍ ᠪᠣᠯᠤᠨ᠎ᠠ᠂ ᠬᠠᠮᠲᠤ᠎ᠶ᠋ᠢᠨ ᠡᠵᠡᠩᠨᠡᠯᠲᠡ᠎ᠡᠴᠡ ᠣᠯᠤᠭ᠍ᠰᠠᠨ ᠠᠱᠢᠭ ᠣᠯᠵᠠᠪᠤᠷᠢ᠎ᠶ᠋ᠢ ᠭᠤᠤᠯᠳᠠᠭᠤ ᠠᠱᠢᠭ ᠬᠤᠪᠢᠶᠠᠬᠤ᠎ᠳᠤ ᠬᠡᠷᠡᠭ᠌ᠯᠡᠵᠦ᠍᠂ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠬᠦᠨ᠎ᠦ ᠠᠱᠢᠭ ᠭᠥᠷᠳᠡᠬᠦ᠌᠎ᠶ᠋ᠢ ᠦᠨᠡᠨ ᠬᠦ᠌ ᠪᠠᠲᠤᠯᠠᠨ᠎ᠠ᠃

(ᠨᠠᠶ᠋ᠮᠠ) ᠡᠷᠬᠡ ᠎ᠶ᠋ᠢ ᠲᠤᠳᠤᠯᠠᠨ ᠬᠤᠪᠢ ᠲᠣᠭ᠍ᠲᠠᠭᠠᠵᠤ ᠭᠠᠵᠠᠷ ᠰᠢᠷᠤᠢ᠎ᠶᠢ ᠲᠣᠭ᠍ᠲᠠᠭᠠᠬᠤ ᠥᠬᠡᠶ ᠪᠠᠢᠬᠤ᠎ᠶ᠋ᠢ ᠴᠢᠩᠭ᠎ᠠ ᠡᠵᠡᠮᠱᠢᠨ᠎ᠡ᠃ ᠡᠷᠬᠡ᠎ᠶ᠋ᠢ ᠲᠤᠳᠤᠯᠠᠬᠤ᠎ᠵᠢ ᠡᠷᠦᠬᠡ᠎ᠳᠦ ᠬᠦᠷᠲᠡᠯ᠎ᠡ ᠭᠠᠵᠠᠷ ᠰᠢᠷᠤᠢ ᠳ᠋ᠦ ᠬᠦᠷᠲᠡᠯ᠎ᠡ ᠨᠠᠢᠳᠠᠪᠤᠷᠢᠵᠢᠭᠤᠯᠬᠤ᠎ᠶ᠋ᠢ ᠪᠠᠷᠢᠮᠲᠠᠯᠠᠵᠤ᠂ ᠲᠠᠷᠢᠶᠠᠴᠢᠳ᠎ᠤᠨ ᠬᠦᠰᠡᠯ ᠰᠠᠨᠠᠭ᠎ᠠ᠎ᠡᠴᠡ ᠵᠥᠷᠢᠴᠡᠨ ᠵᠠᠰᠠᠭ ᠵᠠᠬᠢᠷᠭᠠᠨ᠎ᠤ ᠠᠷᠭ᠎ᠠ ᠪᠠᠷᠢᠯ᠎ᠢᠶᠠᠷ ᠡᠷᠬᠡ᠎ᠶ᠋ᠢ ᠲᠤᠳᠤᠯᠠᠨ ᠬᠤᠪᠢ ᠲᠣᠭ᠍ᠲᠠᠭᠠᠵᠤ ᠭᠠᠵᠠᠷ ᠰᠢᠷᠤᠢ ᠲᠣᠭ᠍ᠲᠠᠭᠠᠬᠤ ᠥᠬᠡᠶ᠎ᠪᠠᠢᠬᠤ ᠵᠢ ᠠᠬᠢᠭᠤᠯᠵᠤ ᠪᠣᠯᠬᠤ ᠦᠭᠡᠶ᠂ ᠪᠠᠰᠠ ᠴᠥᠭᠡᠩᠬᠢ ᠨᠢ ᠣᠯᠠᠩᠬᠢ᠎ᠪᠠᠨ ᠳᠠᠭᠠᠬᠤ ᠨᠡᠷ᠎ᠡ᠎ᠪᠡᠷ ᠬᠤᠪᠢ ᠲᠣᠭ᠍ᠲᠠᠭᠠᠬᠤ ᠳᠤᠷ᠎ᠠ ᠦᠭᠡᠶ ᠲᠠᠷᠢᠶᠠᠴᠢᠳ᠎ᠢ ᠠᠯᠪᠠᠳᠠᠵᠤ ᠬᠤᠪᠢ ᠲᠣᠭ᠍ᠲᠠᠭᠠᠵᠤ ᠪᠣᠯᠬᠤ ᠦᠭᠡᠶ᠃ ᠡᠷᠬᠡ᠎ᠶ᠋ᠢ ᠲᠤᠳᠤᠯᠠᠨ ᠬᠤᠪᠢ ᠲᠣᠭ᠍ᠲᠠᠭᠠᠵᠤ ᠭᠠᠵᠠᠷ ᠰᠢᠷᠤᠢ ᠲᠣᠭ᠍ᠲᠠᠭᠠᠬᠤ ᠥᠬᠡᠶ ᠨᠥᠬᠥᠴᠡᠯ ᠪᠠ ᠶᠠᠪᠤᠴᠠ᠎ᠵᠢ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠭᠣᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠬᠠᠤᠯᠢ ᠶᠣᠰᠣᠭᠠᠷ ᠲᠣᠭ᠍ᠲᠠᠭᠠᠨ᠎ᠠ᠃

ᠳᠥᠷᠪᠡ᠂ ᠬᠥᠳᠡᠭᠡ ᠲᠣᠰᠭᠣᠨ ᠎ᠤ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠭᠡᠷ᠎ᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠎ᠠ

( ᠶᠢᠰᠦ) ᠰᠦᠯᠵᠢᠶᠡᠨ ᠳᠡᠭᠡᠷ᠎ᠡ ᠭᠡᠷ᠎ᠡ ᠲᠣᠭ᠍ᠲᠠᠬᠤ᠎ᠶ᠋ᠢ ᠪᠥᠬᠥ᠌ ᠲᠠᠯ᠎ᠠ᠎ᠪᠠᠷ ᠥᠷᠨᠢᠭᠦᠯᠦᠨ᠎ᠡ᠃ ᠤᠯᠤᠰ᠂ ᠮᠤᠵᠢ᠂ ᠬᠣᠲᠠ᠂ ᠱᠢᠶᠠᠨ᠎ᠤ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠭ᠌ᠰᠡᠨ ᠬᠥᠳᠡᠭᠡ ᠲᠣᠰᠭᠣᠨ ᠎ᠤ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠮᠡᠳᠡᠭᠡ ᠵᠠᠩᠭᠢ᠎ᠶ᠋ᠢᠨ ᠬᠡᠷᠡᠭ᠌ᠯᠡᠭᠡᠨ᠎ᠦ ᠲᠠᠪᠴᠠᠩ ᠎ᠢ ᠲᠦᠷᠭᠡᠳᠭᠡᠨ ᠪᠦᠷᠢᠨᠱᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠶ ᠬᠥᠳᠡᠭᠡ ᠲᠣᠰᠭᠣᠨ᠎ᠤ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠭᠡᠷ᠎ᠡ᠎ᠶ᠋ᠢᠨ ᠰᠦᠯᠵᠢᠶᠡᠨ ᠳᠡᠭᠡᠷ᠎ᠡ ᠭᠡᠷ᠎ᠡ ᠲᠣᠭ᠍ᠲᠠᠬᠤ ᠱᠢᠰᠲ᠋ᠧᠮ᠎ᠢ ᠱᠠᠯᠠᠪᠳᠠᠨ ᠪᠠᠢᠭᠤᠯᠤᠨ᠎ᠠ᠃ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠭᠡᠷ᠎ᠡ᠎ᠶ᠋ᠢ ᠰᠦᠯᠵᠢᠶᠡᠨ ᠳᠡᠭᠡᠷ᠎ᠡ ᠲᠣᠭ᠍ᠲᠠᠭᠠᠬᠤ ᠲᠦᠷᠢᠮ᠎ᠢ ᠲᠡᠭᠦᠯᠳᠡᠷᠵᠢᠭᠦᠯᠵᠦ᠍᠂ ᠬᠠᠷᠢᠯᠴᠠᠨ ᠰᠣᠯᠢᠬᠤ᠂ ᠱᠢᠯᠵᠢᠭᠦᠯᠦᠨ ᠥᠭ᠌ᠬᠦ᠂ ᠭᠠᠵᠠᠷ ᠱᠢᠷᠣᠢ᠎ᠶ᠋ᠢ ᠲᠠᠲᠠᠪᠤᠷᠢᠯᠠᠬᠤ ᠪᠠ ᠳᠠᠭᠠᠭᠠᠴᠢᠯᠠᠭ᠍ᠴᠢ ᠰᠠᠯᠵᠤ ᠲᠤᠰᠠᠭᠠᠷᠯᠠᠬᠤ᠂ ᠨᠡᠢᠯᠡᠬᠦ᠌ ᠵᠡᠷᠭᠡ ᠪᠠᠢᠳᠠᠯ ᠭᠠᠷᠤᠭ᠍ᠰᠠᠨ ᠪᠠᠢᠪᠠᠯ᠂ ᠳᠠᠭᠠᠭᠠᠴᠢᠯᠠᠯᠲᠠ᠎ᠶ᠋ᠢᠨ ᠭᠡᠷ᠎ᠡ᠎ᠶ᠋ᠢ ᠴᠠᠭ ᠲᠤᠬᠠᠢ᠎ᠳᠤᠨᠢ ᠬᠤᠪᠢᠷᠠᠭᠤᠯᠬᠤ ᠪᠤᠶᠤ ᠳᠠᠭᠤᠰᠭᠠᠨ᠎ᠠ᠃

(ᠠᠷᠪᠠ) ᠳᠠᠩᠰᠠ ᠡᠪᠬᠡᠮᠡᠯ ᠎ᠦᠨ ᠬᠠᠮᠢᠶᠠᠷᠤᠯᠲᠠ ᠎ᠶ᠋ᠢ ᠴᠢᠩᠭᠠᠳᠭᠠᠨ᠎ᠠ᠃ ᠳᠠᠭᠠᠭᠠᠴᠢᠯᠠᠯᠲᠠ᠎ᠵᠢ ᠤᠷᠲᠤᠳᠬᠠᠬᠤ ᠲᠤᠷᠱᠢᠯᠲᠠ᠎ᠶ᠋ᠢᠨ ᠴᠡᠭ ᠳᠤᠮᠳᠠ ᠪᠣᠢ ᠪᠣᠯᠤᠭ᠍ᠰᠠᠨ ᠤᠯᠤᠰ᠂ ᠨᠡᠢᠭᠡᠮ ᠪᠠ ᠬᠤᠪᠢ ᠬᠥᠮᠦᠨ᠎ᠳᠦ ᠬᠠᠳᠠᠭᠠᠯᠠᠬᠤ ᠦᠨ᠎ᠡ ᠥᠷᠳᠡᠭ ᠪᠥᠬᠥᠢ ᠡᠯ᠎ᠡ ᠵᠦᠢᠯ᠎ᠦᠨ ᠥᠰᠥᠭ ᠪᠢᠴᠢᠭ᠂ ᠵᠢᠷᠤᠭ ᠬᠦᠰᠦᠨᠦᠭ᠌ᠲᠦ᠂ ᠲᠠᠭᠣ ᠳᠦᠷᠰᠦ᠂ ᠲᠣᠭ᠎ᠠ ᠪᠠᠷᠢᠮᠲᠠ ᠵᠡᠷᠭᠡ ᠪᠢᠴᠢᠭ ᠮᠠᠲ᠋ᠧᠷᠢᠶᠠᠯ᠎ᠢ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠲᠠᠨᠭᠰᠠ ᠡᠪᠬᠡᠮᠡᠯ᠎ᠦᠨ ᠬᠠᠮᠢᠶᠠᠷᠤᠯᠲᠠ᠎ᠳᠤ ᠣᠷᠣᠭᠤᠯᠬᠤ ᠬᠡᠷᠡᠭ᠌ᠲᠡᠢ᠃ ᠳᠠᠭᠠᠭᠠᠴᠢᠯᠠᠯᠲᠠ᠎ᠵᠢ ᠤᠷᠲᠤᠳᠬᠠᠬᠤ ᠳᠠᠩᠰᠠ ᠡᠪᠬᠡᠮᠡᠯ ᠎ᠦᠨ ᠬᠠᠮᠢᠶᠠᠷᠤᠯᠲᠠ ᠎ᠶ᠋ᠢᠨ ᠠᠷᠭ᠎ᠠ ᠶ᠋ᠢ ᠲᠣᠭ᠍ᠲᠠᠭᠠᠨ᠎ᠠ᠃ ᠱᠢᠶᠠᠨ᠎ᠤ ᠱᠠᠲᠤᠨ᠎ᠡᠴᠡ ᠳᠡᠭᠡᠭ᠌ᠰᠢᠬᠢ ᠣᠷᠣᠨ ᠨᠤᠲᠤᠭ ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠭᠣᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠳᠠᠨᠭᠰᠠ ᠡᠪᠬᠡᠮᠡᠯ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠱᠢᠶᠠᠩ ᠪᠠᠯᠭᠠᠰᠤᠨ᠎ᠤ ᠨᠠᠮ᠎ᠤᠨ ᠬᠣᠷᠢᠢ᠎ᠠ ᠪᠠ ᠵᠠᠰᠠᠭ᠎ᠤᠨ ᠣᠷᠳᠣᠨ ᠠᠵᠢᠯ᠎ᠤᠨ ᠲᠥᠰᠦᠯ ᠲᠣᠭ᠍ᠲᠠᠭᠠᠵᠤ᠂ ᠬᠠᠮᠢᠶᠠᠷᠤᠯᠲᠠ᠎ᠶ᠋ᠢᠨ ᠳᠦᠷᠢᠮ᠎ᠢᠶᠡᠨ ᠲᠡᠭᠦᠯᠳᠡᠷᠵᠢᠭᠦᠯᠦᠨ᠂ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠳᠠᠨᠭᠰᠠ ᠡᠪᠬᠡᠮᠡᠯ᠎ᠦᠨ ᠪᠦᠷᠢᠨ ᠪᠦᠲᠦᠨ ᠪᠠᠢᠬᠤ ᠪᠠ ᠠᠮᠤᠷ ᠲᠦᠪᠰᠢᠨ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠳᠠᠭᠠᠭᠠᠴᠢᠯᠠᠭᠤᠯᠤᠭ᠍ᠴᠢ ᠨᠢ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠳᠠᠩᠰᠠ ᠡᠪᠬᠡᠮᠡᠯ᠎ᠢ ᠲᠤᠰᠬᠤᠨ᠎ᠤ ᠱᠠᠲᠤᠨ᠎ᠤ ᠳᠠᠩᠰᠠ ᠡᠪᠬᠡᠮᠡᠯ᠎ᠦᠨ ᠬᠠᠮᠢᠶᠠᠷᠤᠯᠲᠠ᠎ᠳᠤ ᠣᠷᠣᠭᠤᠯᠬᠤ ᠬᠡᠷᠡᠭ᠌ᠲᠡᠢ᠃

(ᠠᠷᠪᠠᠨ ᠨᠢᠭᠡ) ᠥᠯᠥ᠍ ᠬᠥᠳᠡᠯᠬᠦ᠌ ᠬᠥᠷᠥᠩᠭᠡ᠎ᠵᠢᠨ ᠨᠢᠭᠡᠳᠦᠯᠲᠡᠶ ᠳᠡᠩᠰᠡᠯᠡᠯᠲᠠ ᠯᠤᠭ᠎ᠠ ᠡᠮᠬᠢ ᠵᠢᠷᠤᠮ᠎ᠲᠠᠶ ᠵᠣᠯᠭᠠᠭᠤᠯᠬᠤ᠎ᠶ᠋ᠢ ᠰᠠᠢᠲᠤᠷ ᠬᠢᠨ᠎ᠠ᠃ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠭᠡᠷ᠎ᠡ᠎ᠶ᠋ᠢᠨ ᠮᠡᠳᠡᠭᠡ ᠵᠠᠩᠭᠢ ᠬᠢᠭᠡᠳ ᠳᠠᠩᠰᠠᠯᠠᠯᠲᠠ᠎ᠶ᠋ᠢᠨ ᠮᠡᠳᠡᠭᠡ ᠵᠠᠩᠭᠢ᠂ ᠭᠠᠵᠠᠷ ᠱᠢᠷᠣᠢ ᠲᠠᠲᠠᠪᠤᠷᠢᠯᠠᠬᠤ ᠮᠡᠳᠡᠭᠡ ᠵᠠᠩᠭᠢ ᠵᠡᠷᠭᠡ᠎ᠶ᠋ᠢ ᠬᠠᠷᠢᠯᠴᠠᠨ ᠨᠡᠪᠲᠡᠷᠡᠭᠦᠯᠵᠦ᠍ ᠬᠠᠮᠲᠤ ᠎ᠪᠠᠷ ᠡᠳ᠋ᠯᠡᠬᠦ᠌ ᠎ᠶ᠋ᠢ ᠴᠢᠩᠭᠠᠳᠭᠠᠵᠤ᠂ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠭᠡᠷ᠎ᠡ᠎ᠶ᠋ᠢᠨ ᠬᠠᠮᠢᠶᠠᠷᠤᠯᠲᠠ ᠬᠢᠭᠡᠳ ᠦᠯᠦ᠍ ᠬᠥᠳᠡᠯᠬᠦ᠌ ᠬᠦᠷᠦᠩᠭᠡ᠎ᠶ᠋ᠢᠨ ᠳᠠᠩᠰᠠᠯᠠᠯᠲᠠ᠎ᠶ᠋ᠢ ᠡᠮᠬᠢ ᠵᠢᠷᠤᠮ᠎ᠲᠠᠶ ᠵᠣᠯᠭᠠᠭᠤᠯᠬᠤ᠎ᠶ᠋ᠢ ᠪᠠᠲᠤᠯᠠᠨ᠎ᠠ᠃ ᠨᠢᠭᠡᠨᠲᠡ ᠣᠯᠭᠣᠭ᠍ᠰᠠᠨ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠡᠷᠬᠡ᠎ᠶ᠋ᠢᠨ ᠦᠨᠡᠮᠯᠡᠯ ᠨᠢ ᠱᠢᠨ᠎ᠡ ᠳᠠᠭᠠᠭᠠᠴᠢᠯᠠᠯᠲᠠ᠎ᠶ᠋ᠢᠨ ᠬᠤᠭᠤᠴᠠᠭᠠᠨ᠎ᠳᠤ ᠦᠷᠭᠦᠯᠵᠢᠯᠡᠨ ᠬᠦᠴᠦᠨ᠎ᠲᠡᠶ ᠪᠥᠭᠡᠳ ᠬᠤᠪᠢᠷᠠᠭᠤᠯᠬᠤ ᠦᠭᠡᠢ ᠰᠣᠯᠢᠬᠤ ᠦᠭᠡᠢ᠃ ᠳᠠᠭᠠᠭᠠᠴᠢᠯᠠᠭ᠍ᠴᠢ᠂ ᠳᠠᠭᠠᠭᠠᠴᠢᠯᠠᠭ᠍ᠰᠠᠨ ᠭᠠᠵᠠᠷ᠎ᠤᠨ ᠬᠡᠰᠡᠭ᠎ᠲᠦ ᠬᠤᠪᠢᠷᠠᠯᠲᠠ ᠭᠠᠷᠤᠭ᠍ᠰᠠᠨ ᠪᠠᠢᠪᠠᠯ᠂ ᠳᠠᠭᠠᠭᠠᠴᠢᠯᠠᠯᠲᠠ᠎ᠶ᠋ᠢᠨ ᠭᠡᠷ᠎ᠡ᠎ᠶ᠋ᠢ ᠦᠨᠳᠦᠰᠦᠯᠡᠨ ᠦᠯᠦ᠍ ᠬᠥᠳᠡᠯᠬᠦ᠌ ᠬᠦᠷᠦᠨᠭ᠌ᠭᠡ ᠎ᠶ᠋ᠢᠨ ᠲᠠᠨᠭᠰᠠᠯᠠᠯᠳᠠ ᠬᠢᠵᠦ᠍ ᠪᠣᠯᠤᠨ᠎ᠠ᠃ ᠳᠠᠭᠠᠭᠠᠴᠢᠯᠠᠯᠲᠠ᠎ᠵᠢ ᠤᠷᠲᠤᠳᠬᠠᠬᠤ ᠳᠤᠮᠳᠠ ᠵᠥᠪᠬᠡᠨ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠭᠡᠷ᠎ᠡ ᠎ᠶ᠋ᠢᠨ ᠬᠤᠭᠤᠴᠠᠭ᠎ᠠ ᠶ᠋ᠢᠨ ᠬᠤᠪᠢᠷᠠᠯᠲᠠ᠎ᠡᠴᠡ ᠪᠣᠯᠵᠦ᠍ ᠬᠣᠢᠱᠢᠯᠠᠭᠤᠯᠪᠠᠯ᠂ ᠳᠠᠭᠠᠭᠠᠴᠢᠯᠠᠯᠲᠠ᠎ᠶ᠋ᠢᠨ ᠭᠡᠷ᠎ᠡ᠎ᠳᠦ ᠲᠡᠮᠳᠡᠭ᠌ᠯᠡᠭ᠌ᠰᠡᠨ ᠮᠡᠳᠡᠭᠡ ᠵᠠᠩᠭᠢ᠎ᠶ᠋ᠢ ᠦᠨᠳᠦᠰᠦᠯᠡᠨ ᠲᠠᠨᠭᠰᠠᠯᠠᠯᠳᠠ ᠬᠢᠵᠦ᠍᠂ ᠤᠤᠯ᠎ᠤᠨ ᠬᠥᠳᠡᠭᠡ ᠲᠣᠰᠭᠣᠨ᠎ᠤ ᠭᠠᠵᠠᠷ ᠱᠢᠷᠣᠢ ᠳᠠᠭᠠᠭᠠᠴᠢᠯᠠᠨ ᠡᠵᠡᠩᠨᠡᠬᠦ᠌ ᠡᠷᠬᠡ᠎ᠶ᠋ᠢᠨ ᠦᠨᠡᠮᠯᠡᠯ ᠳᠡᠭᠡᠷ᠎ᠡ ᠲᠣᠳᠣᠷᠬᠠᠢᠯᠠᠯᠲᠠ ᠬᠠᠳᠠᠵᠦ᠍ ᠲᠡᠮᠳᠡᠭ᠌ᠯᠡᠭᠡᠳ᠂ ᠦᠯᠦ᠍ ᠬᠥᠳᠡᠯᠬᠦ᠌ ᠭᠦᠷᠦᠨᠭ᠌ᠭᠡ᠎ᠶ᠋ᠢᠨ ᠲᠠᠨᠭᠰᠠᠯᠠᠯᠳᠠ᠎ᠶ᠋ᠢᠨ ᠲᠤᠰᠭᠠᠢ ᠲᠠᠮᠠᠭ᠎ᠠ᠎ᠶ᠋ᠢ ᠳᠠᠷᠤᠨ᠎ᠠ᠃ ᠨᠢᠭᠡᠳᠦᠯᠲᠡᠶ ᠦᠨᠡᠮᠯᠡᠯ ᠰᠣᠯᠢᠵᠤ᠂ ᠦᠨᠳᠦᠰᠦᠨ ᠱᠠᠲᠤ ᠪᠣᠯᠤᠨ ᠲᠠᠷᠢᠶᠠᠴᠢᠳ᠎ᠤᠨ ᠳᠠᠷᠤᠭᠠᠰᠤ᠎ᠶ᠋ᠢ ᠨᠡᠮᠡᠭ᠌ᠳᠡᠭᠦᠯᠵᠦ᠍ ᠪᠣᠯᠬᠤ ᠦᠭᠡᠶ᠃

(ᠠᠷᠪᠠᠨ ᠬᠣᠶᠠᠷ) ᠡᠵᠡᠨᠭᠨᠡᠯᠲᠡ᠎ᠵᠢᠨ ᠡᠷᠬᠡ᠎ᠵᠢ ᠭᠦᠢᠯᠭᠡᠭᠡᠬᠦ ᠭᠠᠵᠠᠷ ᠱᠢᠷᠣᠶ᠎ᠶ᠋ᠢᠨ ᠲᠣᠭ᠍ᠲᠠᠭᠤᠨ ᠡᠵᠡᠩᠨᠡᠯᠲᠡ᠎ᠶ᠋ᠢ ᠪᠠᠲᠤᠯᠠᠨ᠎ᠠ᠃ ᠡᠵᠡᠨᠭᠨᠡᠯᠲᠡ᠎ᠵᠢᠨ ᠡᠷᠬᠡ᠎ᠵᠢ ᠭᠦᠢᠯᠭᠡᠭᠡᠬᠦ ᠬᠣᠶᠠᠷ ᠲᠠᠯ᠎ᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠵᠤ᠂ ᠬᠥᠳᠡᠭᠡ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠲᠠᠷᠢᠶᠠᠴᠢᠳ᠎ᠤᠨ ᠬᠦᠰᠡᠯ ᠰᠠᠨᠠᠭ᠎ᠠ᠎ᠶ᠋ᠢ ᠬᠦᠨᠳᠦᠳᠭᠡᠭ᠌ᠰᠡᠨ ᠤᠷᠢᠲᠠᠯ ᠳᠣᠣᠷ᠎ᠠ᠂ ᠳᠠᠭᠠᠭᠠᠴᠢᠯᠠᠭ᠍ᠴᠢ ᠪᠠ ᠱᠢᠯᠵᠢᠭᠦᠯᠦᠨ ᠠᠪᠤᠭ᠍ᠴᠢ᠎ᠶ᠋ᠢ ᠬᠦᠳᠦᠯᠦᠨ ᠵᠢᠯᠣᠭᠣᠳᠴᠤ᠌ ᠪᠠᠢᠭᠠᠳ ᠭᠦᠢᠴᠡᠳ ᠵᠥᠪᠳᠡᠯᠴᠡᠭᠦᠯᠵᠦ᠍᠂ ᠭᠡᠷ᠎ᠡ ᠪᠡᠷ ᠪᠣᠯᠵᠣᠨ ᠲᠣᠭ᠍ᠲᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠳᠠᠭᠠᠭᠠᠴᠢᠯᠠᠯᠲᠠ᠎ᠶ᠋ᠢᠨ ᠬᠤᠭᠤᠴᠠᠭ᠎ᠠ ᠎ᠶ᠋ᠢ ᠤᠷᠲᠤᠳᠭᠠᠭ᠍ᠰᠠᠨ᠎ᠤ ᠳᠠᠷᠠᠭᠠᠬᠢ ᠭᠠᠵᠠᠷ ᠱᠢᠷᠣᠢ ᠎ᠶ᠋ᠢ ᠦᠷᠭᠦᠯᠵᠢᠯᠡᠨ ᠲᠦᠷᠢᠶᠡᠰᠦᠯᠡᠬᠦ᠌ ᠤᠴᠢᠷ ᠶᠠᠪᠤᠳᠠᠯ᠎ᠢ ᠲᠣᠳᠣᠷᠬᠠᠢᠯᠠᠵᠤ᠂ ᠡᠵᠡᠩᠨᠡᠯᠲᠡ᠎ᠶ᠋ᠢᠨ ᠭᠤᠤᠯ ᠴᠣᠭ᠍ᠴᠠ ᠎ᠶ᠋ᠢᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠤᠨ᠎ᠠ᠃ ᠡᠵᠡᠨᠭᠨᠡᠯᠲᠡ᠎ᠵᠢᠨ ᠡᠷᠬᠡ᠎ᠵᠢ ᠭᠦᠢᠯᠭᠡᠭᠡᠬᠦ ᠭᠠᠵᠠᠷ ᠱᠢᠷᠣᠶ᠎ᠶ᠋ᠢᠨ ᠡᠵᠡᠩᠨᠡᠯᠲᠡ᠎ᠶ᠋ᠢᠨ ᠡᠷᠬᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠥᠳᠡᠭᠡ ᠲᠣᠰᠭᠣᠨ᠎ᠤ ᠭᠠᠵᠠᠷ ᠱᠢᠷᠣᠶ᠎ᠶ᠋ᠢ ᠶᠡᠬᠡ ᠬᠡᠪᠴᠢᠶ᠎ᠡ᠎ᠪᠡᠷ ᠣᠷᠳᠣ ᠬᠤᠭᠤᠴᠠᠭ᠎ᠠ᠎ᠪᠠᠷ ᠭᠦᠢᠯᠭᠡᠭᠡᠬᠦ᠎ᠶ᠋ᠢ ᠵᠣᠷᠢᠭ᠍ᠵᠢᠭᠤᠯᠬᠤ ᠥᠬᠡᠶ᠃ ᠡᠵᠡᠨᠭᠨᠡᠯᠲᠡ ᠎ᠵᠢᠨ ᠡᠷᠬᠡ᠎ᠵᠢ ᠭᠦᠢᠯᠭᠡᠭᠡᠬᠦ ᠭᠠᠵᠠᠷ ᠱᠢᠷᠣᠶ᠎ᠶ᠋ᠢ 《ᠲᠠᠷᠢᠶᠠᠯᠠᠩ᠎ᠤᠨ ᠪᠤᠰᠤ ᠪᠣᠯᠭᠠᠬᠤ 》 ᠎ᠶ᠋ᠢ ᠡᠷᠡᠰ ᠬᠣᠷᠢᠭ᠍ᠯᠠᠵᠤ᠂ 《ᠠᠮᠤ ᠪᠤᠳᠠᠭᠠᠨ᠎ᠤ ᠪᠤᠰᠤ ᠪᠣᠯᠭᠠᠬᠤ 》 ᠎ᠶ᠋ᠢ ᠪᠦᠲᠦᠮᠵᠢᠲᠡᠶ ᠰᠡᠷᠭᠡᠢᠯᠡᠨ᠎ᠡ᠃

ᠲᠠᠪᠤ᠂ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠭᠠᠨ᠎ᠠ

(ᠠᠷᠪᠠᠨ ᠭᠤᠷᠪᠠ) ᠠᠵᠢᠯ ᠎ᠤᠨ ᠲᠣᠭ᠍ᠲᠡᠴᠡ᠎ᠶ᠋ᠢ ᠪᠦᠷᠢᠨᠱᠢᠭᠦᠯᠦᠨ᠎ᠡ᠃ ᠳᠠᠭᠠᠭᠠᠴᠢᠯᠠᠯᠲᠠ ᠎ᠵᠢ ᠤᠷᠲᠤᠳᠬᠠᠬᠤ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠎ᠶ᠋ᠢ ᠪᠠᠷᠢᠮᠲᠠᠯᠠᠨ ᠴᠢᠩᠭᠠᠳᠭᠠᠵᠤ᠂ ᠲᠥᠪ᠎ᠡᠴᠡ ᠨᠢᠭᠡᠳᠦᠯᠲᠡᠢ ᠲᠥᠯᠥᠪᠵᠢᠭᠦᠯᠵᠦ᠍᠂ ᠮᠤᠵᠢ᠎ᠡᠴᠡ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠍᠂ ᠬᠣᠲᠠ ᠱᠢᠶᠠᠨ ᠱᠢᠶᠠᠩ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠮᠤᠵᠢ ᠬᠣᠲᠠ ᠱᠢᠶᠠᠨ ᠱᠢᠶᠠᠩ ᠱᠠᠳᠤ ᠳᠠᠷᠠᠭᠠᠯᠠᠨ ᠠᠵᠢᠯ᠎ᠤᠨ ᠲᠤᠰᠭᠠᠢ ᠠᠩᠬᠢ ᠪᠠᠢᠭᠤᠯᠵᠤ᠂ ᠲᠤᠪᠤᠢ᠌ᠮ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠠᠵᠢᠯ᠎ᠤᠨ ᠬᠠᠷᠢᠭᠤᠴᠠᠯᠭ᠎ᠠ ᠶ᠋ᠢ ᠡᠷᠡᠰ ᠨᠠᠢᠳᠠᠪᠤᠷᠢᠵᠢᠭᠤᠯᠤᠨ᠎ᠠ᠃ ᠨᠠᠮ ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠥᠪ ᠎ᠦᠨ ᠬᠥᠳᠡᠭᠡ ᠲᠣᠰᠭᠣᠨ᠎ᠤ ᠠᠵᠢᠯ᠎ᠤᠨ ᠤᠳᠤᠷᠢᠳᠭᠤ ᠳᠤᠭᠤᠢᠯᠠᠩ ᠳᠠᠭᠠᠭᠠᠴᠢᠯᠠᠯᠲᠠ ᠎ᠵᠢ ᠤᠷᠲᠤᠳᠬᠠᠬᠤ ᠠᠵᠢᠯ ᠎ᠢ ᠬᠠᠷᠢᠭᠤᠴᠠᠵᠤ ᠲᠦᠷᠦᠭᠦᠯᠡᠨ ᠶᠡᠷᠦᠩᠬᠡᠢᠯᠡᠨ ᠠᠳᠭᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠨᠠᠢᠳᠠᠪᠤᠷᠢᠵᠢᠭᠤᠯᠵᠤ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠠᠬᠢᠴᠠ ᠎ᠶ᠋ᠢᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤᠨᠢ ᠰᠤᠳᠤᠯᠵᠤ᠂ ᠲᠡᠷᠢᠭᠦᠨ᠎ᠦ ᠲᠤᠷᠱᠢᠯᠭ᠎ᠠ᠎ᠶ᠋ᠢ ᠳ᠋ᠦᠩᠨᠡᠨ ᠳᠡᠯᠭᠡᠷᠡᠭᠦᠯᠦᠨ᠎ᠡ᠃ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠤᠭᠤᠴᠠᠭ᠎ᠠ ᠲᠤᠯᠤᠭ᠍ᠰᠠᠨ᠎ᠤ ᠳᠠᠷᠠᠭ᠎ᠠ ᠳᠠᠬᠢᠨ 30 ᠵᠢᠯ ᠤᠷᠲᠤᠳᠭᠠᠬᠤ ᠲᠤᠷᠱᠢᠯᠲᠠ᠎ᠶ᠋ᠢᠨ ᠴᠡᠭ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭ᠍ᠰᠠᠨ ᠬᠤᠷᠠᠯ ᠎ᠤᠨ ᠠᠵᠢᠯ᠎ᠤᠨ ᠲᠦᠷᠢᠮ᠎ᠢ ᠲᠡᠭᠦᠯᠳᠡᠷᠵᠢᠭᠦᠯᠵᠦ᠍᠂ ᠬᠥᠳᠡᠭᠡ ᠠᠵᠤ ᠠᠬᠤᠶ ᠬᠥᠳᠡᠭᠡ ᠲᠣᠰᠭᠣᠨ ᠎ᠤ ᠶᠠᠮᠤᠨ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠠᠯᠪᠠᠨ ᠬᠡᠷ ᠎ᠦᠨ᠎ᠬᠢᠨ ᠲᠦᠷᠦᠭᠦᠯᠡᠨ ᠬᠠᠷᠢᠭᠤᠴᠠᠬᠤ ᠨᠢᠭᠡᠴᠢ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠳᠠᠭᠠᠭᠠᠴᠢᠯᠠᠯᠲᠠ᠎ᠵᠢ ᠤᠷᠲᠤᠳᠬᠠᠬᠤ ᠠᠵᠢᠯ ᠎ᠢ  ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢ ᠰᠠᠢᠲᠤᠷ ᠠᠳᠭᠤᠨ᠎ᠠ; ᠬᠠᠤᠯᠢ ᠴᠠᠭᠠᠵᠠ᠂ ᠡᠳ᠋ ᠎ᠦᠨ ᠵᠠᠰᠠᠭ᠂ ᠪᠠᠢᠭᠠᠯᠢ᠎ᠶ᠋ᠢᠨ ᠡᠬᠢ ᠪᠠᠶᠠᠯᠢᠭ᠂ ᠲᠠᠩᠰᠠ ᠡᠪᠬᠡᠮᠡᠯ᠂ ᠡᠮᠡᠭ᠌ᠲᠡᠢᠴᠦᠳ᠎ᠦᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠥᠬᠥᠶ ᠠᠵᠢᠯ᠎ᠢ ᠰᠠᠢᠲᠤᠷ ᠬᠢᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠬᠠᠮᠵᠢᠯᠴᠠᠭ᠎ᠠ᠎ᠶ᠋ᠢ ᠴᠢᠩᠭᠠᠳᠭᠠᠨ᠂ ᠳᠠᠭᠠᠭᠠᠴᠢᠯᠠᠯᠲᠠ᠎ᠵᠢ ᠤᠷᠲᠤᠳᠬᠠᠬᠤ ᠠᠵᠢᠯ ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠤᠨ᠎ᠠ᠃ ᠡᠯ᠎ᠡ ᠮᠤᠵᠢ(ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠵᠢᠨ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠳᠠᠭᠠᠭᠠᠴᠢᠯᠠᠯᠲᠠ᠎ᠵᠢ ᠤᠷᠲᠤᠳᠬᠠᠬᠤ ᠪᠣᠳᠠᠲᠠᠢ ᠠᠷᠭ᠎ᠠ᠎ᠶ᠋ᠢ ᠰᠤᠳᠤᠯᠤᠨ ᠲᠣᠭ᠍ᠲᠠᠭᠠᠵᠤ᠂ ᠲᠤᠬᠢᠷᠠᠭᠤᠯᠤᠨ ᠬᠢᠨᠠᠨ ᠬᠡᠮᠵᠢᠬᠦ᠌᠎ᠪᠡᠨ ᠴᠢᠩᠭᠠᠳᠭᠠᠵᠤ᠂ ᠲᠤᠷᠱᠢᠯᠲᠠ᠎ᠶ᠋ᠢᠨ ᠬᠤᠭᠤᠴᠠᠭᠠᠨ᠎ᠳᠤ ᠵᠢᠯ ᠪᠦᠷᠢ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ᠎ᠳᠤ ᠪᠠᠢᠳᠠᠯ᠎ᠢᠶᠠᠨ ᠮᠡᠳᠡᠭᠦᠯᠬᠦ᠌ ᠬᠡᠷᠡᠭ᠌ᠲᠡᠢ᠃ ᠱᠢᠶᠠᠨ ᠱᠢᠶᠠᠩ᠎ᠤᠨ ᠨᠠᠮ ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠨᠢ ᠪᠣᠳᠠᠲᠠᠶ ᠠᠰᠠᠭᠤᠳᠠᠯ᠎ᠳᠤ ᠴᠢᠭ᠌ᠯᠡᠭᠦᠯᠦᠨ ᠠᠵᠢᠯ ᠎ᠤᠨ ᠲᠥᠰᠦᠯ ᠲᠣᠭ᠍ᠲᠠᠭᠠᠵᠤ᠂ ᠲᠤᠰᠭᠠᠶ ᠬᠥᠮᠦᠨ᠎ᠢᠶᠡᠷ ᠬᠠᠷᠢᠭᠤᠴᠠᠭᠤᠯᠬᠤ᠎ᠪᠠᠨ ᠲᠣᠳᠣᠷᠬᠠᠢᠯᠠᠨ᠂ ᠳᠠᠭᠠᠭᠠᠴᠢᠯᠠᠯᠲᠠ᠎ᠵᠢ ᠤᠷᠲᠤᠳᠬᠠᠬᠤ ᠲᠥᠷᠥ᠎ᠶ᠋ᠢᠨ ᠪᠣᠳᠣᠯᠭ᠎ᠠ᠂ ᠲᠤᠬᠠᠢᠯᠠᠭ᠍ᠰᠠᠨ ᠠᠵᠢᠯ ᠪᠣᠯᠤᠨ ᠮᠡᠷᠭᠡᠵᠢᠯ᠎ᠦᠨ ᠪᠤᠯᠪᠠᠰᠤᠷᠠᠯ᠎ᠢ ᠴᠢᠩᠭᠠᠳᠭᠠᠨ᠂ ᠰᠦᠯᠵᠢᠶ᠎ᠡ ᠪᠡᠷ ᠭᠡᠷ᠎ᠡ᠎ᠲᠤᠭᠲᠠᠬᠤ᠂ ᠮᠡᠳᠡᠭᠡ ᠵᠠᠩᠭᠢ᠎ᠶ᠋ᠢ ᠬᠤᠪᠢᠷᠠᠭᠤᠯᠬᠤ᠂ ᠵᠠᠭᠤᠷᠠᠯᠳᠤᠭᠠᠨ᠎ᠢ ᠡᠶᠡᠳᠡᠭᠦᠯᠦᠨ ᠱᠢᠶ᠋ᠳᠪᠦᠷᠢᠯᠡᠬᠦ᠌ ᠵᠡᠷᠭᠡ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌ ᠬᠡᠷᠡᠭ᠌ᠲᠡᠶ᠃ ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠲᠣᠰᠭᠣᠨ᠎ᠤ 《ᠬᠣᠶᠠᠷ ᠵᠥᠪᠯᠡᠯ 》 ᠎ᠤ᠋ᠨ ᠪᠦᠷᠢᠯᠳᠦᠬᠦᠨ᠂ ᠲᠣᠮᠢᠯᠠᠨ ᠰᠠᠭᠤᠯᠭᠠᠭ᠍ᠰᠠᠨ ᠺᠠᠳ᠋ᠷ᠂ ᠲᠣᠰᠭᠣᠨ᠎ᠳᠤ ᠬᠦᠷᠴᠦ᠍ ᠲᠤᠱᠢᠶᠠᠯ ᠡᠭᠦᠷᠭᠡᠯᠡᠭᠰᠡᠨ ᠰᠣᠩᠭᠣᠨ ᠲᠤᠮᠢᠯᠠᠬᠤ ᠰᠣᠷᠣᠭ᠍ᠴᠢ᠂ ᠠᠬᠠᠮᠠᠳ ᠨᠠᠮ᠎ᠤᠨ ᠭᠡᠱᠢᠭᠦᠨ ᠵᠡᠷᠭᠡ᠎ᠶ᠋ᠢ ᠵᠣᠬᠢᠶᠠᠨ ᠪᠠᠢᠭᠤᠯᠤᠨ ᠬᠠᠮᠢᠶ᠎ᠠ ᠪᠥᠬᠥᠶ ᠠᠵᠢᠯ᠎ᠳᠤ ᠢᠳᠡᠪᠬᠢᠲᠡᠶ ᠣᠷᠣᠯᠴᠠᠭᠤᠯᠵᠤ᠂ ᠲᠣᠰᠭᠣᠨ ᠳᠤᠭᠤᠢᠯᠠᠩ᠎ᠤᠨ ᠳᠠᠭᠠᠭᠠᠴᠢᠯᠠᠯᠲᠠ᠎ᠵᠢ ᠤᠷᠲᠤᠳᠬᠠᠬᠤ ᠠᠵᠢᠯ᠎ᠤᠨ ᠬᠦᠴᠦᠨ᠎ᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ᠎ᠤᠨ ᠬᠢᠨ ᠳᠠᠭᠠᠭᠠᠴᠢᠯᠠᠯᠲᠠ᠎ᠵᠢ ᠤᠷᠲᠤᠳᠬᠠᠬᠤ ᠲᠤᠷᠱᠢᠯᠲᠠ ᠬᠢᠬᠦ᠌᠎ᠳᠡᠭᠡᠨ ᠲᠠᠷᠢᠶᠠᠴᠢᠳ᠎ᠡᠴᠡ ᠰᠦᠢᠳᠭᠡᠯ ᠬᠤᠷᠢᠶᠠᠵᠤ ᠪᠣᠯᠬᠤ ᠥᠭᠡᠢ᠃

(ᠠᠷᠪᠠᠨ ᠳᠥᠷᠪᠡ) ᠤᠬᠠᠭᠤᠯᠵᠤ ᠬᠥᠲᠥᠯᠦᠨ ᠵᠢᠯᠣᠭᠣᠳᠭᠤ᠎ᠶ᠋ᠢ ᠰᠠᠢᠲᠤᠷ ᠬᠢᠨ᠎ᠠ᠃ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠪᠣᠯᠪᠠᠰᠤᠷᠠᠯ᠎ᠤᠨ ᠡᠷᠴᠢᠮ᠎ᠢ ᠴᠢᠩᠭᠠᠷᠠᠭᠤᠯᠤᠨ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ᠂ ᠰᠣᠨᠢᠨ ᠮᠡᠳᠡᠭᠡ ᠨᠡᠢᠲᠡᠯᠡᠬᠦ᠌ ᠬᠤᠷᠠᠯ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠱᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠣᠯᠠᠨ ᠲᠦᠮᠡᠨ᠎ᠦ ᠦᠵᠡᠵᠦ᠍ ᠰᠣᠨᠣᠰᠭᠤ ᠳᠤᠷᠠᠲᠠᠶ ᠠᠷᠭ᠎ᠠ ᠮᠠᠶᠢᠭ᠎ᠢ ᠠᠪᠴᠤ᠌ ᠪᠠᠢᠭᠠᠳ᠂ ᠥᠷᠭᠡᠨ ᠣᠯᠠᠨ ᠺᠠᠳ᠋ᠷ ᠣᠯᠠᠨ ᠲᠦᠮᠡᠨ᠎ᠳᠦ ᠳᠠᠭᠠᠭᠠᠴᠢᠯᠠᠯᠲᠠ᠎ᠵᠢ ᠤᠷᠲᠤᠳᠬᠠᠬᠤ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠭᠤᠯᠵᠤ᠂ ᠨᠡᠢᠭᠡᠮ᠎ᠦᠨ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠨ᠎ᠠ᠃

(ᠠᠷᠪᠠᠨ ᠲᠠᠪᠤ) ᠲᠦᠭ᠌ᠰᠢᠭᠦᠷᠢ ᠎ᠶ᠋ᠢ ᠰᠡᠷᠭᠡᠢᠯᠡᠬᠦ᠌᠎ᠶ᠋ᠢ ᠴᠢᠩᠭᠠᠳᠭᠠᠨ᠎ᠠ᠃ ᠳᠠᠭᠠᠭᠠᠴᠢᠯᠠᠯᠲᠠ᠎ᠵᠢ ᠤᠷᠲᠤᠳᠬᠠᠬᠤ ᠲᠤᠷᠱᠢᠯᠲᠠ ᠶ᠋ᠢᠨ ᠳᠤᠮᠳᠠ ᠢᠯᠡᠷᠡᠭ᠌ᠰᠡᠨ ᠱᠢᠨ᠎ᠡ ᠪᠠᠢᠳᠠᠯ ᠱᠢᠨ᠎ᠡ ᠠᠰᠠᠭᠤᠳᠠᠯ᠎ᠢ ᠨᠢᠭ᠍ᠲᠠ ᠠᠩᠬᠠᠷᠴᠤ᠌᠂ ᠠᠵᠢᠯ ᠎ᠤᠨ ᠳᠤᠮᠳᠠ ᠲᠤᠯᠭᠠᠷᠠᠭ᠍ᠰᠠᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠢ᠎ᠳᠤᠨᠢ ᠮᠡᠳᠡᠭᠦᠯᠦᠨ᠎ᠡ᠃ ᠲᠦᠷᠦ᠍᠎ᠶ᠋ᠢᠨ ᠪᠤᠳᠤᠯᠭ᠎ᠠ ᠲᠣᠭ᠍ᠲᠠᠭᠠᠬᠤ᠎ᠡᠴᠡ ᠡᠮᠦᠨ᠎ᠡ ᠨᠡᠢᠭᠡᠮ᠎ᠦᠨ ᠲᠣᠭ᠍ᠲᠠᠭᠤᠨ ᠪᠠᠢᠳᠠᠯ᠎ᠤᠨ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠠᠵᠢᠯ᠎ᠢ ᠰᠠᠢᠲᠤᠷ ᠬᠢᠨ᠎ᠡ᠃ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠣᠯᠠᠨ ᠡᠱᠢᠵᠢᠭ᠌ᠰᠡᠨ ᠲᠣᠭ᠍ᠲᠡᠴᠡ᠎ᠶ᠋ᠢ ᠪᠦᠷᠢᠨᠱᠢᠭᠦᠯᠵᠦ᠍᠂ ᠬᠥᠳᠡᠭᠡ ᠲᠣᠰᠭᠣᠨ᠎ᠤ ᠭᠠᠵᠠᠷ ᠱᠢᠷᠣᠶ ᠳᠠᠭᠠᠭᠠᠴᠢᠯᠠᠨ ᠡᠵᠡᠩᠨᠡᠬᠦ᠌ ᠵᠠᠭᠤᠷᠠᠯᠳᠤᠭᠠᠨ᠎ᠢ ᠡᠶᠡᠳᠡᠭᠦᠯᠬᠦ᠌ ᠪᠠ ᠬᠥᠨᠳᠡᠯᠡᠨ᠎ᠡᠴᠡ ᠲᠠᠰᠤᠯᠬᠤ ᠡᠩᠨᠡᠭᠡᠨ᠎ᠦ ᠴᠢᠳᠠᠪᠤᠷᠢ᠎ᠶ᠋ᠢᠨ ᠪᠠᠢᠭᠤᠯᠤᠯᠲᠠ ᠪᠣᠯᠤᠨ ᠨᠥᠬᠥᠴᠡᠯ ᠎ᠦᠨ ᠪᠠᠲᠤᠯᠠᠭ᠎ᠠ᠎ᠶ᠋ᠢ ᠴᠢᠩᠭᠠᠳᠭᠠᠨ᠂ ᠳᠠᠭᠠᠭᠠᠴᠢᠯᠠᠯᠲᠠ᠎ᠶ᠋ᠢ ᠤᠷᠲᠤᠳᠭᠠᠬᠤ ᠳᠤᠮᠳᠠ ᠢᠯᠡᠷᠡᠭ᠌ᠰᠡᠨ ᠵᠥᠷᠢᠴᠡᠯ ᠵᠠᠭᠤᠷᠠᠯᠳᠤᠭᠠᠨ᠎ᠢ ᠬᠠᠤᠯᠢ ᠶᠣᠰᠣᠭᠠᠷ ᠵᠥᠪᠳᠡᠯᠴᠡᠬᠦ᠌᠂ ᠡᠶᠡᠳᠡᠭᠦᠯᠬᠦ᠌᠂ ᠬᠥᠨᠳᠡᠯᠡᠨ᠎ᠡᠴᠡ ᠲᠠᠰᠤᠯᠬᠤ᠂ ᠵᠠᠷᠭᠤᠯᠳᠤᠬᠤ ᠵᠡᠷᠭᠡ ᠠᠷᠭ᠎ᠠ ᠮᠠᠶᠢᠭ ᠎ᠢᠶᠠᠷ ᠴᠠᠭ ᠲᠤᠬᠠᠶ᠎ᠳᠤᠨᠢ ᠯᠠᠪᠳᠠᠭᠤᠨ᠎ᠢᠶᠠᠷ ᠱᠢᠶ᠋ᠳᠪᠦᠷᠢᠯᠡᠨ᠎ᠡ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 18 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号