ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠩᠬᠠᠳᠠᠭ᠍ᠴᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠢᠨ ᠪᠠᠷᠢᠯᠭ᠎ᠠ ᠵᠢᠨ ᠠᠵᠢᠯ ᠤᠷᠤᠬᠰᠢᠳᠠᠢ ᠶᠠᠪᠤᠬᠳᠠᠵᠤ ᠪᠤᠢ
2026-03-20 10:46:25
ᠵᠣᠬᠢᠶᠠᠭ᠍ᠴᠢ᠄
​ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠩᠬᠠᠳᠠᠭ᠍ᠴᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠤᠯᠬᠤ ᠥᠪᠥᠷ ᠮᠣᠩᠭᠤᠯ᠎ᠤᠨ ᡁᠢ ᠷᠦᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ᠎ᠤ ᠭᠤᠣᠯ ᠴᠣᠭ᠍ᠴᠠ᠎ᠶ᠋ᠢᠨ ᠪᠠᠷᠢᠯᠭ᠎ᠠ  ᠤᠳᠤᠬᠠᠨ᠎ᠳᠤ ᠰᠢᠪᠲᠤᠷᠠᠭᠠᠨ᠎ᠳᠠᠭᠠᠨ ᠣᠷᠣᠵᠤ᠂ ᠮᠠᠱᠢᠨ ᠴᠠᠬᠢᠯᠭᠠᠨ᠎ᠤ ᠲᠥᠬᠦᠭᠡᠷᠦᠮᠵᠢ᠎ᠶ᠋ᠢ ᠤᠭ᠍ᠰᠠᠷᠠᠬᠤ᠎ᠠᠵᠢᠯ᠎ᠢ ᠠᠬᠢᠭᠤᠯᠵᠤ᠂ ᠠᠩᠬᠠᠳᠠᠭ᠍ᠴᠢ ᠮᠠᠱᠢᠨ ᠴᠣᠭ᠍ᠴᠠᠯᠠᠪᠤᠷᠢ᠎ᠶ᠋ᠢᠨ ᠲᠣᠣᠷ᠎ᠲᠤ ᠨᠡᠢᠯᠡᠭᠦᠯᠦᠨ ᠴᠠᠬᠢᠯᠭᠠᠨ ᠭᠠᠷᠭᠠᠬᠤ ᠬᠠᠷᠠᠯᠲᠠ ᠲᠡᠢᠰᠢ ᠰᠢᠪᠲᠤᠯᠵᠤ ᠪᠤᠢ᠃

ᠲᠦᠷᠦᠬᠦᠬᠡᠨ ᠰᠤᠷᠪᠤᠯᠵᠢᠯᠠᠭ᠍ᠴᠢ ᡁᠢ ᠷᠦᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ᠎ᠤ ᠪᠥᠲᠥᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠬᠦᠷᠬᠦ ᠳ᠋ᠤ ᠮᠠᠱᠢᠨ ᠮᠸᠬᠠᠨᠢᠭ᠎ᠤᠨ ᠳᠠᠭᠤᠨ ᠬᠦᠩᠭᠢᠨᠡᠵᠦ᠂ ᠠᠵᠢᠯᠴᠢᠳ ᠶᠠᠭᠠᠷᠠᠯᠲᠠᠢ ᠠᠵᠢᠯᠯᠠᠵᠠᠭᠠᠨ᠂ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠂ ᠭᠠᠵᠠᠷ ᠳᠡᠭᠡᠷᠡᠬᠢ ᠨᠡᠭᠡᠭᠡᠯᠡᠬᠡᠢ ᠵᠢᠨ ᠥᠷᠲᠡᠭᠡ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠤᠭ᠍ᠰᠠᠷᠠᠬᠤ ᠠᠵᠢᠯ ᠡᠮᠬᠢ ᠲᠢᠭᠯᠢᠮ᠎ᠲᠠᠢ ᠶᠠᠪᠤᠭᠳᠠᠵᠤ ᠪᠠᠢᠯ᠎ᠠ᠃ ᠣᠳᠣᠬᠠᠨ᠎ᠳᠤ ᠴᠠᠬᠢᠯᠭᠠᠨ ᠥᠷᠲᠡᠭᠡ ᠵᠢᠨ ᠪᠠᠷᠢᠯᠭ᠎ᠠ  ᠵᠢᠨ ᠠᠵᠢᠯ ᠨᠢᠭᠡᠨᠲᠡ ᠱᠢᠪᠲᠤᠷᠠᠭᠠᠨ ᠳ᠋ᠠᠭᠠᠨ ᠣᠷᠣᠵᠤ᠂ ᠪᠥᠬᠦ᠌ ᠬᠦᠴᠦᠨ᠎ᠢᠶᠠᠷ᠎ᠠᠬᠢᠴᠠ᠎ᠶ᠋ᠢ ᠪᠠᠲᠤᠯᠠᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠠᠩᠬᠠᠳᠠᠭᠴᠢ ᠮᠠᠱᠢᠨ ᠴᠣᠭ᠍ᠴᠠᠯᠠᠪᠤᠷᠢ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠠᠱᠢᠭ᠍ᠯᠠᠯᠲᠠ᠎ᠳᠤ ᠣᠷᠣᠭᠤᠯᠬᠤ᠎ᠶ᠋ᠢ ᠪᠠᠲᠤᠯᠠᠵᠤ ᠪᠠᠢᠨ᠎ᠠ᠃

ᠲᠣᠰ ᠺᠣᠮᠫᠠᠨᠢ᠎ᠶ᠋ᠢᠨ ᠲᠥᠬᠦᠭᠡᠷᠦᠮᠵᠢ᠎ᠶ᠋ᠢᠨ ᠬᠡᠯᠲᠡᠰ᠎ᠤᠨ ᠡᠷᠬᠢᠯᠡᠭ᠌ᠴᠢ ᠬᠠᠨ ᠰᠧ ᠪᠤᠦ᠍᠎ᠶ᠋ᠢᠨ ᠲᠠᠨᠢᠯᠴᠠᠭᠤᠯᠤᠭ᠍ᠰᠠᠨ᠎ᠢᠶᠠᠷ᠂ ᠣᠳᠣᠬᠠᠨ᠎ᠳᠤ ᡁᠢ ᠷᠦᠢ  ᠴᠠᠬᠢᠯᠭᠠᠨ  ᠥᠷᠲᠡᠭᠡᠨ᠎ᠤ 1 ᠳ᠋ᠤᠭᠡᠷ ᠤᠰᠤ ᠲᠠᠲᠠᠬᠤ ᠨᠦᠬᠡᠨ ᠵᠠᠮ ᠪᠤᠯᠤᠨ 1 ᠳ᠋ᠤᠭᠡᠷ ᠰᠡᠭᠦᠯ᠎ᠤᠨ ᠤᠰᠤᠨ᠎ᠤ ᠨᠦᠬᠡᠨ ᠵᠠᠮ᠎ᠢ ᠨᠢᠭᠡᠨᠲᠡ ᠨᠡᠪᠲᠡᠷᠡᠭᠦᠯᠵᠦ᠍᠂ 1 ᠳ᠋ᠤᠭᠡᠷ ᠮᠠᠱᠢᠨ ᠴᠣᠭ᠍ᠴᠠᠯᠠᠪᠤᠷᠢ᠎ᠶ᠋ᠢᠨ ᠡᠷᠭᠢᠯᠳᠦᠭᠦᠯᠬᠦ᠌  ᠤᠭ᠍ᠰᠠᠷᠠᠭ᠎ᠠ ᠲᠤᠨᠤᠭ᠎ᠢ ᠳᠡᠭᠦᠵᠢᠯᠡᠨ ᠤᠭ᠍ᠰᠠᠷᠠᠵᠤ ᠳᠠᠭᠤᠰᠭᠠᠭᠠᠳ᠂ ᠶᠠᠭ ᠮᠠᠱᠢᠨ ᠴᠣᠭ᠍ᠴᠠᠯᠠᠪᠤᠷᠢ᠎ᠶ᠋ᠢ ᠠᠵᠢᠯᠯᠠᠭᠤᠯᠬᠤ  ᠪᠡᠯᠡᠳᠭᠡᠯ ᠠᠵᠢᠯ᠎ᠢ ᠬᠢᠵᠦ᠍ ᠪᠠᠢᠨ᠎ᠠ᠂ ᠵᠢᠱ᠌ᠢᠯᠲᠡ᠎ᠪᠠᠷ ᠲᠤᠰ ᠠᠵᠢᠯ᠎ᠢ ᠴᠠᠭᠠᠨ ᠰᠠᠷ᠎ᠠ᠎ᠠᠴᠠ ᠡᠮᠦᠨ᠎ᠡ ᠳᠠᠭᠤᠰᠬᠠᠨ᠂ ᠲᠠᠷᠠᠭᠠᠴᠢ᠎ᠶ᠋ᠢᠨ ᠲᠤᠷᠱᠢᠨ ᠲᠣᠬᠢᠷᠠᠭᠤᠯᠬᠤ᠎ᠳᠤ ᠪᠠᠲᠤ ᠰᠠᠭᠤᠷᠢ ᠲᠠᠯᠪᠢᠬᠤ ᠪᠤᠯᠤᠨ᠎ᠠ ᠭᠡᠵᠤ ᠪᠠᠢᠯ᠎ᠠ᠃

