ᠠᠯᠲᠠᠨᠳᠠᠯᠠᠢ ᠭᠡᠱᠢᠭᠦᠨ᠄ ᠨᠠᠮ᠎ᠤᠨ ᠳᠠᠭᠤᠨ ᠪᠠ ᠬᠠᠯᠠᠮᠵᠢᠯᠠᠯ᠎ᠢ ᠤᠷᠠᠯᠢᠭ᠎ᠤᠨ ᠬᠡᠯᠪᠡᠷᠢ᠎ᠪᠡᠷ ᠳᠠᠮᠵᠢᠭᠤᠯᠤᠨ᠎ᠠ
2026-03-20 09:35:38
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 13 ᠎ᠤ᠋ ᠡᠳᠦᠷ᠎ᠦᠨ ᠦᠳᠡ᠎ᠶ᠋ᠢᠨ ᠬᠣᠢᠨ᠎ᠠ᠂ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠲᠤ ᠬᠠᠪᠤᠷ᠎ᠤᠨ ᠤᠷᠢ ᠨᠠᠭᠠᠰᠢᠯᠠᠵᠦ ᠡᠬᠢᠯᠡᠪᠡ᠃ ᠰᠠᠶᠢᠬᠠᠨ ᠪᠦᠬᠦ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠣᠱᠢᠭᠤᠨ᠎ᠤ ᠤᠯᠠᠭᠠᠨᠮᠥ᠋ᠴᠢᠷ᠎ᠦᠨ ᠳᠠᠷᠤᠭ᠎ᠠ ᠠᠯᠲᠠᠨᠳᠠᠯᠠᠢ ᠨᠤᠲᠤᠭ᠎ᠲᠠᠭᠠᠨ ᠪᠤᠴᠠᠭ᠍ᠰᠠᠨ ᠎ᠤ ᠳᠠᠷᠠᠭ᠎ᠠ᠂  ᠤᠯᠠᠭᠠᠨᠮᠥ᠋ᠴᠢᠷ᠎ᠦᠨ ᠪᠣᠯᠪᠠᠰᠤᠷᠠᠯ᠎ᠤᠨ ᠲᠢᠩᠬᠢᠮ ᠎ᠢᠶᠡᠨ ᠰᠢᠭᠤᠳ ᠴᠢᠭᠯᠡᠪᠡ᠃ ᠳᠡᠭᠦᠨ᠎ᠢ ᠬᠦᠷᠴᠦ ᠤᠴᠢᠬᠤ᠎ᠳᠦ ᠲᠢᠩᠬᠢᠮ᠎ᠳᠦ ᠬᠥᠭ᠌ᠵᠢᠮ ᠎ᠦᠨ ᠠᠶᠠᠰ ᠬᠠᠩᠭᠢᠨᠠᠵᠤ᠂ ᠭᠡᠱᠢᠭᠦᠳ ᠶᠠᠭ ᠬᠠᠪᠤᠷ᠎ᠤᠨ ᠤᠯᠠᠷᠢᠯ᠎ᠳᠤ ᠬᠥᠳᠡᠭᠡ ᠪᠠᠭᠤᠵᠤ ᠲᠣᠭ᠍ᠯᠠᠯᠲᠠ ᠭᠠᠷᠭᠠᠬᠤ ᠭᠡᠮᠡᠨ ᠶᠠᠭᠠᠷᠠᠯᠲᠠᠢ ᠪᠣᠯᠪᠠᠰᠤᠷᠠᠵᠤ ᠪᠠᠢᠯ᠎ᠠ᠃ ᠠᠯᠲᠠᠨᠳᠠᠯᠠᠢ ᠵᠢᠨ ᠤᠷᠤᠵᠤ ᠢᠷᠠᠬᠦ ᠪᠠᠷ ᠪᠣᠯᠪᠠᠰᠤᠷᠠᠯ ᠲᠦᠷ ᠵᠣᠭ᠍ᠰᠣᠵᠤ᠂ ᠤᠯᠠᠭᠠᠨᠮᠥ᠋ᠴᠢᠷ᠎ᠦᠨ ᠭᠡᠱᠢᠭᠦᠳ ᠳᠡᠭᠦᠨ᠎ᠤ ᠵᠦᠭ ᠬᠦᠷᠢᠶᠡᠯᠡᠨ ᠢᠷᠡᠵᠦ᠍᠂ ᠪᠦᠬᠦ᠌ ᠤᠯᠤᠰ ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠬᠤᠷᠠᠯ ᠡᠨᠡ᠎ᠬᠦ ᠤᠷᠠᠯᠢᠭ᠎ᠤᠨ ᠠᠭᠤᠷ ᠠᠮᠢᠰᠭᠤᠯ᠎ᠢᠶᠠᠷ ᠪᠢᠯᠬᠠᠭ᠍ᠰᠠᠨ 《ᠭᠡᠷ ᠪᠦᠯᠢ》 ᠎ᠳᠤ ᠵᠢᠩᠬᠢᠨᠢ᠎ᠪᠡᠷ ᠡᠬᠢᠯᠡᠪᠡ᠃

