ᠮᠠᠨ ᠤ᠋ ᠤᠷᠤᠨ ᠨᠢᠬᠡᠨᠳᠡ 1887 ᠲᠦᠮᠡᠨ ᠪᠤᠳᠠ ᠪᠤᠭ ᠮᠠᠯ ᠤ᠋ᠨ ᠲᠦᠯ ᠲᠤᠰᠪᠠ
2026-03-20 16:52:40
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠤᠷᠢᠬᠠᠨ ᠬᠠᠪᠤᠷ ᠪᠣᠯ ᠲᠥᠯ ᠲᠤᠰᠴᠤ᠌ ᠪᠣᠢᠵᠢᠭᠤᠯᠬᠤ ᠵᠠᠩᠭᠢᠯᠠᠭ᠎ᠠ ᠶ᠋ᠢᠨ ᠤᠯᠠᠷᠢᠯ ᠪᠠᠢᠵᠤ᠂ ᠪᠦᠬᠦ᠌ ᠵᠢᠯ ᠤ᠋ᠨ ᠮᠠᠯ ᠠᠵᠤ ᠠᠬᠤᠶ ᠶ᠋ᠢᠨ ᠦᠶ᠋ᠯᠡᠳᠪᠦᠷᠢᠯᠡᠯ ᠤ᠋ᠨ ᠦᠷ᠎ᠡ ᠪᠦᠲᠦᠮᠵᠢ ᠲᠡᠶ ᠬᠣᠯᠪᠣᠭ᠍ᠳᠠᠬᠤ ᠵᠠᠩᠬᠢᠯᠠᠭ᠎ᠠ ᠵᠢᠨ ᠬᠤᠭᠤᠴᠠᠭ᠎ᠠ ᠪᠤᠯᠤᠨ᠎ᠠ᠃ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ 2 ᠰᠠᠷ᠎ᠠ ᠶ᠋ᠢᠨ ᠰᠡᠭᠦᠯᠴᠢ ᠪᠣᠯᠲᠠᠯ᠎ᠠ ᠮᠠᠨ ᠤ᠋ ᠤᠷᠤᠨ ᠨᠢᠬᠡᠨᠳᠡ 1887 ᠲᠦᠮᠡᠨ ᠪᠤᠳᠠ ᠪᠤᠭ ᠮᠠᠯ ᠤ᠋ᠨ ᠲᠦᠯ ᠲᠤᠰᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 0.8% ᠪᠡᠷ ᠨᠡᠮᠡᠭ᠌ᠳᠡᠵᠦ᠍᠂ ᠪᠤᠢᠵᠢᠯᠲᠠ ᠶ᠋ᠢᠨ ᠨᠣᠷᠮ᠎ᠠ ᠨᠢ 98% ᠡᠴᠡ ᠳᠡᠭᠡᠭ᠌ᠰᠢ ᠳ᠋ᠤ ᠲᠣᠭ᠍ᠲᠠᠪᠤᠷᠢᠵᠢᠵᠤ ᠪᠠᠢᠨ᠎ᠠ᠃

ᠡᠨᠡ ᠵᠢᠯ ᠪᠦᠬᠦ ᠤᠷᠤᠨ ᠤ᠋ ᠡᠯ᠎ᠡ ᠭᠠᠵᠠᠷ ᠤ᠋ᠨ ᠬᠢᠨ ᠮᠠᠯ ᠠᠵᠤ ᠠᠬᠤᠢ ᠵᠢᠨ ᠰᠠᠭᠤᠷᠢ ᠵᠢ ᠪᠡᠬᠢᠵᠢᠭᠦᠯᠬᠦ ᠠᠵᠢᠯ ᠢ᠋ ᠬᠦᠴᠦᠯᠡᠨ ᠠᠬᠢᠭᠤᠯᠵᠤ᠂ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠮᠠᠯᠴᠢᠳ ᠤ᠋ᠨ ᠤᠶᠤᠨᠴᠢ ᠪᠡᠷ ᠬᠢᠨᠠᠨ ᠡᠵᠡᠮᠳᠡᠬᠦ᠂ ᠳᠤᠯᠠᠭᠠᠨ ᠰᠠᠷᠠᠪᠴᠢ ᠪᠠᠷᠢᠬᠤ᠂ ᠡᠪᠡᠰᠦ ᠪᠣᠷᠳᠣᠭ᠎ᠠ ᠨᠦᠬᠡᠴᠡᠯᠡᠬᠦ ᠵᠢ ᠬᠥᠲᠥᠯᠥᠨ ᠵᠢᠯᠣᠭᠣᠳᠴᠤ᠌᠂ 4 ᠰᠠᠷ᠎ᠠ ᠶ᠋ᠢᠨ ᠳᠤᠮᠳᠠᠴᠢ ᠪᠠᠷ ᠲᠥᠯ ᠲᠣᠰᠭᠣ ᠠᠵᠢᠯ ᠶ᠋ᠢᠡᠨ ᠪᠦᠬᠦᠨ ᠢ᠋ ᠳᠠᠭᠤᠰᠭᠠᠨ᠂ ᠨᠡᠢᠳᠡ 180 — 190 ᠲᠦᠮᠡᠨ ᠲᠥᠯ ᠲᠣᠰᠴᠤ᠌᠂ ᠵᠢᠱ᠌ᠢᠯᠳᠡ ᠪᠡᠷ ᠪᠥᠬᠥ᠌ ᠵᠢᠯ ᠳ᠋ᠤ ᠲᠠᠵᠢᠬᠡᠬᠦ ᠬᠤᠨᠢ ᠨᠢ 390 ᠲᠦᠮᠡ ᠵᠢ ᠳᠠᠪᠠᠬᠤ ᠪᠣᠯᠤᠨ᠎ᠠ᠃ ᠤᠢᠷ᠎ᠠ ᠶ᠋ᠢᠨ ᠡᠳᠦᠷ ᠬᠥᠯᠥᠨ ᠪᠣᠢᠷ ᠬᠣᠲᠠ ᠶ᠋ᠢᠨ ᠱᠢᠨ᠎ᠡ ᠪᠠᠷᠭᠤ ᠵᠡᠭᠦᠨ ᠬᠣᠱᠢᠭᠤᠨ ᠤ᠋ ᠵᠢᠪᠬᠤᠯᠠᠩᠲᠤ ᠰᠤᠮᠤ ᠶ᠋ᠢᠨ ᠬᠣᠯᠪᠣᠭ᠎ᠠ ᠭᠠᠴᠠᠭ᠎ᠠ ᠶ᠋ᠢᠨ ᠬᠢᠨ ᠲᠡᠵᠢᠭᠡᠯ ᠪᠤᠷᠳᠤᠭ᠎ᠠ ᠵᠢᠨ ᠬᠦᠮᠦᠷᠭᠡ ᠪᠠᠨ ᠨᠡᠭᠡᠭᠡᠵᠦ᠂ 32 ᠲᠣᠨ ᠲᠡᠵᠢᠭᠡᠯ ᠪᠣᠷᠳᠣᠭ᠎ᠠ ᠵᠢ 57 ᠮᠠᠯᠵᠢᠬᠤ ᠡᠷᠦᠬᠡ ᠳ᠋ᠤ ᠲᠦᠬᠡᠬᠡᠨ ᠬᠦᠷᠭᠡᠵᠦ᠂ ᠲᠦᠯ ᠶ᠋ᠢᠡᠨ ᠮᠡᠨᠳᠦ ᠲᠤᠰᠴᠦ ᠪᠤᠢᠵᠢᠭᠤᠯᠬᠤ ᠳ᠋ᠦ ᠬᠦᠴᠦᠲᠡᠢ ᠲᠡᠮᠵᠢᠯᠭᠡ ᠦᠵᠡᠭᠦᠯᠪᠡ᠃

ᠣᠢᠷ᠎ᠠ ᠶ᠋ᠢᠨ ᠵᠢᠯ ᠳ᠋ᠦ ᠮᠠᠨ ᠤ᠋ ᠤᠷᠤᠨ ᠵᠢᠯ ᠪᠦᠷᠢ ᠳᠤᠮᠳᠠᠴᠢ ᠪᠠᠷ 500 ᠲᠦᠮᠡᠨ ᠲᠡᠭ᠌ᠰᠢ ᠳᠥᠷᠪᠡᠯᠵᠢᠨ ᠮᠧᠲᠷ ᠮᠠᠯ ᠤ᠋ᠨ ᠫᠧᠩ ᠬᠤᠷᠤᠭ᠎ᠠ ᠵᠢ ᠱᠢᠨ᠎ᠡ ᠪᠡᠷ ᠪᠠᠢᠭᠤᠯᠬᠤ ᠪᠤᠶᠤ ᠥᠭᠡᠷᠡᠴᠢᠯᠡᠨ ᠪᠠᠢᠭᠤᠯᠬᠤ ᠵᠢ ᠳᠡᠮᠵᠢᠵᠤ᠂ ᠤᠳᠤ ᠨᠡᠢᠲᠡ 1.75 ᠳ᠋ᠦᠩᠱᠢᠭᠤᠷ ᠲᠡᠭ᠌ᠰᠢ ᠳᠥᠷᠪᠡᠯᠵᠢᠨ ᠮᠧᠲᠷ ᠮᠠᠯ ᠤ᠋ᠨ ᠫᠧᠩ ᠬᠣᠷᠣᠭ᠎ᠠ ᠪᠠᠢᠭᠤᠯᠵᠤ᠂ ᠮᠠᠯᠴᠢᠨ ᠲᠠᠷᠢᠶᠠᠴᠢᠳ ᠤ᠋ᠨ ᠲᠥᠯ ᠲᠤᠰᠴᠤ᠌ ᠪᠣᠢᠵᠢᠭᠤᠯᠬᠤ ᠰᠠᠭᠤᠷᠢ ᠨᠦᠬᠦᠴᠡᠯ ᠦᠷᠭᠦᠯᠵᠢᠯᠡᠨ ᠰᠠᠢᠵᠢᠷᠠᠵᠤ᠂ ᠲᠥᠯ ᠤ᠋ᠨ ᠪᠤᠢᠵᠢᠯᠳᠠ ᠵᠢᠨ ᠨᠣᠷᠮ᠎ᠠ ᠪᠣᠯᠤᠨ ᠠᠷᠠᠴᠢᠯᠠᠨ ᠪᠣᠢᠵᠢᠭᠤᠯᠬᠤ ᠶᠠᠰᠤ ᠴᠢᠨᠠᠷ ᠤ᠋ᠨ 《ᠬᠣᠣᠰ ᠳᠡᠭᠡᠭ᠌ᠰᠢᠯᠡᠯᠲᠡ》 ᠵᠢ ᠪᠡᠶᠡᠯᠡᠭᠦᠯᠪᠡ᠃

ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠬᠢᠨ ᠪᠥᠬᠥ᠌ ᠵᠢᠯ ᠤ᠋ᠨ ᠮᠠᠯ ᠠᠵᠤ ᠠᠬᠤᠶ ᠶ᠋ᠢᠨ ᠦᠶ᠋ᠯᠡᠳᠪᠦᠷᠢᠯᠡᠯ ᠤ᠋ᠨ ᠨᠢᠭᠡᠳᠦᠭᠡᠷ ᠪᠣᠭᠣᠮᠲᠠ ᠵᠢ ᠪᠠᠲᠤ ᠰᠠᠬᠢᠵᠤ᠂ ᠬᠡᠮ ᠬᠢᠵᠢᠭ ᠢ᠋ ᠰᠡᠷᠭᠡᠢᠯᠡᠨ ᠵᠠᠰᠠᠬᠤ᠂ ᠡᠪᠡᠰᠦ ᠪᠣᠷᠳᠣᠭ᠎ᠠ ᠲᠣᠬᠢᠷᠠᠭᠤᠯᠬᠤ ᠵᠡᠷᠭᠡ ᠮᠡᠷᠭᠡᠵᠢᠯ ᠤ᠋ᠨ ᠵᠢᠯᠣᠭᠣᠳᠣᠯᠭ᠎ᠠ ᠪᠠ ᠦᠶ᠋ᠯᠡᠴᠢᠯᠡᠭᠡ ᠵᠢ ᠪᠠᠢᠡᠭᠭᠤᠵᠢᠭᠤᠯᠤᠨ ᠦᠷᠨᠢᠭᠦᠯᠵᠦ᠂ ᠲᠥᠯ ᠲᠤᠰᠴᠦ ᠪᠤᠢᠵᠢᠭᠤᠯᠬᠤ ᠨᠣᠷᠮ᠎ᠠ ᠵᠢ ᠪᠥᠬᠥ᠌ ᠬᠦᠴᠦᠨ ᠵᠢᠡᠷ ᠵᠢᠡᠨ ᠪᠠᠲᠤᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号