3 ᠰᠠᠷ᠎ᠠ ᠶ᠋ᠢᠨ 19 ᠤ᠋ ᠡᠳᠦᠷ᠎ᠦᠨ 11 ᠴᠠᠭ 50 ᠮᠢᠨᠦ᠋ᠲ᠎ᠦᠨ ᠦᠶ᠎ᠡ᠎ᠪᠡᠷ᠂ ᠠᠯᠠᠱᠠ ᠠᠢᠮᠠᠭ ᠤᠨ ᠬᠤᠶᠠᠷᠬᠤᠳᠳᠤᠭ ᠠᠮᠢ ᠠᠬᠤᠢ ᠶ᠋ᠢᠨ ᠨᠡᠭᠦᠳᠡᠯ ᠠᠷᠠᠳ ᠤᠨ ᠵᠢᠱ᠌ᠢᠢ᠎ᠡ ᠦᠵᠡᠭᠦᠯᠬᠦ᠌ ᠲᠤᠭᠤᠷᠢᠭ᠎ᠤᠨ ᠥᠪᠥᠷ ᠮᠣᠩᠭᠣᠯ᠎ᠤᠨ ᠯᠢ ᠶᠤᠸᠠᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠨᠢᠲ᠋ᠷᠤᠵᠢᠭᠤᠯᠬᠤ ᠦᠢᠯᠡᠳᠪᠦᠷᠢ ᠶ᠋ᠢᠨ ᠲᠠᠰᠤᠭ᠎ᠲᠤ ᠳᠡᠯᠪᠡᠷᠡᠯᠲᠡ᠎ᠶ᠋ᠢᠨ ᠡᠨᠳᠡᠯ ᠭᠠᠷᠪᠠ᠃ ᠡᠨᠳᠡᠯ ᠭᠠᠷᠤᠭ᠍ᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠣᠯᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠠᠷᠤᠢᠬᠠᠨ ᠠᠪᠤᠷᠠᠨ ᠲᠤᠰᠠᠯᠠᠬᠤ ᠡᠩᠨᠡᠭᠡ ᠶ᠋ᠢ ᠵᠣᠬᠢᠶᠠᠨ ᠪᠠᠢᠭᠤᠯᠤᠨ ᠲᠤᠬᠠᠶ ᠶ᠋ᠢᠨ ᠲᠠᠯᠠᠪᠠᠶ᠎ᠳᠤ ᠬᠦᠷᠴᠦ᠍ ᠠᠪᠤᠷᠠᠨ ᠲᠤᠰᠠᠯᠠᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠲᠡᠷᠡ ᠳᠠᠷᠤᠢ᠎ᠳᠤ᠎ᠨᠢ ᠴᠣᠬᠣᠯᠠᠪᠤᠷᠢ ᠥᠭ᠌ᠴᠡᠢ᠃
ᠸᠠᠩ ᠸᠧᠶ ᠵᠥᠩ ᠴᠣᠬᠣᠯᠠᠪᠤᠷᠢ᠎ᠳᠠᠭᠠᠨ᠂ ᠱᠢᠨᠵᠢᠯᠡᠬᠦ᠌ ᠤᠬᠠᠭᠠᠨᠴᠢ᠎ᠪᠠᠷ ᠡᠷᠢᠵᠦ᠍ ᠠᠪᠤᠷᠬᠠᠸ᠋ ᠠᠵᠢᠯ᠎ᠢ ᠳᠠᠷᠤᠶ ᠲᠦᠷᠭᠡᠨ ᠥᠷᠨᠢᠭᠦᠯᠵᠦ᠍᠂ ᠡᠭᠦᠰᠦᠮᠡᠯ ᠡᠨᠳᠡᠯ ᠭᠠᠷᠬᠤ᠎ᠡᠴᠡ ᠵᠠᠢᠯᠠᠰᠭᠢᠵᠦ᠍᠂ ᠱᠢᠷᠬᠠᠲᠤᠭ᠍ᠰᠠᠳ ᠢ ᠪᠥᠬᠥ᠌ ᠬᠦᠴᠦᠨ᠎ᠢᠶᠡᠷ᠎ᠢᠶᠡᠨ ᠠᠪᠤᠷᠠᠵᠤ᠂ ᠡᠨᠳᠡᠯ ᠱᠢᠷᠬᠠᠲᠤᠯ ᠬᠣᠬᠢᠷᠠᠯ ᠰᠦᠢᠳᠦᠯ᠎ᠢ ᠬᠠᠮᠤᠭ ᠤᠨ ᠶᠡᠬᠡ ᠬᠡᠮᠵᠢᠶ᠎ᠡ᠎ᠪᠡᠷ ᠪᠠᠭᠠᠰᠭᠠᠵᠤ᠂ ᠬᠣᠢᠲᠤᠬᠢᠲᠥᠪᠬᠢᠨᠡᠭᠦᠯᠬᠦ᠌ ᠶᠠᠪᠤᠳᠠᠯ ᠢ᠋ ᠲᠣᠬᠢᠲᠠᠶ ᠰᠠᠢᠲᠤᠷ ᠬᠢᠬᠦ ᠬᠡᠷᠡᠭ᠌ᠲᠡᠶ᠃ ᠠᠳᠠᠯ ᠤᠨ ᠱᠢᠯᠲᠠᠭᠠᠨ ᠢ ᠲᠤᠢᠯᠪᠤᠷᠢᠲᠠᠶ ᠪᠠᠢᠴᠠᠭᠠᠵᠤ᠂ ᠨᠢᠭᠡ ᠡᠴᠡ ᠨᠥᠭᠥᠭᠡ ᠶ᠋ᠢ ᠵᠦᠶ᠋ᠴᠢᠯᠡᠨ ᠮᠡᠳᠡᠵᠦ᠍᠂ ᠲᠤᠤᠷᠵᠢᠭᠤᠯᠬᠤ ᠮᠠᠶᠢᠭ᠎ᠤᠨ ᠠᠶᠤᠯᠭᠦᠶ ᠦᠶ᠋ᠯᠡᠳᠪᠦᠷᠢᠯᠡᠯ᠎ᠦᠨ ᠵᠢᠭ᠍ᠰᠠᠭᠠᠨ ᠪᠠᠢᠴᠠᠭᠠᠯᠲᠠ ᠴᠡᠭ᠌ᠴᠡᠯᠡᠨ ᠵᠠᠰᠠᠯᠲᠠ᠎ᠶ᠋ᠢ ᠦᠳᠲᠡᠷ ᠲᠦᠷᠭᠡᠨ ᠥᠷᠨᠢᠭᠦᠯᠵᠦ᠍᠂ ᠠᠶᠤᠯ ᠶᠡᠬᠡᠲᠡᠶ ᠤᠷ᠎ᠡ ᠮᠡᠷᠭᠡᠵᠢᠯ᠂ ᠠᠶᠤᠯᠲᠠᠶ ᠬᠢᠮᠢ᠎ᠶ᠋ᠢᠨ ᠪᠣᠳᠠᠰ᠂ ᠣᠨᠴᠠ ᠲᠥᠷᠥᠯ᠎ᠦᠨ ᠲᠥᠬᠥᠭᠡᠷᠦᠮᠵᠢ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠭᠤᠤᠯᠳᠠᠯᠭ᠎ᠠ᠎ᠲᠠᠶ ᠠᠩᠬᠠᠷᠤᠨ ᠰᠡᠷᠭᠡᠢᠯᠡᠵᠦ᠍᠂ ᠠᠯᠳᠠᠰᠢ ᠭᠠᠷᠬᠤ᠎ᠶ᠋ᠢ ᠡᠷᠡᠰ ᠬᠣᠷᠢᠭ᠍ᠯᠠᠵᠤ᠂ ᠬᠡᠮ ᠰᠣᠭᠣᠭ᠎ᠢ ᠠᠷᠢᠯᠭᠠᠵᠤ᠂ ᠡᠢᠮᠦᠷᠬᠦᠦ ᠠᠳᠠᠯ ᠳᠠᠬᠢᠨᠲᠠ ᠡᠭᠦᠰᠭᠦ᠎ᠶ᠋ᠢ ᠡᠷᠡᠰ ᠰᠡᠷᠭᠡᠢᠯᠡᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠱᠠᠭᠠᠷᠳᠠᠪᠠ᠃
ᠪᠦᠦ ᠭᠠᠩ ᠴᠣᠬᠣᠯᠠᠪᠤᠷᠢ᠎ᠳᠠᠭᠠᠨ᠂ ᠡᠨᠳᠡᠯ᠎ᠢ ᠪᠠᠢᠴᠠᠭᠠᠬᠤ᠂ ᠱᠢᠷᠬᠠᠲᠤᠭ᠍ᠰᠠᠳ᠎ᠢ ᠠᠪᠤᠷᠠᠨ ᠡᠮᠨᠡᠬᠦ ᠪᠠ ᠳᠠᠷᠠᠭᠠᠴᠢ᠎ᠶ᠋ᠢᠨ ᠱᠢᠢᠳᠪᠦᠷᠢᠯᠡᠬᠦ᠌ ᠠᠵᠢᠯ᠎ᠢ ᠰᠠᠢᠲᠤᠷ ᠬᠢᠵᠦ᠍᠂ ᠡᠭᠦᠰᠦᠮᠡᠯ ᠡᠨᠳᠡᠯ ᠭᠠᠷᠬᠤ᠎ᠶ᠋ᠢ ᠴᠢᠩᠭ᠎ᠠ ᠰᠡᠷᠭᠡᠢᠯᠡᠬᠦ᠌ ᠬᠡᠷᠡᠭᠲᠡᠢ ᠭᠡᠵᠦ ᠱᠠᠭᠠᠷᠳᠠᠭᠰᠠᠨᠤ ᠬᠠᠮᠲᠤ ᠡᠨᠳᠡᠯ ᠦᠨ ᠲᠤᠬᠠᠢ᠎ᠶ᠋ᠢᠨ ᠲᠠᠯᠠᠪᠠᠢ᠎ᠳᠤ ᠪᠠᠴᠢᠮ ᠬᠦᠷᠴᠦ᠍ ᠠᠪᠤᠷᠠᠨ ᠲᠤᠰᠠᠯᠠᠬᠤ ᠠᠵᠢᠯ ᠢ ᠵᠢᠭᠠᠨ ᠵᠢᠯᠣᠭᠣᠳᠴᠠᠢ᠃