2026 ᠣᠨ ᠤ ᠴᠠᠭᠠᠨ ᠰᠠᠷ᠎ᠠ ᠶ᠋ᠢᠨ ᠵᠥᠭᠡᠭᠡᠪᠦᠷᠢ 2 ᠰᠠᠷ᠎ᠠ ᠵᠢᠨ 2 ᠤ᠋ᠨ ᠡᠳᠦᠷ ᠡᠴᠨ 3 ᠰᠠᠷ᠎ᠠ᠎ᠶ᠋ᠢᠨ 13 ᠤ᠋ ᠡᠳᠦᠷ ᠪᠣᠯᠲᠠᠯ᠎ᠠ ᠨᠡᠢᠳᠡ 40 ᠡᠳᠦᠷ ᠶᠠᠪᠤᠭᠳᠠᠪᠠ᠃ ᠡᠨᠡ ᠬᠤᠭᠤᠴᠠᠭᠠᠨ᠎ᠳᠤ᠂ ᠥᠪᠥᠷ ᠮᠣᠩᠭᠣᠯ᠎ᠤᠨ ᠡᠯ᠎ᠡ ᠱᠠᠲᠤᠨ᠎ᠤ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠢᠨ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠬᠦ᠌᠂ ᠪᠥᠬᠥ᠌ ᠣᠷᠣᠨ ᠪᠦᠰᠡ᠎ᠶ᠋ᠢ ᠬᠠᠮᠤᠷᠬᠤ᠂ ᠨᠠᠷᠢᠯᠢᠭ ᠤᠨᠤᠴᠠᠳᠠᠢ ᠪᠠᠷ ᠬᠦᠴᠦᠯᠡᠬᠦ᠌᠎ᠶ᠋ᠢ ᠪᠠᠷᠢᠮᠲᠠᠯᠠᠵᠤ᠂ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠡᠯ᠎ᠡ ᠵᠦᠶ᠋ᠯ᠎ᠦᠨ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠡᠢ᠃
ᠡᠬᠢ ᠡᠭᠦᠰᠦᠯ᠎ᠡᠴᠡ ᠨᠢ ᠲᠠᠯᠳᠠ ᠬᠡᠮ ᠰᠤᠭᠤᠬ᠎ᠢ ᠠᠷᠢᠯᠭᠠᠵᠤ᠂ ᠡᠨᠳᠡᠯ᠎ᠢ ᠤᠷᠢᠳᠴᠢᠯᠠᠨ ᠰᠡᠷᠬᠡᠢᠯᠡᠬᠦ ᠰᠡᠷᠬᠡᠢᠯᠡᠯᠳᠡ ᠵᠢᠨ ᠱᠤᠭᠤᠮ᠎ᠢ ᠪᠠᠳᠤ ᠴᠤᠬᠴᠠᠯᠠᠪᠠ᠃ ᠬᠥᠮᠦᠨ᠂ ᠮᠠᠰᠢᠨ ᠲᠡᠷᠭᠡ᠂ ᠵᠠᠮ᠂ ᠠᠵᠤ ᠠᠬᠤᠢᠯᠠᠯ ᠵᠡᠷᠭᠡ ᠭᠤᠤᠯ ᠬᠦᠴᠦᠨ ᠵᠦᠶ᠋ᠯ᠎ᠦᠨ ᠲᠣᠭᠣᠷᠢᠨ᠎ᠳᠤ᠂ ᠦᠪᠦᠷ ᠮᠤᠩᠭᠤᠯ ᠤ᠋ᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠥᠬᠥ᠌ ᠬᠡᠯᠬᠢᠶᠡᠨ᠎ᠦ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠢᠳᠡᠪᠬᠢᠳᠡᠢ ᠦᠷᠨᠢᠬᠦᠯᠵᠡᠢ᠃ ᠭᠤᠤᠯᠳᠠᠯᠭ᠎ᠠ᠎ᠲᠠᠶ ᠮᠠᠰᠢᠨ ᠲᠡᠷᠬᠡ ᠵᠢ ᠴᠢᠩᠭ᠎ᠠ ᠬᠢᠨᠠᠨ ᠬᠠᠮᠢᠶᠠᠷᠴᠤ᠌᠂ ᠬᠤᠭᠤᠴᠠᠭ᠎ᠠ᠎ᠨᠢ ᠬᠡᠲᠦᠷᠡᠭ᠌ᠰᠡᠨ ᠪᠠᠢᠲᠠᠯ᠎ᠠ ᠪᠠᠨ ᠰᠢᠯᠭᠠᠨ ᠪᠠᠢᠴᠠᠭᠠᠯᠳᠠ ᠬᠢᠯᠭᠡᠭᠰᠡᠨ ᠥᠬᠡᠶ᠂ ᠬᠡᠷᠡᠭ᠌ᠯᠡᠭᠡᠨ᠎ᠡᠴᠡ ᠭᠠᠷᠭᠠᠭ᠍ᠰᠠᠨ ᠥᠬᠡᠶ 26844 ᠮᠠᠰᠢᠨ ᠲᠡᠷᠬᠡ ᠵᠢ ᠴᠡᠭ᠌ᠴᠡᠯᠡᠨ ᠵᠠᠰᠠᠪᠠ; ᠵᠠᠮ ᠬᠠᠷᠢᠯᠴᠠᠭᠠᠨ᠎ᠤ ᠡᠨᠳᠡᠯ᠎ᠢ ᠲᠦᠷᠭᠡᠨ ᠮᠡᠳᠡᠭᠦᠯᠬᠦ᠌ ᠰᠤᠳᠤᠯᠤᠨ ᠮᠠᠭᠠᠳᠯᠠᠬᠤ ᠱᠢᠰᠲ᠋ᠧᠮ᠎ᠳᠦ ᠲᠦᠱᠢᠭ᠌ᠯᠡᠨ᠂ 16624 ᠵᠠᠮ ᠬᠠᠷᠢᠯᠴᠠᠭᠠᠨ᠎ᠤ ᠬᠡᠮ ᠰᠣᠭᠣᠭ᠎ᠢ ᠵᠢᠭ᠍ᠰᠠᠭᠠᠨ ᠪᠠᠢᠴᠠᠭᠠᠵᠠᠢ᠃ ᠴᠢᠭ᠌ᠯᠡᠯ᠎ᠢ ᠣᠨᠣᠪᠴᠢᠲᠠᠶ ᠰᠤᠳᠤᠯᠤᠨ ᠲᠤᠬᠳᠠᠭᠠᠵᠤ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠥᠳᠡᠯᠦᠩᠭᠦᠶ᠎ᠪᠡᠷ ᠰᠢᠯᠢᠳᠡᠭᠵᠢᠬᠦᠯᠪᠡ᠃ ᠴᠠᠭᠠᠨ ᠰᠠᠷ᠎ᠠ᠎ᠶ᠋ᠢᠨ ᠵᠦᠬᠡᠬᠡᠪᠦᠷᠢ ᠵᠢᠨ ᠬᠤᠭᠤᠴᠠᠭᠠᠨ᠎ᠤ ᠠᠶᠠᠨᠴᠢᠳ ᠪᠠ ᠮᠠᠰᠢᠨ ᠲᠡᠷᠬᠡᠨ ᠤ᠋ ᠤᠷᠤᠰᠬᠠᠯ᠂ ᠬᠠᠤᠯᠢ ᠲᠤᠭᠳᠠᠭᠠᠯᠡᠴᠨ ᠵᠥᠷᠢᠴᠡᠨ ᠵᠠᠮ ᠬᠠᠷᠢᠯᠴᠠᠭᠠᠨ᠎ᠤ ᠡᠨᠳᠡᠯᠡᠬᠦᠰᠭᠡᠬᠦ ᠵᠢᠮ᠎ᠡ ᠶᠣᠰᠣ ᠵᠢᠴᠢ ᠴᠠᠭ ᠠᠭᠤᠷ᠎ᠤᠨ ᠮᠠᠭᠤ ᠨᠥᠯᠥᠭᠡ᠎ᠶ᠋ᠢ ᠭᠦᠨᠵᠡᠭᠡᠶ ᠰᠤᠳᠤᠯᠤᠨ ᠮᠠᠭᠠᠳᠯᠠᠵᠤ᠂ ᠲᠤᠰᠭᠠᠶ ᠰᠤᠳᠤᠯᠤᠨ ᠮᠠᠭᠠᠳᠯᠠᠭ᠍ᠰᠠᠨ ᠮᠡᠳᠡᠭᠦᠯᠦᠯᠲᠡ᠎ᠶ᠋ᠢ ᠳᠠᠷᠤᠮᠠᠯᠯᠠᠨ ᠲᠠᠷᠬᠠᠭᠠᠵᠤ᠂ ᠣᠨᠣᠪᠴᠢᠲᠠᠶ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠬᠠᠩᠭᠠᠪᠠ᠃ 《ᠠᠮᠤᠷ ᠠᠮᠤᠭᠤᠯᠠᠩ ᠴᠠᠭᠠᠨ ᠰᠠᠷ᠎ᠠ᠎ᠶ᠋ᠢᠨ ᠵᠥᠭᠡᠭᠡᠪᠦᠷᠢ》 ᠭᠤᠤᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ ᠤᠬᠠᠭᠤᠯᠭ᠎ᠠ᠎ᠶ᠋ᠢᠨ ᠥᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠤᠯᠭᠠᠵᠤ᠂ ᠠᠮᠤᠷ ᠲᠦᠪᠱᠢᠨ᠎ᠦ ᠣᠢᠯᠠᠭᠠᠭ᠍ᠳᠠᠬᠤᠨ᠎ᠢ ᠬᠦᠮᠦᠰ ᠤ᠋ᠨ ᠴᠡᠬᠡᠵᠢᠨ ᠳ᠋ᠸ᠋ ᠬᠠᠳᠠᠩᠰᠢᠭᠤᠯᠵᠠᠢ᠃ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠬᠤᠭᠤᠴᠠᠭᠠᠨ᠎ᠳᠤ ᠨᠡᠢᠳᠡ 781 ᠵᠤᠷᠪᠤᠰ ᠤᠬᠠᠭᠤᠯᠭ᠎ᠠ᠎ᠶ᠋ᠢᠨ ᠮᠡᠳᠡᠭᠡ ᠵᠠᠩᠭᠢ ᠨᠡᠢᠲᠡᠯᠡᠵᠦ᠍᠂ ᠤᠩᠱᠢᠯᠭ᠎ᠠ᠎ᠶ᠋ᠢᠨ ᠶᠡᠷᠦᠩᠬᠡᠢ ᠬᠡᠮᠵᠢᠶ᠎ᠡ ᠨᠢ 5200 ᠲᠦᠮᠡᠨ ᠤᠳᠠᠭ᠎ᠠ᠎ᠶ᠋ᠢ ᠳᠠᠪᠠᠵᠠᠢ; ᠭᠣᠣᠯ ᠵᠠᠭᠤᠴᠢᠯᠠᠭᠤᠷ ᠲᠠᠢ ᠬᠠᠮᠵᠢᠯᠴᠠᠨ 60 ᠭᠠᠷᠤᠢ ᠬᠤᠪᠢ ᠮᠡᠳᠡᠭᠡᠯᠡᠯ ᠨᠡᠢᠲᠡᠯᠡᠵᠦ᠍᠂ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ 85 ᠤᠳᠠᠭ᠎ᠠ ