ᠥᠪᠥᠷ ᠮᠣᠩᠭᠣᠯ ᠬᠡᠷᠡᠭᠯᠡᠬᠡ ᠢ᠋ᠢᠨ ᠬᠦᠷᠢᠶᠡᠨ ᠳ᠋ᠡᠬᠢ ᠮᠦᠨᠭᠬᠦᠨ ᠬᠦᠢᠯᠬᠡᠬᠡᠨ ᠤ᠋ ᠲᠡᠮᠵᠢᠯᠬᠡ ᠶ᠋ᠢᠨ ᠡᠷᠴᠢᠮ ᠢ᠋ᠢᠡᠨ ᠴᠢᠨᠭᠭᠠᠷᠠᠭᠤᠯᠵᠤ ᠪᠤᠢ
2026-03-20 10:33:44
ᠵᠣᠬᠢᠶᠠᠭ᠍ᠴᠢ᠄
​ᠰᠠᠷᠭᠠᠢ
ᠣᠩᠱᠢᠭ᠍ᠰᠠᠨ ᠣᠳᠠᠭ᠎ᠠ᠄
★★★☆☆

2025 ᠣᠨ᠎ᠠᠴᠠ ᠨᠠᠭᠠᠰᠢ᠂ ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠳ᠋ᠡᠬᠢ ᠬᠤᠪᠢᠶᠠᠷᠢ ᠪᠠᠩᠬᠢ ᠭᠤᠤᠯᠳᠠᠭᠤ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠂ ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠪᠠᠷᠢᠯ ᠢ᠋ ᠰᠠᠢᠲᠤᠷ ᠬᠡᠷᠡᠭ᠌ᠯᠡᠬᠦ᠌᠂ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ᠎ᠶ᠋ᠢ ᠰᠠᠢᠲᠤᠷ ᠬᠢᠬᠦ᠌ ᠭᠤᠷᠪᠠᠨ ᠲᠠᠯ᠎ᠠ᠎ᠪᠠᠷ ᠬᠡᠷᠡᠭᠯᠡᠬᠡ ᠢ᠋ᠢᠨ ᠭᠤᠤᠯᠳᠠᠯᠭ᠎ᠠ᠎ᠲᠠᠶ ᠬᠦᠷᠢᠶᠡᠨ᠎ᠳ᠋ᠡᠬᠢ ᠮᠥᠩᠭᠥᠨ ᠭᠦᠶ᠋ᠯᠭᠡᠭᠡᠨ᠎ᠦ ᠳᠡᠮᠵᠢᠯᠭᠡ  ᠦᠵᠡᠭᠦᠯᠬᠦ᠌  ᠡᠷᠴᠢᠮ᠎ᠢᠶᠡᠨ ᠴᠢᠨᠭᠭᠠᠷᠠᠭᠤᠯᠪᠠ᠃

ᠲᠣᠰ ᠪᠠᠩᠬᠢ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠨᠡᠢᠲᠡᠯᠡᠵᠦ᠍᠂ ᠬᠡᠷᠡᠭᠯᠡᠬᠡ ᠢ᠋ᠢᠨ ᠬᠡᠷᠡᠭ᠌ᠴᠡᠭᠡ᠎ᠶ᠋ᠢ ᠪᠣᠢᠵᠢᠭᠤᠯᠬᠤ᠂ ᠮᠥᠩᠭᠥᠨ ᠭᠦᠶ᠋ᠯᠭᠡᠭᠡᠨ᠎ᠦ ᠳᠡᠮᠵᠢᠯᠭᠡ᠎ᠶ᠋ᠢ ᠴᠢᠩᠭᠠᠳᠭᠠᠬᠤ᠂ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ᠎ᠶ᠋ᠢ ᠴᠢᠩᠭᠠᠳᠭᠠᠬᠤ ᠭᠤᠷᠪᠠᠨ ᠶᠡᠬᠡ ᠲᠠᠯ᠎ᠠ᠎ᠪᠠᠷ 21 ᠵᠦᠢᠯ ᠤ᠋ᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠳᠤᠷᠠᠳᠴᠤ᠌᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠬᠡᠷᠡᠭᠯᠡᠭᠴᠢᠳ ᠲᠦ᠍ ᠨᠠᠷᠢᠯᠢᠭ ᠣᠨᠣᠴᠠᠲᠠᠶ᠂ ᠥᠨᠳᠥᠷ ᠪᠦᠲᠦᠮᠵᠢᠲᠡᠶ᠂ ᠳᠥᠭᠥᠮ ᠳᠥᠲᠡ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ ᠬᠠᠩᠭᠠᠪᠠ᠃ 2025 ᠣᠨ᠎ᠤ ᠡᠴᠦᠰ ᠪᠣᠯᠲᠠᠯ᠎ᠠ  ᠪᠥᠬᠥ᠌   ᠣᠷᠣᠨ᠎ᠤ ᠬᠡᠷᠡᠭᠯᠡᠬᠡ ᠢ᠋ᠢᠨ ᠵᠢᠭᠡᠯᠡᠯᠭᠡ᠎ᠶ᠋ᠢᠨ ᠦᠯᠡᠳᠡᠪᠦᠷᠢ 6066.9 ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ᠎ᠦᠨ ᠡᠬᠢᠨ᠎ᠦ᠎ᠬᠢ᠎ᠡᠴᠡ 193.6 ᠳ᠋ᠦᠩᠱᠢᠭᠤᠷ ᠲᠥᠭᠥᠷᠢᠭ ᠨᠡᠮᠡᠭ᠌ᠳᠡᠪᠡ᠃ ᠪᠥᠬᠥ᠌ ᠣᠷᠣᠨ᠎ᠤ ᠮᠥᠩᠭᠥᠨ ᠭᠦᠶ᠋ᠯᠭᠡᠭᠡᠨ᠎ᠦ ᠪᠠᠢᠭᠤᠯᠤᠮᠵᠢ 《ᠠᠷᠠᠳ᠎ᠲᠤ ᠲᠥᠬᠥᠮ ᠦᠵᠡᠭᠦᠯᠬᠦ᠌ ᠵᠢᠭᠡᠯᠡᠯᠭᠡ》 ᠵᠡᠷᠭᠡ ᠬᠡᠷᠡᠭᠯᠡᠬᠡ ᠢ᠋ᠢᠨ ᠢᠲᠡᠭᠡᠮᠵᠢᠲᠦ ᠵᠢᠭᠡᠯᠡᠯᠭᠡ᠎ᠶ᠋ᠢᠨ ᠦᠶ᠋ᠯᠡᠳᠬᠦᠨ ᠭᠠᠷᠭᠠᠪᠠ᠃

ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢ ᠬᠡᠷᠡᠭ᠌ᠯᠡᠬᠦ᠌ ᠲᠠᠯ᠎ᠠ᠎ᠪᠠᠷ᠂ ᠠᠷᠠᠳ᠎ᠤᠨ ᠪᠠᠩᠬᠢ᠎ᠶ᠋ᠢᠨ ᠶᠡᠷᠦᠩᠬᠡᠶ ᠪᠠᠩᠬᠢ 2025 ᠣᠨ᠎ᠤ 5 ᠰᠠᠷ᠎ᠠ᠎ᠶ᠋ᠢᠨ 9 ᠎ᠤ᠋ ᠡᠳᠦᠷ ᠦᠶ᠋ᠯᠡᠴᠢᠯᠡᠭᠡᠨ᠎ᠦ ᠬᠡᠷᠡᠭ᠌ᠯᠡᠭᠡ ᠪᠠ ᠨᠠᠰᠤᠵᠢᠯ᠎ᠤᠨ ᠠᠰᠠᠷᠠᠮᠵᠢ᠎ᠶ᠋ᠢᠨ ᠳᠠᠬᠢᠨ ᠵᠢᠭᠡᠯᠡᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠭ᠌ᠰᠡᠨ᠎ᠦ ᠳᠠᠷᠠᠭ᠎ᠠ᠂ ᠠᠷᠠᠳ ᠤ᠋ᠨ ᠪᠠᠨᠭᠬᠢ ᠢ᠋ᠢᠨ ᠦᠪᠤᠷ ᠮᠤᠨᠭᠭᠤᠯ ᠳ᠋ᠡᠬᠢ  ᠬᠤᠪᠢᠶᠠᠷᠢ ᠪᠠᠩᠬᠢ  ᠠᠵᠢᠯ᠎ᠢ  ᠠᠬᠢᠭᠤᠯᠬᠤ ᠬᠤᠷᠠᠯ᠎ᠢ ᠦᠳᠲᠡᠷ ᠲᠦᠷᠭᠡᠨ ᠵᠣᠬᠢᠶᠠᠨ ᠪᠠᠢᠭᠤᠯᠤᠨ ᠬᠤᠷᠠᠯᠳᠤᠭᠤᠯᠵᠤ᠂ ᠵᠢᠭᠡᠯᠡᠯᠭᠡ ᠲᠠᠯᠪᠢᠬᠤ᠎ᠶ᠋ᠢ ᠬᠢᠨᠠᠨ ᠵᠢᠯᠣᠭᠣᠳᠭᠤ ᠲᠣᠭ᠍ᠲᠠᠴᠠ᠎ᠶ᠋ᠢ ᠪᠠᠢᠭᠤᠯᠤᠨ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠵᠢᠯᠣᠭᠣᠳᠤᠨ ᠠᠷᠠᠳ ᠤ᠋ᠨ ᠪᠠᠩᠬᠢ᠎ᠶ᠋ᠢᠨ ᠳᠠᠬᠢᠨ ᠵᠢᠭᠡᠯᠡᠯᠭᠡ ᠵᠡᠷᠭᠡ ᠥᠪᠡᠷ᠎ᠦᠨ ᠥᠷᠲᠡᠭ᠎ᠢᠶᠡᠷ ᠳᠤᠤᠷ᠎ᠠ ᠪᠠᠯᠠ ᠮᠥᠩᠭᠥ᠎ᠶ᠋ᠢᠨ ᠪᠠᠭᠠᠵᠢ᠎ᠶ᠋ᠢ ᠰᠠᠢᠲᠤᠷ ᠬᠡᠷᠡᠭ᠌ᠯᠡᠵᠦ᠍᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠦᠶ᠋ᠯᠡᠴᠢᠯᠡᠭᠡᠨ᠎ᠦ ᠬᠡᠷᠡᠭ᠌ᠯᠡᠭᠡ ᠪᠠ ᠨᠠᠰᠤᠵᠢᠯ᠎ᠤᠨ ᠠᠰᠠᠷᠠᠮᠵᠢ᠎ᠶ᠋ᠢᠨ ᠠᠵᠤ ᠦᠶ᠋ᠯᠡᠰ᠎ᠦᠨ ᠪᠠᠯᠠ ᠬᠤᠷᠠᠮᠳᠤᠭᠤᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠦᠲᠦᠮᠵᠢᠲᠡᠶ ᠬᠠᠩᠭᠠᠬᠤ᠎ᠶ᠋ᠢ ᠵᠣᠷᠢᠭ᠍ᠵᠢᠭᠤᠯᠪᠠ᠃ ᠳᠠᠬᠢᠨ ᠵᠢᠭᠡᠯᠡᠯᠭᠡ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠭ᠌ᠰᠡᠨ᠎ᠡᠴᠡ 2025 ᠣᠨ᠎ᠤ ᠡᠴᠦᠰ ᠪᠣᠯᠲᠠᠯ᠎ᠠ᠂ ᠪᠥᠬᠥ᠌ ᠣᠷᠣᠨ᠎ᠤ  ᠮᠥᠩᠭᠥᠨ  ᠭᠦᠶ᠋ᠯᠭᠡᠭᠡᠨ᠎ᠦ ᠪᠠᠢᠭᠤᠯᠤᠮᠵᠢ ᠦᠶ᠋ᠯᠡᠴᠢᠯᠡᠭᠡᠨ᠎ᠦ ᠬᠡᠷᠡᠭ᠌ᠯᠡᠭᠡ ᠬᠢᠭᠡᠳ ᠨᠠᠰᠤᠵᠢᠯ᠎ᠤᠨ ᠠᠰᠠᠷᠠᠮᠵᠢ᠎ᠶ᠋ᠢᠨ ᠠᠵᠤ ᠦᠶ᠋ᠯᠡᠰ ᠦ᠋ᠨ ᠵᠢᠭᠡᠯᠡᠯᠭᠡ᠎ᠶ᠋ᠢ ᠨᠡᠢᠲᠡ 55.3 ᠳ᠋ᠦᠩᠱᠢᠭᠤᠷ ᠲᠥᠭᠥᠷᠢᠭ ᠲᠠᠯᠪᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号