ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠶ᠋ᠢ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠪᠣᠯᠭᠠᠰᠤᠭᠠᠢ
2026-03-20 09:30:53
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

 —  ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠨᠢᠭᠡᠨᠲᠡ ᠦᠭᠦᠯᠡᠭᠦ ᠨᠢ

   

ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ ᠪᠣᠯ ᠵᠠᠰᠠᠭ ᠪᠠᠷᠢᠬᠤ ᠵᠢᠨ ᠶᠣᠰᠣ ᠰᠤᠷᠲᠠᠬᠤᠨ᠂ ᠵᠠᠰᠠᠭ᠎ᠤᠨ ᠠᠵᠢᠯ ᠬᠢᠬᠦ ᠵᠢᠨ ᠶᠡᠬᠡ ᠶᠣᠰᠣ᠂ ᠵᠠᠰᠠᠭ ᠶᠠᠪᠤᠭᠤᠯᠬᠤ᠎ᠶ᠋ᠢᠨ ᠭᠤᠤᠯᠳᠠᠯᠭ᠎ᠠ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠦ᠂ ᠨᠠᠮ ᠎ᠤᠨ ᠲᠥᠪ ᠬᠣᠷᠢᠢ᠎ᠠ᠎ᠡᠴᠡ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠦᠷᠨᠢᠭᠦᠯᠬᠦ ᠵᠢ ᠪᠠᠢᠷᠢᠯᠠᠭᠤᠯᠤᠭᠰᠠᠨ ᠨᠢ ᠨᠠᠮ ᠪᠠ ᠤᠯᠤᠰ᠎ᠤᠨ ᠠᠵᠢᠯ ᠦᠢᠯᠡᠰ ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠳᠤᠮᠳᠠᠳᠤ ᠤᠯᠤᠰ ᠎ᠤᠨ ᠮᠠᠶᠢᠭ ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ ᠎ᠤᠨ ᠪᠦᠳᠦᠭᠡᠨ ᠪᠠᠢᠭᠤᠯᠤᠯᠲᠠ ᠪᠠ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠲᠤᠢᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃

ᠵᠠᠰᠠᠭ᠎ᠤᠨ ᠠᠵᠢᠯ ᠎ᠤᠨ ᠪᠦᠲᠦᠮᠵᠢ᠎ᠶ᠋ᠢᠨ ᠦᠵᠡᠯᠲᠡ ᠪᠣᠯ ᠬᠠᠭᠤᠴᠢᠨ ᠰᠡᠳᠦᠪ ᠪᠤᠯᠤᠨ᠎ᠠ᠂ ᠶᠠᠭᠤᠨ᠎ᠳᠤ ᠤᠳᠤ ᠳᠠᠬᠢᠨ ᠳᠠᠪᠲᠠᠨ ᠳᠤᠷᠠᠳᠴᠤ᠌᠂ ᠭᠣᠣᠯᠳᠠᠯᠭ᠎ᠠ᠎ᠲᠠᠶ ᠳᠤᠷᠠᠳᠤᠭᠰᠠᠨ ᠪᠤᠢ? ᠪᠦᠬᠦ᠌ ᠤᠯᠤᠰ᠎ᠤᠨ ᠬᠡᠪᠴᠢᠶᠡᠨ ᠡᠴᠡ ᠦᠵᠡᠪᠡᠯ᠂ ᠡᠨᠡ ᠵᠢᠯ ᠪᠣᠯ  《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠮᠥᠨ᠂ ᠲᠥᠯᠥᠪᠵᠢᠭᠦᠯᠭᠡ ᠲᠣᠭ᠍ᠲᠠᠭᠠᠬᠤ ᠪᠠ ᠪᠠᠢᠷᠢᠯᠠᠭᠤᠯᠵᠦ ᠬᠡᠷᠡᠭ᠌ᠵᠢᠭᠦᠯᠬᠦ᠌᠎ᠳᠡᠭᠡᠨ ᠴᠥᠮ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠲᠡᠶ ᠪᠠᠢᠬᠤ ᠬᠡᠷᠡᠭ᠌ᠲᠡᠢ᠃ ᠲᠠᠬᠢᠭᠠᠳ ᠥᠪᠥᠷ ᠮᠣᠩᠭᠣᠯ᠎ᠤᠨ ᠬᠡᠪᠴᠢᠶᠡᠨ ᠡᠴᠡ ᠦᠵᠡᠪᠡᠯ᠂ ᠣᠳᠣᠬᠠᠨ᠎ᠳᠤ ᠶᠠᠭ ᠡᠷᠡᠰ ᠭᠤᠢᠪᠢᠰᠢ ᠦᠭᠡᠢ ᠪᠡᠷ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ᠂ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠤᠷᠢᠶ᠎ᠠ ᠵᠢᠨ  《1571》 ᠠᠵᠢᠯ ᠎ᠤᠨ ᠪᠠᠢᠷᠢᠯᠠᠭᠤᠯᠤᠯᠲᠠ᠎ᠪᠠᠷ ᠵᠢᠯᠤᠭᠤᠳᠤᠯᠭ᠎ᠠ ᠪᠣᠯᠭᠠᠵᠤ᠂ ᠥᠪᠥᠷ ᠮᠣᠩᠭᠣᠯ ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ ᠪᠠᠢᠨ᠎ᠠ᠂ ᠵᠠᠩᠭᠢᠯᠠᠭ᠎ᠠ᠎ᠶ᠋ᠢᠨ ᠴᠠᠭ ᠦᠶ᠎ᠡ ᠪᠣᠯᠬᠤ ᠲᠤᠳᠤᠮ᠂ ᠬᠠᠷᠢᠭᠤᠴᠠᠯᠭ᠎ᠠ ᠬᠡᠳᠦᠢ ᠬᠦᠨᠳᠦ ᠪᠣᠯᠬᠤ ᠲᠤᠳᠤᠮ᠂ ᠨᠡᠩ ᠢᠯᠡᠭᠦᠦ  ᠨᠠᠮ᠎ᠤᠨ ᠤᠬ ᠰᠠᠨᠠᠭ᠎ᠠ᠎ᠪᠠᠷ ᠦᠨᠳᠦᠰᠦ ᠪᠣᠯᠭᠠᠵᠤ᠂ ᠨᠠᠮ᠎ᠤᠨ ᠡᠭᠦᠷᠭᠡ ᠬᠠᠷᠢᠭᠤᠴᠠᠯᠭ᠎ᠠ᠎ᠪᠠᠷ ᠠᠮᠢ ᠨᠠᠰᠤ ᠪᠡᠨ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ  ᠵᠦᠪ ᠦᠵᠡᠯᠲᠡ᠎ᠶ᠋ᠢ ᠰᠡᠳᠭᠢᠯ᠎ᠳᠡᠭᠡᠨ ᠬᠠᠳᠠᠩᠱᠢᠭᠤᠯᠵᠤ᠂ ᠠᠵᠢᠯᠯᠠᠭ᠎ᠠ ᠳᠡᠭᠡᠷ᠎ᠡ᠎ᠪᠡᠨ ᠨᠠᠢᠳᠠᠪᠤᠷᠢᠵᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠎ᠪᠠᠷ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ ᠬᠡᠷᠡᠭ᠌ᠲᠡᠢ᠃

ᠵᠠᠰᠠᠭ᠎ᠤᠨ ᠠᠵᠢᠯ᠎ᠤᠨ ᠪᠦᠲᠦᠮᠵᠢ᠎ᠶ᠋ᠢ ᠬᠡᠨ᠎ᠦ ᠲᠥᠯᠥᠭᠡ ᠪᠤᠢ ᠪᠣᠯᠭᠠᠬᠤ ᠪᠣᠯ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠎ᠶ᠋ᠢᠨ ᠲᠡᠷᠢᠭᠦᠨ ᠴᠢᠬᠤᠯᠠ ᠠᠰᠠᠭᠤᠳᠠᠯ ᠮᠥᠨ᠃ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ ᠪᠣᠯᠤᠭ᠍ᠰᠠᠨ ᠎ᠤ ᠬᠤᠪᠢ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦ ᠰᠠᠭᠤᠷᠢ ᠨᠢ ᠠᠷᠠᠳ ᠲᠦᠮᠡᠨ᠎ᠳᠦ ᠪᠤᠢ᠂ ᠠᠮᠢᠨ ᠰᠤᠳᠠᠰᠤ ᠨᠢ ᠠᠷᠠᠳ ᠲᠦᠮᠡᠨ᠎ᠳᠦ ᠪᠤᠢ᠂ ᠬᠦᠴᠦᠨ ᠴᠢᠳᠠᠯ ᠨᠢ ᠠᠷᠠᠳ ᠲᠦᠮᠡᠨ᠎ᠳᠦ ᠪᠤᠢ᠂ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠱᠢᠨᠵᠢ ᠴᠢᠨᠠᠷ ᠵᠣᠷᠢᠯᠲᠠ ᠨᠢ ᠡᠪ ᠬᠠᠮᠲᠤᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠨᠢ ᠵᠠᠢᠯᠠᠰᠢ ᠦᠭᠡᠢ ᠠᠷᠠᠳ ᠲᠦᠮᠡᠨ᠎ᠢᠶᠡᠷ ᠭᠣᠣᠯ ᠪᠣᠯᠭᠠᠬᠤ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠪᠤᠯᠤᠨ᠎ᠠ ᠭᠡᠳᠡᠭ᠎ᠢ ᠲᠣᠭ᠍ᠲᠠᠭᠠᠪᠠ᠃ 《ᠬᠤᠪᠢᠨᠴᠢᠷ ᠪᠤᠳᠤᠯ᠎ᠦᠯᠦ ᠡᠪᠦᠷᠯᠡᠨ ᠬᠤᠪᠢᠰᠭᠠᠯ ᠬᠢᠵᠦ᠂ ᠨᠢᠭᠡ ᠰᠡᠳᠭᠢᠯ ᠨᠢᠭᠡ ᠵᠣᠷᠢᠭ᠎ᠢᠶᠠᠷ ᠠᠷᠠᠳ ᠲᠦᠮᠡᠨ᠎ᠦ ᠲᠥᠯᠥᠭᠡ ᠵᠢᠳᠬᠦᠭᠰᠡᠨ》  ᠭᠦ᠋ ᠸᠸᠨ ᠴᠠᠩ᠂ 