ᠠᠭᠤᠷ ᠠᠮᠢᠰᠭᠤᠯ ᠠᠭᠠᠵᠢᠮ ᠶ᠋ᠢᠡᠷ ᠳᠤᠯᠠᠭᠠᠷᠠᠬᠤ ᠶ᠋ᠢ ᠳᠠᠭᠠᠯᠳᠤᠨ ᠡᠮᠦᠨ᠎ᠡ ᠡᠴᠡ ᠤᠮᠠᠷᠠᠰᠢ ᠪᠡᠨ᠂ ᠪᠠᠷᠠᠭᠤᠨ ᠡᠴᠡ ᠵᠡᠭᠦᠨᠰᠢ ᠪᠡᠨ ᠦᠪᠦᠷ ᠮᠤᠡᠭᠭᠤᠯ ᠤ᠋ᠨ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠠᠵᠢᠯ ᠪᠦᠬᠦ ᠲᠠᠯ᠎ᠠ ᠪᠡᠷ ᠦᠷᠨᠢᠵᠦ ᠡᠬᠢᠯᠡᠪᠠ᠃
ᠪᠤᠭᠤᠲᠤ ᠬᠣᠲᠠ ᠶ᠋ᠢᠨ ᠵᠢᠦᠶᠤᠸᠠᠨ ᠲᠣᠭᠣᠷᠢᠭ ᠤ᠋ᠨ ᠬᠣᠷᠢᠨᠭᠡᠷ ᠪᠠᠯᠭᠠᠰᠤ ᠵᠢᠨ ᠲᠠᠷᠢᠶᠠᠨ ᠭᠠᠵᠠᠷ ᠲᠦ᠍ ᠱᠢᠨ᠎ᠡ ᠬᠡᠯᠪᠡᠷᠢ ᠶ᠋ᠢᠨ ᠲᠠᠷᠢᠶᠠᠯᠠᠩ ᠤ᠋ᠨ ᠮᠠᠱᠢᠨ ᠨᠠᠭᠠᠰᠢ ᠴᠠᠭᠠᠰᠢ ᠰᠦᠯᠵᠢᠯᠳᠦᠵᠦ᠍᠂ ᠦᠯᠡᠳᠡᠭ᠌ᠳᠡᠯ ᠰᠦᠯᠢᠶᠣᠣ ᠪᠦᠷᠬᠦᠪᠴᠢ ᠶ᠋ᠢ ᠬᠣᠷᠢᠶᠠᠨ ᠠᠪᠬᠤ ᠪᠠ ᠡᠰᠢ ᠰᠦᠷᠡᠯ ᠢ᠋ ᠬᠡᠮᠬᠡᠯᠬᠦ᠌ ᠠᠵᠢᠯ ᠢ᠋ ᠵᠡᠷᠭᠡ ᠳ᠋ᠤᠨᠢ ᠭᠦᠢᠴᠡᠳᠭᠡᠨ᠂ ᠲᠠᠷᠢᠶ᠎ᠠ ᠲᠠᠷᠢᠬᠤ ᠪᠡᠷ ᠨᠢᠮᠪᠠᠢ ᠪᠡᠯᠡᠳᠭᠡᠯ ᠬᠢᠵᠦ ᠶᠠᠭᠠᠷᠠᠯᠳᠤᠨ᠎ᠠ ᠃ ᠡᠨᠡ ᠵᠢᠯ ᠵᠢᠦᠶᠤᠸᠠᠨ ᠲᠣᠭᠣᠷᠢᠭ ᠤ᠋ᠨ ᠬᠠᠪᠤᠷ ᠤ᠋ᠨ ᠲᠠᠷᠢᠶᠠᠯᠠᠭ᠎ᠠ ᠶ᠋ᠢᠨ ᠲᠠᠯᠠᠪᠠᠢ ᠪᠠᠷᠤᠭ 29 ᠲᠦᠮᠡᠨ ᠮᠥ᠍ ᠳ᠋ᠦ ᠬᠦᠷᠴᠦ᠂ ᠥᠩᠭᠡᠷᠡᠭ᠌ᠰᠡᠨ ᠵᠢᠯ ᠤ᠋ᠨ ᠬᠢ ᠲᠠᠢ ᠬᠠᠷᠢᠴᠠᠭᠤᠯᠪᠠᠯ ᠲᠤᠬᠠᠶ ᠶ᠋ᠢᠨ ᠭᠠᠵᠠᠷ ᠤ᠋ᠨ ᠬᠢᠨ ᠥᠨᠳᠥᠷ ᠪᠠᠷᠢᠮᠵᠢᠶᠠᠲᠤ ᠬᠦᠯᠡᠮᠵᠢ ᠶ᠋ᠢᠨ ᠲᠠᠷᠢᠮᠠᠯ ᠤ᠋ᠨ ᠲᠠᠯᠠᠪᠠᠶ ᠪᠠᠨ ᠱᠢᠨ᠎ᠡ ᠪᠡᠷ ᠥᠷᠭᠡᠳᠭᠡᠭ᠌ᠰᠡᠨ ᠪᠥᠭᠡᠳ ᠪᠠᠰᠠ 5 ᠲᠦᠮᠡᠨ ᠮᠥ᠍ ᠶ᠋ᠢᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠶ᠋ᠢ ᠨᠡᠮᠡᠭᠳᠡᠭᠦᠯᠬᠦ ᠢᠨᠵᠧᠨᠧᠷᠢᠩ ᠢ᠋ ᠡᠷᠡᠮᠡᠯᠵᠡᠨ ᠤᠯᠵᠠᠢ᠃
ᠤᠯᠠᠭᠠᠨᠴᠠᠪ ᠤ᠋ᠨ ᠹᠧᠩᠵᠧᠨ ᠬᠣᠲᠠ ᠳ᠋ᠦ᠂ ᠲᠠᠷᠢᠶᠠᠯᠠᠩ ᠤ᠋ᠨ ᠮᠠᠱᠢᠨ ᠤ᠋ ᠵᠠᠬ᠎ᠠ ᠳᠡᠯᠭᠡᠭᠦᠷ ᠨᠢ ᠪᠣᠷᠣᠯᠠᠭᠤᠯᠭ᠎ᠠ ᠶ᠋ᠢᠨ ᠬᠥᠭ᠌ᠵᠢᠶᠡᠨᠲᠡᠶ ᠤᠯᠠᠷᠢᠯ ᠶ᠋ᠢᠡᠨ ᠤᠭ᠍ᠲᠤᠵᠤ᠂ ᠬᠤᠳᠠᠯᠳᠤᠭᠠᠴᠢᠳ ᠡᠯ᠎ᠠ ᠵᠦᠢᠯ ᠤ᠋ᠨ ᠡᠳ᠋ ᠪᠠᠷᠠᠭ᠎ᠠ ᠶ᠋ᠢ ᠭᠦᠶ᠋ᠴᠡᠳ ᠪᠡᠯᠡᠳᠭᠡᠭ᠌ᠰᠡᠨ ᠶ᠋ᠢᠡᠷ ᠪᠠᠷᠠᠬᠤ ᠥᠬᠡᠶ 《ᠨᠢᠭᠡ ᠦᠷᠲᠡᠭᠡᠴᠢᠯᠡᠭᠰᠡᠨ ᠬᠡᠯᠪᠡᠷᠢ》 ᠶ᠋ᠢᠨ ᠬᠤᠳᠠᠯᠳᠤᠨ ᠠᠪᠬᠤ ᠵᠢᠯᠣᠭᠣᠳᠣᠯᠭ᠎ᠠ ᠪᠠ ᠮᠠᠰᠢᠨ ᠲᠦᠬᠦᠬᠡᠷᠤᠮᠵᠢ ᠵᠢ ᠵᠦᠪ ᠠᠵᠢᠯᠯᠠᠭᠤᠯᠬᠤ ᠪᠤᠯᠪᠠᠰᠤᠷᠠᠯ ᠤ᠋ᠨ ᠦᠢᠯᠡᠴᠢᠯᠡᠭᠡ ᠬᠠᠡᠭᠭᠠᠵᠤ ᠪᠤᠢ᠃ ᠤᠳᠤᠬᠠᠨ ᠳ᠋ᠤ ᠹᠧᠩᠵᠧᠨ ᠬᠣᠲᠠ ᠵᠢᠨ ᠡᠯ᠎ᠠ ᠳᠡᠯᠭᠡᠭᠦᠷ ᠤ᠋ᠨ ᠬᠢᠮᠢ ᠶ᠋ᠢᠨ ᠪᠣᠷᠳᠣᠭᠤᠷ᠂ ᠲᠠᠷᠢᠶᠠᠨ ᠦᠷ᠎ᠡ᠂ ᠰᠦᠯᠢᠶᠣᠣ ᠪᠦᠷᠬᠦᠪᠴᠢ ᠶ᠋ᠢᠨ ᠨᠥᠭᠡᠴᠡ ᠭᠦᠶ᠋ᠴᠡᠳ ᠪᠠᠢᠵᠤ᠂ ᠦᠨ᠎ᠡ ᠬᠠᠩᠰᠢ ᠨᠢ ᠴᠤ᠌ ᠲᠣᠭ᠍ᠲᠠᠭᠤᠨ ᠪᠠᠢᠨ᠎ᠠ᠃
ᠰᠠᠢᠨ ᠲᠠᠷᠢᠶ᠎ᠠ ᠨᠢ ᠰᠠᠢᠨ ᠮᠡᠷᠭᠡᠵᠢᠯ ᠲᠠᠢ ᠤᠶᠠᠯᠳᠤᠬᠤ ᠪᠡᠷ ᠦᠶ᠋ᠯᠡᠳᠪᠦᠷᠢᠯᠡᠯ ᠤ᠋ᠨ 《ᠱᠢᠨ᠎ᠡ ᠬᠥᠳᠡᠯᠭᠡᠬᠦ ᠡᠨᠧᠷᠬᠢ》 ᠶ᠋ᠢ ᠬᠥᠭ᠌ᠵᠢᠭᠡᠳᠡᠭ᠃ ᠣᠷᠳᠣᠰ ᠬᠣᠲᠠ ᠶ᠋ᠢᠨ ᠵᠡᠭᠦᠨᠭᠠᠷᠬᠣᠱᠢᠭᠤᠨ ᠳ᠋ᠤ ᠥᠪᠥᠷ ᠮᠣᠩᠭᠣᠯ ᠤ᠋ᠨ ᠢ ᠳ᠋ᠦᠩ ᠳ᠋ᠦᠩ ᠶᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠨᠡᠭᠦᠷᠡᠰᠦᠨ ᠤ᠋ ᠳᠠᠭᠠᠯᠲᠠ ᠪᠦᠲᠦᠭᠡᠭ᠌ᠳᠡᠬᠦᠨ ᠢ᠋ ᠥᠨᠳᠥᠷ ᠪᠦᠲᠦᠮᠵᠢᠲᠡᠶ ᠪᠡᠷ ᠣᠷᠴᠢᠨ ᠲᠣᠭᠣᠷᠢᠨ ᠢ᠋ ᠬᠠᠮᠠᠭᠠᠯᠠᠬᠤ ᠱᠢᠨ᠎ᠡ ᠬᠡᠯᠪᠡᠷᠢ ᠶ᠋ᠢᠨ ᠱᠢᠩᠭᠡᠨ ᠪᠡᠶᠡᠲᠦ ᠪᠣᠷᠲᠣᠭᠣᠷ ᠪᠣᠯᠭᠠᠨ ᠤᠨᠳᠤᠤᠰᠢᠭᠤᠯᠵᠤ᠂ ᠤᠳᠤᠬᠠᠨ ᠳ᠋ᠤ ᠨᠢᠭᠡᠨᠲᠡ 2400 ᠲᠣᠨ ᠰᠢᠬᠠᠮ ᠤ᠋ᠨ ᠵᠠᠬᠢᠶᠠᠯᠠᠭ᠎ᠠ ᠲᠤᠰᠴᠤ᠌᠂ ᠡᠨᠡ ᠵᠢᠯ ᠤ᠋ᠨ ᠪᠣᠷᠣᠯᠠᠭᠤᠯᠭ᠎ᠠ ᠶ᠋ᠢᠨ ᠬᠡᠮᠵᠢᠶ᠎ᠡ ᠨᠢ 1.5 ᠲᠦᠮᠡᠨ ᠲᠣᠨᠢ ᠳᠠᠪᠠᠬᠤ ᠪᠤᠯᠤᠮᠵᠢ ᠲᠠᠢ ᠶᠤᠮ᠃
ᠪᠦᠬᠦ ᠤᠷᠤᠨ ᠤ᠋ ᠡᠯ᠎ᠠ ᠭᠠᠵᠠᠷ ᠤ᠋ᠨ ᠬᠢᠨ ᠲᠠᠷᠢᠶᠠᠯᠠᠡᠭ ᠦᠢᠯᠡᠳᠪᠦᠷᠢᠯᠡᠯ ᠤ᠋ᠨ ᠦᠢᠯᠡᠴᠢᠯᠡᠭᠡ ᠵᠢ ᠴᠤ᠌ ᠡᠷᠴᠢᠮᠳᠠᠢ ᠠᠬᠢᠭᠤᠯᠵᠤ ᠪᠠᠢᠨ᠎ᠠ᠃ ᠡᠭᠦᠨ ᠳ᠋ᠤ ᠬᠥᠯᠥᠨ ᠪᠤᠢᠷ ᠤ᠋ᠨ ᠵᠠᠯᠠᠨ ᠠᠢᠯ ᠬᠣᠲᠠ ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠰᠠᠯᠠᠭ᠎ᠠ ᠮᠥᠴᠢᠷ ᠪᠣᠯᠤᠨ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠮᠡᠷᠭᠡᠵᠢᠯ ᠤ᠋ᠨ ᠠᠵᠢᠯᠲᠠᠳ ᠲᠠᠷᠢᠶᠠᠨ ᠭᠠᠵᠠᠷ ᠲᠦ᠍ ᠭᠦᠨᠵᠡᠭᠡᠢᠷᠡᠨ ᠠᠳᠠᠯᠢ ᠪᠤᠰᠤ ᠬᠥᠷᠥᠰᠥᠨ ᠳᠠᠪᠬᠤᠷᠭ᠎ᠠ ᠡᠴᠡ ᠥᠯᠢᠭᠡᠷ ᠠᠪᠴᠤ᠌᠂ ᠬᠥᠷᠥᠰᠥᠨ ᠤ᠋ ᠴᠢᠬᠢᠭ ᠤ᠋ᠨ ᠬᠡᠮᠵᠢᠶ᠎ᠠ ᠶ᠋ᠢ ᠬᠢᠨᠠᠨ ᠬᠡᠮᠵᠢᠵᠤ᠂ ᠬᠡᠮᠵᠢᠯᠲᠡ ᠶ᠋ᠢᠨ ᠲᠤᠭ᠎ᠠ ᠪᠠᠷᠢᠮᠳᠠ ᠵᠢ ᠴᠠᠭ ᠲᠤᠬᠠᠢ ᠳ᠋ᠤᠨᠢ ᠨᠡᠢᠲᠡᠯᠡᠨ᠂ ᠲᠠᠷᠢᠶᠠᠴᠢᠳ ᠤ᠋ᠨ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠳ᠋ᠦ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠪᠠᠢᠨ᠎ᠠ᠃