ᠸᠠᠩ ᠸᠧᠶ ᠵᠥᠩ ᠬᠤᠷᠠᠯ ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ
ᠪᠦᠦ ᠭᠠᠩ ᠵᠠᠩ ᠶᠠᠨ ᠺᠦᠨ ᠱ᠌ᠢ ᠭᠤᠸᠠᠩ ᠬᠤᠢ ᠣᠷᠣᠯᠴᠠᠪᠠ
3 ᠰᠠᠷ᠎ᠠ᠎ᠶ᠋ᠢᠨ 19 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠬᠢ ᠲᠥᠪᠯᠡᠷᠡᠨᠭᠬᠦᠢ ᠰᠣᠯᠢᠯᠴᠠᠵᠤ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠪᠦᠦ ᠭᠠᠩ᠂ ᠵᠠᠩ ᠶᠠᠨ ᠺᠦᠨ᠂ ᠱ᠌ᠢ ᠭᠤᠸᠠᠩ ᠬᠣᠶ᠂ ᠯᠢᠦ ᠱᠤᠸᠠᠩ᠂ ᠬᠤᠸᠠᠩ ᡁᠢ ᠴᠢᠶᠠᠩ᠂ ᠵᠠᠩ ᠱᠤᠤ ᠴᠦᠨ᠂ ᠳ᠋ᠢᠩ ᠱᠢᠤ ᠹᠸᠩ᠂ ᠯᠦᠸᠧ ᡁᠢ ᠬᠤ᠌ ᠭᠤᠤᠯ ᠰᠡᠳᠦᠪ ᠦᠨ ᠲᠣᠭᠣᠷᠢᠨ᠎ᠳᠤ ᠰᠤᠷᠤᠯᠴᠠᠭ᠍ᠰᠠᠨ ᠲᠥᠷᠥᠭ᠌ᠳᠡᠯ ᠵᠢᠨᠨ ᠰᠣᠯᠢᠯᠴᠠᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ ᠦᠨ ᠵᠠᠰᠠᠭ ᠤᠨ ᠠᠵᠢᠯ᠎ᠤᠨ ᠪᠦᠳᠦᠮᠵᠢ᠎ᠶᠢᠨ ᠳᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ ᠪᠣᠯ ᠨᠠᠮ᠎ᠤᠨ ᠭᠡᠱᠢᠭᠦᠨ ᠺᠠᠳ᠋ᠷ᠎ᠤᠨ ᠠᠵᠢᠯ ᠬᠢᠵᠦ᠍ ᠦᠢᠯᠡᠰ ᠪᠤᠰᠭᠠᠬᠤ ᠦᠨᠳᠦᠰᠦᠨ ᠵᠢᠷᠤᠮᠯᠠᠯ ᠪᠠ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠮᠥᠨ᠃ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ ᠤ ᠤᠬᠠᠮᠰᠠᠷ ᠢ᠋ᠶ᠋ᠠᠨ ᠦᠨᠡᠨ ᠬᠦ᠌ ᠴᠢᠩᠭᠠᠳᠭᠠᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠬᠤ ᠶ᠋ᠢ ᠪᠠᠷᠢᠮᠲᠠᠯᠠᠵᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠪᠡᠷ ᠴᠢᠷᠮᠠᠢᠵᠤ᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠵᠤ᠂ ᠦᠨᠡᠨᠬᠦ᠌ ᠠᠳᠭᠤᠵᠤ ᠪᠣᠳᠠᠲᠠᠶ ᠬᠢᠬᠦ ᠵᠢ ᠪᠡᠶᠡᠯᠡᠬᠦᠯᠵᠦ᠂ ᠪᠠᠲᠤ ᠴᠢᠩᠭ᠎ᠠ ᠨᠠᠮᠴᠢ ᠴᠢᠨᠠᠷ᠎ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ᠂ ᠠᠷᠢᠭᠤᠨ ᠴᠢᠬᠡᠴᠢ ᠮᠥᠨ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ ᠤ ᠲᠦᠪ ᠬᠤᠷᠢᠶ᠎ᠡ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠤᠨ ᠪᠠᠢᠷᠢᠯᠠᠭᠤᠯᠤᠯᠲᠠ᠎ᠶ᠋ᠢ ᠬᠢᠨᠠᠮᠠᠭᠠᠢ ᠨᠠᠢᠳᠠᠪᠤᠷᠢᠵᠢᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ ᠤᠨ ᠪᠠᠢᠷᠢᠯᠠᠭᠤᠯᠤᠯᠲᠠ ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠦᠶ᠋ᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ ᠵᠢ ᠳᠠᠭᠠᠭᠠᠬᠤ ᠪᠣᠳᠠᠲᠤ ᠠᠮᠵᠢᠯᠲᠠ ᠪᠡᠷ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠦ ᠦᠵᠡᠵᠡᠭᠡᠪᠡ᠃
ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ ᠨᠢ ᠮᠠᠨ᠎ᠤ ᠨᠠᠮ᠎ᠤᠨ ᠠᠵᠢᠯ ᠬᠢᠵᠦ᠍ ᠦᠢᠯᠡᠰ ᠪᠤᠰᠭᠠᠬᠤ᠎ᠶ᠋ᠢᠨ ᠦᠨ᠎ᠡ ᠦᠷᠳᠡᠭ᠎ᠢ ᠭᠦᠨᠵᠡᠭᠡᠢ ᠥᠭᠦᠯᠡᠪᠡ᠂ ᠪᠢᠳᠡ ᠨᠠᠮ ᠤᠨ ᠦᠨᠳᠦᠰᠦᠨ ᠵᠣᠷᠢᠯᠲᠠ᠎ᠶ᠋ᠢ ᠦᠢᠯᠡᠳᠦᠯᠭᠡᠵᠢᠭᠦᠯᠬᠦ᠌᠂ ᠨᠠᠮ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠂ ᠨᠠᠮ ᠤᠨ ᠬᠦᠴᠦᠨ ᠴᠢᠳᠠᠯ ᠤᠨ ᠡᠬᠢ ᠪᠤᠯᠠᠭ᠎ᠢ ᠨᠢᠭ᠍ᠲᠠᠷᠠᠭᠤᠯᠬᠤ ᠦᠨᠳᠦᠷᠴᠡ ᠡᠴᠡ《ᠬᠡᠨ ᠦ ᠲᠥᠯᠥᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ》᠂《ᠶᠠᠮᠠᠷ ᠶᠠᠩᠵᠤ ᠶ᠋ᠢᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》᠂ 《ᠶᠠᠭᠤᠨ᠎ᠳᠤ ᠲᠦᠱᠢᠭ᠌ᠯᠡᠨ ᠵᠠᠰᠠᠭ ᠤᠨ ᠠᠵᠢᠯ᠎ᠤᠨ ᠪᠦᠲᠦᠮᠵᠢ ᠭᠠᠷᠭᠠᠬᠤ》᠎ᠶ᠋ᠢ ᠭᠦᠨᠵᠡᠭᠡᠶ ᠣᠢᠯᠠᠭᠠᠵᠤ᠂ ᠵᠠᠰᠠᠭ᠎ᠤᠨ ᠠᠵᠢᠯ ᠤᠨ ᠪᠦᠳᠦᠮᠵᠢ᠎ᠶ᠋ᠢᠨ ᠳᠤᠬᠠᠢ ᠦᠵᠡᠯᠲᠡ᠎ᠶ᠋ᠢᠨ ᠤᠷᠤᠨ ᠪᠠᠢᠷᠢ ᠭᠠᠵᠢᠬᠤ ᠪᠠ ᠬᠡᠯᠪᠡᠢᠭᠦᠦ ᠠᠰᠠᠭᠤᠳᠠᠯ ᠤᠨ ᠬᠣᠣᠷ ᠬᠦᠨᠦᠭᠡᠯᠳᠤ ᠴᠢᠨᠠᠷ᠎ᠢ ᠭᠦᠨᠵᠡᠭᠡᠢ ᠲᠠᠨᠢᠵᠤ᠂ ᠨᠠᠮᠴᠢ ᠴᠢᠨᠠᠷ᠎ᠤᠨ ᠲᠠᠯ᠎ᠠ ᠡᠴᠡ ᠵᠥᠷᠢᠶ᠎ᠡ ᠪᠡᠨ ᠡᠷᠢᠵᠦ᠂ ᠡᠬᠢ ᠰᠤᠷᠪᠤᠯᠵᠢ᠎ᠶ᠋ᠢ ᠪᠠᠢᠴᠠᠭᠠᠵᠤ᠂ ᠭᠡᠪ ᠪᠣᠯᠪᠠᠰᠤᠷᠠᠯ᠎ᠢᠶᠡᠨ ᠴᠢᠩᠭᠠᠳᠬᠠᠵᠤ᠂ ᠠᠷᠠᠳ ᠲᠦᠮᠡᠨ ᠤ᠋ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠶ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠣᠢᠯᠠᠭᠠᠭ᠍ᠳᠠᠬᠤᠨ ᠢ᠋ ᠪᠠᠲᠤ ᠪᠡᠬᠢ ᠪᠤᠢ ᠪᠣᠯᠭᠠᠵᠤ᠂ ᠠᠷᠠᠳ ᠲᠦᠮᠡᠨ᠎ᠳᠦ ᠵᠣᠯ ᠵᠢᠷᠭᠠᠯ ᠣᠯᠭᠣᠬᠤ ᠬᠠᠳᠠᠨ ᠪᠠᠳᠤ ᠤᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠨᠠᠮ᠎ᠳᠤ ᠠᠱᠢᠭ᠍ᠲᠠᠶ ᠤᠯᠤᠰ᠎ᠲᠤ ᠠᠱᠢᠭ᠍ᠲᠠᠶ ᠠᠷᠠᠳ᠎ᠲᠤ ᠠᠱᠢᠭ᠍ᠲᠠᠶ ᠰᠠᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠲᠠᠰᠤᠷᠠᠯᠲᠠ ᠤᠢ᠍ᠭᠡᠢ ᠡᠭᠦᠳᠬᠦ᠌ ᠬᠡᠷᠡᠭ᠌ᠲᠡᠶ᠃ ᠨᠢᠭᠡ᠎ᠳᠦ᠂ ᠲᠤᠱᠢᠶᠠᠯ ᠬᠠᠷᠢᠭᠤᠴᠠᠯᠭ᠎ᠠ᠎ᠶ᠋ᠢᠨ ᠬᠡᠪᠴᠢᠶᠡᠨ ᠳᠣᠲᠣᠷ᠎ᠠ ᠰᠠᠨᠠᠭᠠᠴᠢᠯᠠᠭ᠎ᠠ᠎ᠡᠴᠡ᠎ᠪᠠᠨ ᠬᠦᠨᠳᠦ ᠡᠭᠦᠷᠭᠡ᠎ᠶ᠋ᠢ ᠡᠭᠦᠷᠭᠡᠯᠡᠨ᠂ ᠬᠦᠴᠢᠷ ᠪᠡᠷᠬᠡᠱᠢᠶᠡᠯ᠎ᠢ ᠳᠠᠭᠠᠭᠠᠵᠤ᠂ ᠨᠡᠩ ᠶᠡᠬᠡ ᠡᠷᠡᠰ ᠵᠣᠷᠢᠭ ᠪᠠ ᠡᠷᠴᠢᠮ᠎ᠢᠶᠡᠷ ᠵᠥᠷᠢᠴᠡᠯ᠎ᠢ ᠠᠷᠢᠯᠭᠠᠨ᠂ ᠠᠷᠬᠠᠭ ᠭᠡᠮ᠎ᠢ ᠠᠷᠢᠯᠭᠠᠬᠤ ᠬᠡᠷᠡᠭ᠌ᠲᠡᠢ᠂ ᠰᠢᠯᠲᠠᠭᠯᠠᠨ ᠲᠦᠯᠬᠢᠯᠴᠡᠵᠦ᠍᠂ ᠱᠢᠨ᠎ᠡ ᠳᠠᠷᠤᠭ᠎ᠠ ᠬᠠᠭᠤᠴᠢᠨ ᠳᠠᠨᠭᠰᠠ᠎ᠶ᠋ᠢ ᠬᠠᠮᠢᠶᠠᠷᠬᠤ ᠦᠭᠡᠢ ᠪᠠᠢᠵᠤ ᠤᠭᠲᠤ ᠪᠣᠯᠬᠤ ᠦᠭᠡᠢ᠃ ᠬᠣᠶᠠᠷ᠎ᠲᠤ᠂ ᠰᠠᠭᠤᠷᠢ ᠲᠠᠯᠪᠢᠵᠤ ᠢᠷᠡᠭᠡᠳᠦᠢ᠎ᠳᠦ ᠠᠱᠢᠭ᠍ᠲᠠᠢ ᠶᠠᠪᠤᠳᠠᠯ᠎ᠢ ᠢᠯᠡᠭᠦᠬᠡᠨ ᠬᠢᠵᠦ᠍᠂ ᠲᠤᠬᠠᠢᠯᠠᠭ᠍ᠰᠠᠨ ᠠᠵᠢᠯ᠎ᠢᠶᠠᠨ ᠲᠡᠦᠬᠡ᠎ᠶ᠋ᠢᠨ《ᠤᠷᠳᠤ ᠳᠤᠷᠠᠨ》᠎ᠤ᠋ ᠳᠣᠣᠷ᠎ᠠ ᠲᠠᠯᠪᠢᠨ ᠴᠢᠳᠠᠮᠠᠭᠠᠢ᠎ᠪᠠᠷ ᠬᠢᠨᠠᠨ ᠦᠵᠡᠵᠦ᠍᠂ ᠯᠠᠪᠳᠠᠭᠤᠨ ᠪᠠᠲᠤᠲᠠᠢ ᠬᠢᠬᠦ ᠬᠡᠷᠡᠭᠳᠡᠢ᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠵᠦ᠍ ᠤᠭᠲᠤ ᠪᠣᠯᠬᠤ ᠦᠭᠡᠢ᠃ ᠭᠤᠷᠪᠠ᠎ᠳᠤ᠂ ᠦᠨᠡᠨ᠎ᠡᠴᠡ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠦᠨᠡᠨ ᠪᠣᠳᠠᠲᠠᠢ ᠬᠥᠭ᠌ᠵᠢᠯᠲᠡ᠂ ᠬᠤᠯᠢᠴᠠ ᠦᠭᠡᠢ ᠬᠥᠭ᠌ᠵᠢᠯᠲᠡ ᠵᠢ ᠬᠥᠭᠡᠭᠡᠴᠡᠯᠳᠦᠬᠦ ᠬᠡᠷᠡᠭᠳᠡᠢ᠂ ᠬᠤᠳᠠᠯ ᠬᠡᠯᠡᠵᠤ ᠬᠠᠭᠤᠷᠮᠠᠭᠬᠢᠵᠤ ᠤᠭᠲᠤ ᠪᠣᠯᠬᠤ ᠦᠭᠡᠢ᠃ ᠲᠦᠷᠪᠡ᠎ᠳᠦ᠂ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠎ᠶ᠋ᠢ ᠴᠢᠬᠤᠯᠠᠴᠢᠯᠠᠵᠤ᠂ ᠲᠣᠭ᠍ᠲᠠᠭᠠᠭ᠍ᠰᠠᠨ ᠲᠦᠷᠦ᠍᠎ᠶ᠋ᠢᠨ ᠪᠤᠳᠤᠯᠭ᠎ᠠ᠂ ᠭᠠᠷᠭᠠᠭᠰᠠᠨ ᠠᠷᠭ᠎ᠠ ᠬᠡᠮᠵᠢᠶ᠎ᠡ᠎ᠪᠡᠨ ᠪᠣᠳᠠᠲᠠᠢ ᠪᠥᠭᠡᠳ ᠲᠤᠰᠠᠲᠠᠢ ᠪᠠᠢᠯᠭᠠᠬᠤ ᠬᠡᠷᠡᠭ᠌ᠲᠡᠢ᠂ ᠰᠣᠬᠣᠷ ᠪᠠᠯᠠᠢ᠎ᠪᠠᠷ ᠬᠢᠵᠦ᠍ ᠤᠭᠲᠤ ᠪᠣᠯᠬᠤ ᠦᠭᠡᠢ᠃ ᠲᠠᠪᠤ᠎ᠳᠤ᠂ ᠠᠷᠠᠳ ᠲᠦᠮᠡᠨ ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠶ᠋ᠢ ᠦᠨᠡᠨ ᠰᠡᠳᠭᠢᠯ᠎ᠡᠴᠡ᠎ᠪᠡᠨ ᠰᠣᠨᠣᠰᠴᠤ᠌᠂ ᠤᠯᠠᠨ ᠲᠦᠮᠡᠨ᠎ᠦ ᠬᠦᠰᠡᠯ ᠡᠷᠡᠮᠡᠯᠵᠡᠯ᠎ᠢ ᠦᠨᠡᠨ ᠮᠥᠨ᠎ᠢᠶᠡᠷ ᠨᠢ ᠲᠤᠰᠭᠠᠵᠤ᠂ ᠤᠯᠠᠨ ᠲᠦᠮᠡᠨ᠎ᠦ ᠵᠣᠪᠠᠭᠤᠷᠢ ᠵᠦᠳᠡᠭᠦᠷᠢ᠎ᠶ᠋ᠢ ᠦᠨᠡᠨ ᠰᠡᠳᠭᠢᠯ᠎ᠡᠴᠡ᠎ᠪᠡᠨ ᠬᠠᠯᠠᠮᠵᠢᠯᠠᠬᠤ ᠬᠡᠷᠡᠭ᠌ᠲᠡᠢ᠂ ᠤᠯᠠᠨ ᠲᠦᠮᠡᠨ᠎ᠦ ᠬᠦᠰᠡᠯ ᠰᠠᠨᠠᠭ᠎ᠠ᠎ᠡᠴᠡ ᠵᠥᠷᠢᠴᠡᠨ ᠪᠤᠳᠤᠯᠭ᠎ᠠ ᠲᠣᠭ᠍ᠲᠠᠭᠠᠵᠤ ᠤᠭᠲᠤ ᠪᠣᠯᠬᠤ ᠦᠭᠡᠢ᠃ ᠵᠢᠷᠭᠤᠭ᠎ᠠ᠎ᠳᠤ᠂ ᠦᠨᠡᠨ ᠪᠣᠳᠠᠲᠠᠢ ᠠᠵᠢᠯᠯᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠬᠢᠵᠠᠭᠠᠷᠯᠠᠯ᠂ ᠪᠤᠰᠤᠳᠴᠢ ᠨᠥᠬᠥᠴᠡᠯ ᠪᠠ ᠡᠳ᠋᠎ᠦᠨ ᠬᠦᠴᠦᠨ᠎ᠢᠶᠡᠨ ᠬᠠᠢᠬᠤᠷᠤᠯ ᠦᠭᠡᠢ᠎ᠪᠡᠷ ᠰᠣᠬᠣᠷ ᠪᠠᠯᠠᠢ᠎ᠪᠠᠷ ᠪᠦᠳᠦᠭᠡᠨ ᠪᠠᠢᠭᠤᠯᠵᠤ ᠲᠦᠷᠦᠯ ᠵᠦᠢᠯ ᠡᠬᠢᠯᠡᠭᠦᠯᠬᠦ᠌ ᠠᠵᠢᠯᠯᠠᠭ᠎ᠠ᠎ᠶ᠋ᠢ ᠡᠷᠡᠰ ᠬᠣᠷᠢᠭ᠍ᠯᠠᠬᠤ ᠬᠡᠷᠡᠭ᠌ᠲᠡᠢ᠂ 《ᠲᠦᠷᠢ ᠲᠥᠷᠬᠦ᠌᠎ᠶ᠋ᠢᠨ ᠢᠨᠵᠧᠨᠧᠷᠢᠩ》ᠪᠠ 《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠢᠨᠵᠧᠨᠧᠷᠢᠩ》 ᠬᠢᠵᠤ ᠤᠭᠲᠤ ᠪᠣᠯᠬᠤ ᠦᠭᠡᠢ᠃ ᠲᠤᠯᠤᠭ᠎ᠠ᠎ᠳᠤ᠂ 《ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ》 ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢ ᠪᠤᠢ ᠪᠣᠯᠭᠠᠵᠤ᠂ 《ᠠᠮᠵᠢᠯᠲᠠ ᠠᠨ᠎ᠤ ᠭᠠᠭ᠍ᠴᠠ ᠮᠢᠨᠦ᠍ ᠭᠠᠪᠢᠶ᠎ᠠ ᠪᠤᠰᠤ》 ᠪᠠᠢᠳᠠᠯ ᠪᠣᠯᠤᠨ《ᠠᠮᠵᠢᠯᠲᠠ ᠤᠯᠬᠤ᠎ᠳᠤ ᠯᠠᠪᠲᠠᠢ ᠪᠢ ᠪᠠᠢᠬᠤ》 ᠬᠠᠷᠢᠭᠤᠴᠠᠯᠭ᠎ᠠ ᠡᠭᠦᠷᠭᠡᠯᠡᠯ᠎ᠢᠶᠡᠨ ᠴᠢᠨᠭᠭᠠᠷᠠᠭᠤᠯᠵᠤ᠂ ᠨᠢᠭᠡ ᠨᠢᠭᠡ ᠠᠯᠬᠤᠮ᠎ᠢᠶᠠᠷ ᠬᠢᠬᠦ ᠬᠡᠷᠡᠭᠳᠡᠢ᠂ ᠲᠦᠷᠦ᠍᠎ᠶ᠋ᠢᠨ ᠪᠤᠳᠤᠯᠭ᠎ᠠ ᠲᠥᠯᠥᠪᠵᠢᠭᠦᠯᠭᠡ᠎ᠶ᠋ᠢᠨ ᠲᠠᠯ᠎ᠠ᠎ᠪᠠᠷ ᠡᠷᠬᠢᠨ ᠤᠷᠪᠠᠵᠦ ᠬᠤᠪᠢᠷᠠᠯᠲᠠ ᠶᠡᠬᠡᠲᠡᠢ ᠪᠠᠢᠵᠤ ᠤᠬ᠍ᠳᠤ ᠪᠣᠯᠬᠤ ᠦᠭᠡᠢ᠃ ᠨᠠᠢ᠍ᠮᠠ᠎ᠳᠤ᠂ ᠡᠳ᠋ ᠦᠨ ᠵᠠᠰᠠᠭ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠵᠤ᠂ ᠠᠷᠭ᠎ᠠ ᠪᠦᠬᠦᠨ᠎ᠢ ᠰᠦᠪᠡᠭ᠌ᠴᠢᠯᠡᠨ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢ ᠠᠷᠢᠯᠭᠠᠬᠤ ᠬᠡᠷᠡᠭ᠌ᠲᠡᠢ᠂ ᠲᠣᠭ᠍ᠲᠠᠭᠠᠯ᠎ᠡᠴᠡ ᠵᠥᠷᠢᠴᠡᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠷᠢ ᠥᠭ᠌ᠴᠡᠭᠡ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍ ᠤᠭᠲᠤ ᠪᠣᠯᠬᠤ ᠦᠭᠡᠢ ᠭᠡᠵᠤ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ ᠦ ᠤᠳᠤᠷᠢᠳᠭᠤ ᠨᠥᠬᠥᠳ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠶ᠋ᠢᠨ ᠱᠢᠭᠦᠬᠦ᠌ ᠬᠣᠷᠢᠶ᠎ᠠ ᠶ᠋ᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠪᠠᠢᠴᠠᠭᠠᠬᠤ ᠬᠣᠷᠢᠶ᠎ᠠ ᠶ᠋ᠢᠨ ᠪᠠᠢᠴᠠᠭᠠᠬᠤ ᠳᠠᠷᠤᠭ᠎ᠠ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠡ ᠵᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠶ ᠠᠩᠭᠢ᠎ᠶ᠋ᠢᠨ ᠬᠤᠷᠠᠯᠳᠤᠭᠤᠯᠤᠭ᠍ᠴᠢ᠂ ᠳᠡᠳ᠋ ᠬᠤᠷᠠᠯᠳᠤᠭᠤᠯᠤᠭ᠍ᠴᠢ ᠪᠣᠯᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠰᠤᠯᠠ ᠣᠷᠣᠯᠴᠠᠪᠠ᠃
ᠬᠣᠶᠠᠷ ᠡᠳᠦᠷ ᠦᠨ ᠲᠤᠷᠰᠢ᠂ ᠤᠯᠠᠮᠵᠢᠯᠠᠵᠤ ᠳᠠᠭᠠᠭᠤᠯᠵᠤ ᠰᠤᠷᠤᠯᠴᠠᠬᠤ᠂ ᠲᠤᠰᠭᠠᠶ ᠰᠡᠳᠦᠪ ᠢᠶᠡᠷ ᠬᠠᠪᠰᠤᠷᠤᠨ ᠵᠢᠯᠣᠭᠣᠳᠭᠤ᠂ ᠬᠤᠪᠢ ᠬᠥᠮᠦᠨ ᠦᠪᠡᠷᠲᠡᠭᠡᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠮᠤᠵᠢ ᠶ᠋ᠢᠨ ᠲᠠᠰ᠎ᠤᠨ ᠤᠳᠤᠷᠢᠳᠭᠤ ᠨᠥᠬᠥᠳ ᠰᠡᠳᠭᠢᠯ ᠲᠠᠯᠪᠢᠨ ᠰᠤᠳᠤᠯᠤᠨ ᠰᠤᠷᠤᠯᠴᠠᠵᠤ᠂ ᠭᠦᠨᠵᠡᠭᠡᠶ ᠰᠡᠳᠭᠢᠨ ᠪᠣᠳᠣᠯᠬᠢᠯᠠᠵᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠳᠤ ᠪᠠᠲᠤ ᠪᠡᠬᠢ ᠰᠠᠭᠤᠷᠢ᠎ᠶ᠋ᠢ ᠲᠠᠯᠪᠢᠵᠠᠢ᠃