《ᠰᠡᠳᠭᠢᠯ ᠎ᠳᠡᠭᠡᠨ ᠪᠦᠬᠦ᠌ ᠠᠷᠠᠳ ᠲᠦᠮᠡᠨ᠎ᠢ ᠪᠤᠳᠤᠵᠤ᠂ ᠭᠠᠭ᠍ᠴᠠ ᠬᠦ᠌ ᠥᠪᠡᠷ᠎ᠦᠨ ᠪᠡᠶ᠎ᠡ᠎ᠪᠡᠨ ᠤᠮᠠᠷᠳᠠᠭᠰᠠᠨ》 ᠵᠢᠶᠤᠤ ᠢᠦᠢ ᠯᠦ᠍᠂ 《ᠠᠮᠢ ᠨᠠᠰᠤ ᠳᠠᠭᠤᠰᠭᠤ ᠦᠭᠡᠢ ᠯᠡ ᠶᠤᠮ ᠪᠣᠯ᠂ ᠠᠷᠠᠳ ᠲᠦᠮᠡᠨ᠎ᠳᠦ ᠦᠢᠯᠡᠴᠢᠯᠡᠬᠦ᠌᠎ᠪᠡᠨ ᠵᠣᠭ᠍ᠰᠣᠬᠤ ᠦᠭᠡᠢ》 ᠶᠠᠩ ᠱᠠᠨ ᠵᠧᠦ᠂ 《ᠠᠷᠠᠳ ᠲᠦᠮᠡᠨ᠎ᠲᠡᠶ ᠬᠠᠮᠲᠤ ᠨᠢᠭᠡ ᠰᠠᠨᠳᠠᠯᠢ ᠳᠡᠭᠡᠷ᠎ᠡ ᠰᠠᠭᠤᠵᠤ ᠶᠠᠪᠤᠭᠰᠠᠨ》 ᠯᠢᠶᠣᠤ ᠵᠢᠶᠦ᠋ᠨ ᠪᠥᠸᠧ ᠁ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ ᠎ᠦ ᠲᠥᠯᠥᠭᠡ ᠪᠠᠢᠭᠤᠯᠤᠭᠳᠠᠵᠤ᠂ ᠠᠷᠠᠳ ᠲᠦᠮᠡᠨ᠎ᠦ ᠬᠦᠴᠦ ᠪᠡᠷ ᠮᠠᠨᠳᠤᠵᠤ᠂ ᠨᠠᠮ᠎ᠤᠨ ᠠᠯᠢᠪᠠ ᠲᠡᠮᠡᠴᠡᠯ ᠪᠣᠯ ᠴᠥᠮ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠰᠠᠢᠲᠤᠷ ᠪᠡᠶᠡᠯᠡᠭᠦᠯᠵᠦ᠂ ᠰᠠᠢᠲᠤᠷ ᠬᠠᠮᠠᠭᠠᠯᠠᠵᠤ᠂ ᠰᠠᠢᠲᠤᠷ ᠬᠥᠭᠵᠢᠭᠦᠯᠬᠦ᠎ᠶᠢᠨ ᠲᠥᠯᠥᠭᠡ ᠶᠤᠮ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠦ ᠲᠡᠮᠡᠴᠡᠬᠦ ᠬᠠᠷᠠᠯᠲᠠ ᠮᠥᠨ ᠭᠡᠳᠡᠭ᠎ᠢ ᠦᠢ ᠤᠯᠠᠨ ᠡᠪ ᠬᠠᠮᠲᠤᠴᠤᠳ ᠴᠢᠩ ᠦᠨᠡᠨᠴᠢ ᠰᠡᠳᠬᠢᠯ᠂ ᠦᠢᠯᠡᠳᠦᠯᠭᠡ᠎ᠪᠠᠷ᠎ᠢᠶᠠᠨ ᠳᠡᠯᠡᠬᠡᠢ ᠳ᠋ᠠᠬᠢᠨ᠎ᠤ ᠬᠥᠮᠥᠰ᠎ᠲᠦ ᠬᠡᠯᠡᠵᠦ ᠥᠭᠴᠡᠢ᠃

ᠠᠷᠠᠳ᠎ᠤᠨ ᠰᠡᠳᠬᠢᠯ ᠪᠣᠯ ᠬᠠᠮᠤᠭ ᠎ᠤᠨ ᠶᠡᠬᠡ ᠤᠯᠤᠰ ᠲᠦᠷᠦ ᠮᠥᠨ᠂ ᠠᠷᠠᠳ ᠲᠦᠮᠡᠨ᠎ᠳᠦ ᠪᠤᠶᠠᠨ ᠦᠢᠯᠡᠳᠬᠦ ᠪᠣᠯ ᠬᠠᠮᠤᠭ ᠎ᠤᠨ ᠶᠡᠬᠡ ᠵᠠᠰᠠᠭ ᠎ᠤᠨ ᠠᠵᠢᠯ᠎ᠤᠨ ᠪᠦᠲᠦᠮᠵᠢ ᠮᠥᠨ᠃ ᠥᠨᠥᠳᠥᠷ 《ᠠᠷᠪᠠᠨ ᠲᠠᠪᠤᠳᠤᠭᠠᠷ ᠲᠠᠪᠤᠨ ᠵᠢᠯ》 ᠨᠢᠭᠡᠨᠲᠡ ᠡᠬᠢᠯᠡᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠪᠦᠲᠦᠭᠡᠨ ᠪᠠᠢᠭᠤᠯᠤᠯᠲᠠ ᠦᠷᠨᠢᠨ ᠬᠥᠭᠵᠢᠵᠦ᠂ ᠣᠯᠠᠨ ᠲᠦᠮᠡᠨ᠎ᠦ ᠬᠡᠷᠡᠭᠴᠡᠭᠡ ᠡᠳᠦᠷ ᠢᠷᠡᠬᠦᠶ᠎ᠡ ᠣᠯᠠᠨ ᠶᠠᠩᠵᠤ᠎ᠶᠢᠨ ᠪᠣᠯᠵᠤ ᠪᠤᠢ᠂ ᠡᠨᠡ ᠬᠦ᠌ ᠪᠠᠢᠳᠠᠯ ᠳᠤᠤᠷ᠎ᠠ᠂ ᠨᠠᠮ᠎ᠤᠨ ᠭᠡᠰᠢᠭᠦᠨ ᠺᠠᠳ᠋ᠷᠴᠤᠳ 《ᠬᠡᠷᠡᠭᠴᠡᠭᠡ᠎ᠶᠢ ᠠᠰᠠᠭᠤᠬᠤ》 ᠪᠡᠷ ᠦᠨᠳᠦᠰᠦᠨ ᠪᠣᠯᠪᠠᠰᠤᠷᠠᠯ ᠪᠣᠯᠭᠠᠵᠤ᠂ ᠠᠷᠠᠳ ᠲᠦᠮᠡᠨ ᠎ᠢ ᠢᠮᠠᠭᠲᠠ 《ᠭᠤᠤᠯ ᠪᠠᠢᠷᠢ》 ᠳ᠋ᠤ᠌ ᠲᠠᠯᠪᠢᠵᠤ᠂ ᠨᠡᠩ ᠤᠯᠠᠨ ᠮᠡᠳᠡᠷᠡᠵᠤ ᠬᠦᠷᠲᠡᠵᠤ  ᠪᠣᠯᠬᠤᠢᠴᠠ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠣᠨ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ᠎ᠪᠠᠷ ᠨᠠᠮ᠎ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠡᠴᠡ ᠵᠢᠷᠤᠭᠯᠠᠭᠰᠠᠨ ᠠᠷᠠᠳ ᠎ᠤᠨ ᠠᠮᠢᠳᠤᠷᠠᠯ᠎ᠤᠨ ᠬᠥᠭᠵᠢᠯᠲᠡ᠎ᠶᠢᠨ ᠰᠢᠨ᠎ᠡ ᠵᠢᠷᠤᠭ ᠲᠥᠰᠥᠪ ᠎ᠢ ᠪᠣᠳᠠᠲᠦ ᠪᠠᠷᠢᠯᠭ᠎ᠠ᠎ᠶᠢᠨ ᠵᠢᠷᠤᠭ ᠪᠣᠯᠭᠠᠨ ᠨᠠᠷᠢᠯᠢᠭ᠍ᠵᠢᠭᠤᠯᠤᠨ᠂ ᠤᠯᠠᠨ ᠲᠦᠮᠡᠨ᠎ᠦ ᠴᠢᠷᠠᠢ᠎ᠳᠠᠬᠢ ᠴᠢᠩ ᠦᠨᠡᠨᠴᠢ ᠢᠨᠢᠶᠡᠮᠰᠦᠭᠯᠡᠯ ᠪᠣᠯᠭᠠᠨ ᠬᠤᠪᠢᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ᠎ᠪᠡᠷ ᠠᠷᠠᠳ᠎ᠲᠤ ᠪᠤᠶᠠᠨ ᠦᠢᠯᠡᠳᠴᠦ᠂ ᠠᠷᠠᠳ᠎ᠤᠨ ᠢᠲᠡᠭᠡᠯ᠎ᠢ ᠣᠯᠬᠤ ᠬᠡᠷᠡᠭᠲᠡᠢ᠃ ᠡᠰᠡᠷᠭᠦ᠎ᠪᠡᠷ᠂ ᠬᠡᠷᠪᠡ 《ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》 ᠡᠨᠡ ᠬᠦ᠌ ᠵᠥᠪ ᠴᠢᠭᠯᠡᠯ᠎ᠡᠴᠡ ᠰᠠᠯᠵᠤ᠂ 《ᠬᠡᠨ᠎ᠦ ᠲᠥᠯᠥᠭᠡ》 ᠭᠡᠬᠦ ᠡᠨᠡ ᠬᠦ᠌ ᠦᠨᠳᠦᠰᠦᠨ ᠠᠰᠠᠭᠤᠳᠠᠯ᠎ᠢ ᠮᠠᠷᠲᠠᠪᠠᠯ᠂ ᠮᠠᠨ᠎ᠤ ᠬᠢᠭᠰᠡᠨ ᠠᠯᠢᠪᠠ ᠠᠵᠢᠯ ᠴᠥᠮ ᠤᠳᠬ᠎ᠠ ᠠᠭᠤᠯᠭ᠎ᠠ ᠦᠭᠡᠢ ᠪᠣᠯᠣᠨ᠎ᠠ᠃