ᠠᠯᠲᠠᠨᠳᠠᠯᠠᠢ ᠥᠪᠡᠷ ᠎ᠦᠨ ᠬᠣᠶᠠᠷ ᠬᠤᠷᠠᠯ ᠎ᠳᠤ ᠤᠷᠤᠯᠴᠠᠭᠠᠳ ᠦᠵᠡᠭ᠌ᠰᠡᠨ᠂ ᠰᠣᠨᠣᠰᠤᠭ᠍ᠰᠠᠨ᠂ ᠲᠦᠷᠦᠭ᠌ᠳᠡᠭᠰᠡᠨ ᠵᠦᠢᠯ᠎ᠲᠡᠶ᠎ᠪᠡᠨ ᠤᠶᠠᠯᠳᠤᠭᠤᠯᠤᠨ᠂ ᠭᠡᠱᠢᠭᠦᠳ᠎ᠲᠦ ᠬᠣᠶᠠᠷ ᠬᠤᠷᠠᠯ᠎ᠤᠨ ᠵᠣᠷᠢᠭ ᠰᠠᠨᠠᠭ᠎ᠠ ᠎ᠶ᠋ᠢ ᠠᠮᠢᠳᠤᠯᠢᠭ ᠵᠢᠡᠷ ᠳᠠᠮᠵᠢᠭᠤᠯᠪᠠ᠃ ᠲᠡᠷᠡ ᠤᠬᠠᠭᠤᠯᠤᠨ ᠲᠠᠢᠯᠪᠤᠷᠢᠯᠠᠬᠤ᠎ᠳᠠᠭᠠᠨ ᠤᠯᠠᠭᠠᠨᠮᠥ᠋ᠴᠢᠷ᠎ᠦᠨ ᠪᠣᠳᠠᠲᠤ ᠪᠠᠢᠳᠠᠯ ᠲᠠᠢ ᠨᠢᠭᠳᠠ ᠤᠶᠠᠯᠳᠤᠭᠤᠯᠤᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠴᠢᠨᠠᠷ ᠰᠠᠢᠲᠠᠢ ᠬᠥᠭ᠌ᠵᠢᠯᠲᠡ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ᠎ᠤ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡ᠎ᠶ᠋ᠢ ᠴᠢᠩᠭᠠᠳᠭᠠᠬᠤ᠂ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠠᠭᠤᠯᠭ᠎ᠠ᠎ᠶ᠋ᠢ ᠭᠣᠣᠯᠳᠠᠯᠭ᠎ᠠ᠎ᠲᠠᠶ ᠲᠠᠢᠯᠪᠤᠷᠢᠯᠠᠪᠠ᠃

《ᠬᠣᠢᠱᠢᠳᠠ᠂ ᠪᠢᠳᠡ ᠪᠣᠳᠠᠲᠤ ᠠᠵᠢᠯᠯᠠᠭ᠎ᠠ᠎ᠪᠠᠷ᠎ᠢᠶᠠᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠰᠠᠢᠨ ᠲᠥᠷᠥ᠎ᠶ᠋ᠢᠨ ᠪᠣᠳᠣᠯᠭ᠎ᠠ᠎ᠶ᠋ᠢ ᠮᠠᠯᠴᠢᠳ᠎ᠤᠨ ᠣᠢᠯᠠᠭᠠᠵᠤ ᠳᠡᠢᠯᠬᠦ᠂ ᠦᠵᠡᠬᠦ᠌ ᠳᠤᠷᠠᠲᠠᠶ ᠲᠤᠭᠯᠠᠯᠳᠠ ᠪᠣᠯᠭᠠᠨ ᠬᠤᠪᠢᠷᠠᠭᠤᠯᠵᠤ᠂ ᠮᠣᠩᠭᠣᠯ ᠬᠡᠷ ᠪᠤᠯᠭᠠᠨ᠎ᠳᠦ ᠬᠦᠷᠴᠦ᠍᠂ ᠮᠠᠯᠴᠢᠨ ᠲᠠᠷᠢᠶᠠᠴᠢᠨ ᠨᠢᠭᠡᠪᠦᠷᠢ᠎ᠳᠦ ᠳᠠᠮᠵᠢᠭᠤᠯᠬᠤ ᠬᠡᠷᠡᠭᠳᠡᠢ》᠃ ᠲᠡᠷᠡ᠂ ᠵᠠᠰᠠᠭ ᠎ᠤᠨ ᠣᠷᠳᠣᠨ ᠎ᠤ ᠠᠵᠢᠯ᠎ᠤᠨ ᠢᠯᠡᠳᠭᠡᠯ᠎ᠳᠡᠬᠢ《ᠱᠢᠯᠢᠳᠡᠭ ᠤᠯᠠᠮᠵᠢᠯᠠᠯᠲᠤ ᠰᠣᠶᠣᠯ ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ》 ᠪᠠ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠲᠤᠬᠠᠶ ᠠᠭᠤᠯᠭ᠎ᠠ ᠨᠢ ᠤᠯᠠᠭᠠᠨᠮᠥ᠋ᠴᠢᠷ ᠎ᠦᠨ ᠢᠷᠡᠭᠡᠳᠦᠶ᠎ᠶ᠋ᠢᠨ ᠵᠣᠬᠢᠶᠠᠨ ᠪᠦᠲᠦᠭᠡᠯᠭᠡ᠎ᠳᠦ ᠴᠢᠭ᠌ᠯᠡᠯ ᠎ᠢ ᠲᠣᠳᠣᠷᠬᠠᠶ ᠵᠢᠭᠠᠵᠤ ᠥᠭ᠌ᠴᠠᠢ — ᠦᠨᠳᠦᠰᠦᠨ ᠱᠠᠲᠤᠨ᠎ᠳᠤ ᠭᠦᠨᠵᠡᠭᠡᠶ ᠦᠨᠳᠦᠰᠦᠯᠡᠬᠦ᠌ ᠮᠥᠷᠲᠡᠭᠡᠨ ᠪᠠᠰᠠ ᠱᠢᠨ᠎ᠡ ᠡᠭᠦᠳᠦᠯᠲᠡ᠎ᠶ᠋ᠢᠨ ᠬᠡᠯᠪᠡᠷᠢ᠎ᠪᠡᠷ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠦᠯᠬᠦᠮᠳᠡᠨ ᠲᠡᠮᠡᠴᠡᠵᠦ᠍᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠠᠮᠢᠳᠤᠯᠢᠭ ᠪᠠᠢᠳᠠᠯ᠎ᠢ ᠢᠯᠡᠷᠡᠭᠦᠯᠬᠦ᠌ ᠬᠡᠷᠡᠭ᠌ᠲᠡᠶ ᠬᠡᠵᠤ ᠤᠨᠴᠠᠭᠠᠢᠯᠠᠨ ᠲᠤᠷᠠᠳᠤᠯ᠎ᠠ᠃

ᠤᠬᠠᠭᠤᠯᠤᠨ ᠲᠠᠢᠯᠪᠤᠷᠢᠯᠠᠯᠳᠠ ᠳᠠᠭᠤᠰᠤᠭ᠍ᠰᠠᠨ᠎ᠤ ᠳᠠᠷᠠᠭ᠎ᠠ᠂ ᠣᠯᠠᠨ᠎ᠢᠶᠠᠷ᠎ᠢᠶᠠᠨ ᠬᠦᠭᠵᠢᠶᠠᠨ ᠳᠠᠢ ᠶᠠᠷᠢᠯᠴᠠᠪᠠ᠃  ᠪᠦᠯᠬᠦᠮ ᠎ᠤᠨ ᠵᠠᠯᠠᠭᠤ ᠭᠡᠱᠢᠭᠦᠨ ᠰᠡᠴᠡᠨᠲᠠᠨ᠎ᠠ᠄ 《ᠪᠦᠯᠬᠦᠮ᠎ᠤᠨ ᠳᠠᠷᠤᠭ᠎ᠠ  ᠪᠡᠭᠡᠵᠢᠩ᠎ᠡᠴᠡ ᠬᠣᠶᠠᠷ ᠬᠤᠷᠠᠯ ᠎ᠤᠨ ᠵᠣᠷᠢᠭ ᠰᠠᠨᠠᠭ᠎ᠠ ᠵᠢ ᠠᠪᠴᠢᠷᠠᠭᠰᠠᠠ ᠪᠠᠷᠠᠬᠤ ᠦᠭᠡᠢ᠂ ᠨᠠᠩ ᠴᠤ᠌ ᠬᠦᠨᠳᠦ ᠬᠠᠷᠢᠭᠤᠴᠠᠯᠭ᠎ᠠ ᠪᠠ ᠵᠣᠬᠢᠶᠠᠨ ᠪᠦᠲᠦᠭᠡᠬᠦ᠌ ᠰᠢᠨ᠎ᠡ ᠰᠡᠪᠡᠬᠦᠨ ᠤᠩᠭᠤᠳ᠎ᠢ ᠠᠪᠴᠢᠷᠠᠵᠠᠢ᠃ ᠪᠢ ᠲᠠᠷᠠᠭᠠᠴᠢ᠎ᠶ᠋ᠢᠨ ᠠᠯᠬᠤᠮ᠎ᠳᠤ ᠱᠢᠷᠭᠠᠭᠤ ᠪᠣᠯᠪᠠᠰᠤᠷᠠᠵᠤ᠂ ᠴᠢᠷᠮᠠᠢᠨ ᠵᠣᠬᠢᠶᠠᠨ ᠪᠦᠲᠦᠭᠡᠵᠦ᠍᠂ ᠬᠤᠯᠪᠤᠭ᠎ᠠ᠎ᠪᠡᠷ ᠮᠠᠯᠵᠢᠬᠤ ᠣᠷᠣᠨ᠎ᠤ ᠱᠢᠨ᠎ᠡ ᠬᠤᠪᠢᠷᠠᠯᠲᠠ᠎ᠶ᠋ᠢ ᠮᠠᠬᠳᠠᠨ ᠳᠠᠭᠤᠯᠠᠵᠤ᠂ ᠪᠥᠵᠢᠭ᠎ᠢᠶᠡᠷ ᠮᠠᠯᠴᠢᠳ᠎ᠤᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠨ ᠴᠢᠨᠡᠭᠡᠯᠢᠭ᠌ᠵᠢᠭ᠌ᠰᠡᠨ ᠪᠠᠶᠠᠷ ᠪᠠᠬᠠᠳᠤᠯ ᠎ᠢ ᠢᠯᠡᠷᠡᠭᠦᠯᠬᠦ᠌ ᠪᠣᠯᠤᠨ᠎ᠠ᠃ ᠪᠢ ᠪᠠᠰᠠ ᠨᠢᠭᠡ ᠵᠢᠵᠢᠭ ᠬᠡᠯᠪᠡᠷᠢ᠎ᠶ᠋ᠢᠨ ᠦᠵᠡᠭ᠌ᠳᠡᠯ ᠵᠦᠴᠦᠭᠡ ᠨᠠᠢᠷᠠᠭᠤᠯᠵᠤ᠂ ᠡᠯ᠎ᠡ ᠦᠨᠳᠦᠰᠦᠲᠡᠨ᠎ᠦ ᠪᠦᠯᠬᠦᠮᠳᠡᠯ ᠬᠠᠪᠰᠤᠷᠤᠯᠴᠠᠯ᠎ᠤᠨ ᠰᠡᠳᠭᠢᠯ ᠬᠥᠳᠡᠯᠭᠡᠮ᠎ᠡ ᠦᠯᠢᠭᠡᠷ᠎ᠢ ᠶᠠᠷᠢᠬᠤ ᠰᠠᠨᠠᠭ᠎ᠠ᠎ᠲᠠᠶ ᠪᠠᠢᠨ᠎ᠠ》 ᠬᠡᠵᠤ ᠰᠡᠳᠬᠢᠯ ᠬᠦᠳᠡᠯᠤᠨ ᠬᠡᠯᠡᠪᠡ᠃

《ᠤᠯᠠᠭᠠᠨᠮᠥ᠋ᠴᠢᠷ ᠎ᠦᠨ ᠨᠢᠭᠡ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢᠳᠡ ᠣᠨᠴᠠᠭᠠᠢ ᠡᠭᠦᠷᠭᠡ ᠡᠭᠦᠷᠭᠡᠯᠡᠵᠦ᠍ ᠪᠠᠢᠨ᠎ᠠ᠃ ᠡᠷᠬᠡᠪᠰᠢ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠡᠭᠦᠷᠭᠡ ᠪᠣᠯᠭᠠᠵᠤ᠂ ᠲᠡᠭᠦᠨ᠎ᠢ ᠮᠠᠨ ᠎ᠤ ᠵᠣᠬᠢᠶᠠᠨ ᠪᠦᠲᠦᠭᠡᠬᠦ᠌ ᠪᠠ ᠲᠣᠭ᠍ᠯᠠᠯᠲᠠ ᠭᠠᠷᠭᠠᠬᠤ ᠪᠦᠬᠦ᠌ ᠶᠠᠪᠤᠴᠠ᠎ᠳᠤ ᠭᠦᠨᠵᠡᠭᠡᠢ ᠠᠭᠤᠰᠤᠯᠴᠠᠭᠤᠯᠬᠤ ᠬᠡᠷᠡᠭ᠌ᠲᠡᠢ᠃ ᠪᠢᠳᠡ ᠨᠠᠮ᠎ᠢᠶᠠᠨ ᠮᠠᠭ᠍ᠲᠠᠨ ᠳᠠᠭᠤᠯᠠᠭ᠍ᠰᠠᠨ᠂ ᠡᠬᠡ ᠤᠯᠤᠰ᠎ᠢᠶᠠᠨ ᠮᠠᠭ᠍ᠲᠠᠨ ᠳᠠᠭᠤᠯᠠᠭ᠍ᠰᠠᠨ᠂ ᠠᠷᠠᠳ ᠲᠦᠮᠡᠨ᠎ᠢᠶᠡᠨ ᠮᠠᠭ᠍ᠲᠠᠨ ᠳᠠᠭᠤᠯᠠᠭ᠍ᠰᠠᠨ ᠨᠡᠩ ᠣᠯᠠᠨ ᠰᠣᠳᠣᠨ ᠳᠣᠷᠪᠢᠯᠢᠭ ᠪᠦᠲᠦᠭᠡᠯ᠎ᠢ ᠴᠢᠷᠮᠠᠢᠨ ᠵᠣᠬᠢᠶᠠᠨ ᠪᠦᠲᠦᠭᠡᠵᠦ᠍᠂ ᠨᠠᠮ᠎ᠤᠨ ᠳᠠᠭᠤᠨ ᠪᠣᠯᠤᠨ ᠬᠠᠢᠷ᠎ᠠ ᠬᠠᠯᠠᠮᠵᠢ᠎ᠶ᠋ᠢ ᠤᠷᠠᠯᠢᠭ᠎ᠤᠨ ᠬᠡᠯᠪᠡᠷᠢ᠎ᠪᠡᠷ ᠳᠠᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠲᠦᠮᠡᠨ᠎ᠦ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ ᠬᠡᠷᠡᠭ᠌ᠲᠡᠶ》᠃  

ᠠᠯᠲᠠᠨᠳᠠᠯᠠᠢ᠂ ᠤᠯᠠᠭᠠᠨᠮᠥ᠋ᠴᠢᠷ᠎ᠦᠨ ᠭᠡᠱᠢᠭᠦᠳ ᠤᠳᠭ᠎ᠠ ᠤᠷᠠᠯᠢᠭ᠎ᠤᠨ ᠬᠦᠴᠦᠨ᠎ᠢᠶᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠤᠨ᠂ ᠥᠷᠭᠡᠨ ᠣᠯᠠᠨ ᠮᠠᠯᠴᠢᠳ᠎ᠤᠨ ᠵᠣᠯ ᠵᠢᠷᠭᠠᠯᠲᠤ ᠠᠮᠢᠳᠤᠷᠠᠯ᠎ᠢ ᠬᠥᠭᠡᠭᠡᠴᠡᠯᠳᠦᠬᠦ᠌᠂ ᠬᠡᠷ ᠣᠷᠣᠨ᠎ᠢᠶᠠᠨ ᠪᠥᠲᠥᠭᠡᠨ ᠪᠠᠢᠭᠤᠯᠬᠤ ᠡᠷᠴᠢ ᠵᠣᠷᠢᠭ᠎ᠢ ᠬᠥᠭ᠌ᠵᠢᠭᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠮᠠᠯᠵᠢᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠬᠠᠮᠲᠤ᠎ᠪᠠᠷ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠶ ᠭᠡᠵᠦ᠍ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号