ᡁᠢ ᠷᠦᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ᠎ᠦ᠌ ᠳᠡᠭᠡᠷ᠎ᠡ ᠳᠤᠤᠷ᠎ᠠ ᠤᠰᠤ ᠲᠠᠲᠠᠬᠤ ᠬᠥᠮᠥᠷᠭᠡᠨ᠎ᠤ ᠵᠥᠷᠢᠶ᠎ᠡ ᠨᠢ 443 ᠮᠧᠲ᠋ᠷ ᠪᠠᠢᠵᠤ᠂ ᠤᠰᠤ ᠲᠠᠲᠠᠬᠤ ᠨᠦᠬᠡᠨ ᠵᠠᠮ᠎ᠤ᠋ᠨ ᠪᠦᠬᠦ᠌ ᠤᠷᠲᠤ ᠨᠢ 2600 ᠮᠧᠲ᠋ᠷ᠎ᠢ  ᠳᠠᠪᠠᠬᠤ ᠪᠤᠯᠤᠨ᠎ᠠ᠃  ᠴᠠᠬᠢᠯᠭᠠᠨ  ᠦᠷᠲᠡᠭᠡᠨ᠎ᠤ  ᠵᠠᠩᠭᠢᠯᠠᠭ᠎ᠠ  ᠪᠣᠯᠣᠭ᠍ᠰᠠᠨ ᠤᠰᠤ  ᠲᠠᠲᠠᠬᠤ ᠨᠦᠬᠡᠨ ᠵᠠᠮ ᠪᠣᠯᠣᠨ ᠰᠡᠭᠦᠯ᠎ᠤᠨ ᠤᠰᠤᠨ᠎ᠤ ᠨᠦᠬᠡᠨ ᠵᠠᠮ᠎ᠢ ᠨᠡᠪᠲᠡᠷᠡᠭᠦᠯᠦᠭ᠌ᠰᠡᠨ ᠨᠢ ᠪᠠᠷᠢᠯᠭ᠎ᠠ᠎ᠶ᠋ᠢᠨ ᠠᠵᠢᠯ ᠴᠢᠬᠤᠯᠠ ᠠᠬᠢᠴᠠ᠎ᠲᠠᠢ ᠪᠣᠯᠣᠭ᠍ᠰᠠᠨ᠎ᠢ ᠬᠠᠷᠠᠭᠤᠯᠵᠤ ᠪᠠᠢᠨ᠎ᠠ ᠃

ᠲᠣᠰ ᠴᠠᠬᠢᠯᠭᠠᠨ ᠥᠷᠲᠡᠭᠡ᠎ᠶ᠋ᠢ 2019 ᠣᠨ᠎ᠤ 8 ᠰᠠᠷ᠎ᠠ᠎ᠶ᠋ᠢᠨ 20 ᠎ᠤ᠋ ᠡᠳᠦᠷ ᠪᠠᠢᠭᠤᠯᠵᠤ ᠡᠬᠢᠯᠡᠭᠰᠡᠨ ᠪᠦᠭᠡᠳ ᠶᠡᠷᠦᠩᠬᠡᠢ ᠪᠡᠯᠡ ᠣᠷᠣᠭᠤᠯᠤᠯᠲᠠ᠎ᠨᠢ 83.08 ᠳ᠋ᠦᠩᠱᠢᠭᠤᠷ ᠲᠥᠭᠦᠷᠢᠭ ᠲᠦ᠍ ᠬᠦᠷᠴᠦ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠩᠬᠠᠳᠠᠭ᠍ᠴᠢ ᠲᠣᠮᠣ ᠬᠡᠯᠪᠡᠷᠢ᠎ᠶ᠋ᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠣᠯᠣᠨ᠎ᠠ᠂ ᠭᠤᠣᠯᠳᠠᠭᠤ ᠳᠡᠭᠡᠷ᠎ᠡ ᠤᠰᠤᠨ ᠴᠥᠭᠦᠷᠥᠮ᠂ ᠳᠣᠣᠷ᠎ᠠ ᠤᠰᠤᠨ ᠴᠥᠭᠦᠷᠥᠮ᠂ ᠤᠰᠤ ᠳᠠᠮᠵᠢᠭᠤᠯᠬᠤ ᠱᠢᠰᠲ᠋ᠧᠮ᠂ ᠭᠠᠵᠠᠷ ᠳᠣᠣᠷᠠᠬᠢ ᠦᠢᠯᠡᠳᠪᠦᠷᠢ᠎ᠶ᠋ᠢᠨ ᠪᠠᠢᠱᠢᠩ᠎ᠤᠨ ᠱᠢᠰᠲ᠋ᠧᠮ ᠪᠠ ᠭᠠᠵᠠᠷ ᠳᠡᠭᠡᠷᠡᠬᠢ ᠨᠡᠭᠡᠭᠡᠯᠡᠬᠡᠢ ᠵᠢᠨ ᠥᠷᠲᠡᠭᠡ ᠵᠡᠷᠭᠡ᠎ᠪᠠᠷ ᠪᠦᠷᠢᠯᠳᠦᠪᠡ᠃ ᠴᠠᠬᠢᠯᠭᠠᠨ ᠥᠷᠲᠡᠭᠡᠨ᠎ᠤ ᠶᠡᠷᠦᠩᠬᠡᠢ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠨᠢ 1200 ᠮᠸᠭ᠎ᠠ ᠸᠠᠲ ᠪᠠᠢᠵᠦ᠂ ᠲᠠᠩ ᠮᠠᠱᠢᠨ᠎ᠤ ᠪᠠᠭ᠍ᠲᠠᠭᠠᠮᠵᠢ᠎ᠨᠢ 300 ᠮᠸᠭ᠎ᠠ ᠸᠠᠲ᠎ᠤᠨ ᠮᠠᠱᠢᠨ ᠴᠣᠭ᠍ᠴᠠᠯᠠᠪᠤᠷᠢ ᠵᠢ 4 ᠰᠠᠭᠤᠷᠢ ᠤᠭ᠍ᠰᠠᠷᠠᠵᠤ᠂ ᠵᠢᠯ᠎ᠤᠨ ᠴᠠᠬᠢᠯᠭᠠᠨ ᠭᠠᠷᠭᠠᠬᠤ ᠬᠡᠮᠵᠢᠶ᠎ᠡ᠎ᠨᠢ 20.08 ᠳ᠋ᠦᠩᠱᠢᠭᠤᠷ ᠺᠢᠯᠣᠸᠠᠲ ᠴᠠᠭ᠎ᠲᠤ ᠬᠦᠷᠬᠦ ᠪᠤᠯᠤᠨ᠎ᠠ᠃ ᠠᠰᠢᠬᠯᠠᠯᠲᠠ᠎ᠳᠤ ᠤᠷᠤᠭᠰᠠᠨ᠎ᠤ ᠳᠠᠷᠠᠭ᠎ᠠ ᠴᠠᠬᠢᠯᠭᠠᠨ ᠬᠦᠴᠦᠨ᠎ᠤ ᠣᠷᠭᠢᠯ᠎ᠢ ᠲᠣᠬᠢᠷᠠᠭᠤᠯᠬᠤ᠂ ᠳᠤᠤᠷ᠎ᠠ ᠬᠦᠴᠦᠳᠡᠯᠲᠦ ᠴᠠᠬᠢᠯᠭᠠᠨ᠎ᠢ ᠨᠦᠬᠦᠪᠦᠷᠢᠯᠡᠬᠦ᠂ ᠱᠢᠨ᠎ᠡ ᠡᠨᠧᠷᠭᠢ᠎ᠶ᠋ᠢ ᠱᠢᠩᠭᠡᠭᠡᠨ ᠠᠪᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠦ᠍᠂ ᠵᠢᠱ᠌ᠢᠯᠲᠡ᠎ᠪᠠᠷ ᠵᠢᠯ ᠪᠦᠷᠢ 13.65 ᠳ᠋ᠦᠩᠱᠢᠭᠤᠷ ᠲᠥᠭᠦᠷᠢᠭ᠎ᠤᠨ ᠪᠣᠷᠣᠯᠠᠭᠤᠯᠭ᠎ᠠ᠎ᠶ᠋ᠢᠨ ᠣᠷᠣᠯᠭ᠎ᠠ  ᠪᠤᠯᠤᠨ 1 ᠳ᠋ᠦᠩᠱᠢᠭᠤᠷ ᠲᠥᠭᠦᠷᠢᠭ᠎ᠤᠨ ᠠᠱᠢᠭ ᠭᠠᠢᠯᠢ᠎ᠶ᠋ᠢ ᠪᠡᠶᠡᠯᠡᠭᠦᠯᠵᠦ᠍᠂ ᠴᠠᠬᠢᠯᠭᠠᠨ᠎ᠲᠣᠤᠷ᠎ᠤᠨ ᠠᠮᠤᠷ ᠲᠦᠪᠱᠢᠨ᠎ᠢ ᠪᠠᠲᠤᠯᠠᠬᠤ᠂ ᠣᠷᠣᠨ ᠪᠦᠰᠡ᠎ᠶ᠋ᠢᠨ ᠡᠨᠧᠷᠭᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌᠎ᠳᠤ ᠠᠯᠤᠰ ᠬᠡᠲᠦ᠍᠎ᠶ᠋ᠢᠨ ᠠᠴᠢ ᠬᠤᠯᠪᠣᠭ᠍ᠳᠠᠯ᠎ᠲᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号