 ᠰᠡᠳᠬᠢᠯ᠎ᠵᠢᠷᠦᠬᠡᠨ᠎ᠳᠦ ᠠᠷᠠᠳ ᠲᠦᠮᠡᠨ ᠪᠠᠢᠪᠠᠯ ᠰᠠᠶᠢ ᠵᠠᠰᠠᠭ᠎ᠤᠨ ᠠᠵᠢᠯ᠎ᠤᠨ ᠪᠦᠲᠦᠮᠵᠢ ᠵᠢ ᠣᠯᠵᠤ᠂ ᠦᠢᠯᠡ ᠠᠵᠢᠯᠯᠠᠭ᠎ᠠ᠎ᠵᠢᠨ ᠲᠠᠯ᠎ᠡ ᠪᠡᠷ ᠰᠢᠨᠲᠠᠷᠠᠰᠢ ᠦᠭᠡᠢ ᠴᠢᠷᠮᠠᠢᠪᠠᠯ ᠰᠠᠶᠢ ᠪᠣᠳᠠᠲᠤ ᠠᠮᠵᠢᠯᠲᠠ᠎ᠶᠢ ᠭᠠᠷᠭᠠᠵᠤ ᠴᠢᠳᠠᠨ᠎ᠠ᠃ 《ᠮᠠᠨ ᠎ᠤ ᠬᠠᠷᠠᠯᠲᠠ ᠪᠣᠯ ᠮᠠᠰᠢ ᠠᠤᠭ᠎ᠠ ᠶᠡᠬᠡ ᠪᠥᠭᠡᠳ ᠮᠠᠰᠢ ᠡᠭᠡᠯ ᠪᠣᠷᠣᠭᠵᠢᠭᠤᠨ ᠶᠤᠮ᠂ ᠡᠴᠦᠰ᠎ᠦᠨ ᠡᠴᠦᠰ᠎ᠲᠡᠬᠡᠨ ᠠᠷᠠᠳ ᠲᠦᠮᠡᠨ᠎ᠢ ᠨᠡᠩ ᠰᠠᠢᠨ ᠰᠠᠢᠬᠠᠨ ᠠᠮᠢᠳᠤᠷᠠᠭᠤᠯᠬᠤ ᠶᠠᠪᠤᠳᠠᠯ ᠮᠦᠨ》᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠡᠷ ᠠᠵᠠ ᠲᠣᠬᠢᠶᠠᠯ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠴᠢᠨᠠᠭᠰᠢᠳᠠ ᠪᠤᠢ ᠪᠣᠯᠭᠠᠨ ᠦᠢᠯᠡᠳᠦᠯᠭᠡᠵᠢᠭᠦᠯᠵᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ ᠎ᠶᠢ ᠨᠡᠪᠲᠡᠷᠬᠡᠢ ᠣᠢᠯᠠᠭᠠᠵᠤ᠂ ᠠᠷᠠᠳ ᠲᠦᠮᠡᠨ᠎ᠤ ᠰᠡᠳᠬᠢᠯ᠎ᠤᠨ ᠳᠠᠭᠤᠨ᠎ᠢ ᠤᠨᠤᠪᠴᠢᠳᠠᠢ ᠤᠢᠯᠠᠭᠠᠨ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠥᠭᠵᠢᠯᠲᠡ᠎ᠶᠢᠨ ᠦᠷ᠎ᠡ ᠪᠦᠲᠦᠭᠡᠯ᠎ᠢ ᠲᠦᠭ ᠲᠦᠮᠡᠨ ᠠᠢᠯ ᠡᠷᠦᠬᠡ᠎ᠳᠦ ᠬᠦᠷᠲᠡᠭᠡᠪᠡᠯ᠂ ᠠᠵᠢᠯ ᠰᠠᠶᠢ ᠪᠣᠳᠠᠲᠠᠢ᠎ᠳᠤ ᠨᠠᠢᠳᠠᠪᠤᠷᠢᠵᠢᠵᠤ᠂ ᠵᠠᠰᠠᠭ᠎ᠤᠨ ᠠᠵᠢᠯ᠎ᠤᠨ ᠪᠦᠲᠦᠮᠵᠢ ᠰᠠᠶᠢ ᠬᠠᠮᠤᠭ᠎ᠤᠨ ᠪᠠᠲᠤ ᠰᠠᠭᠤᠷᠢ᠎ᠲᠠᠢ ᠪᠣᠯᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号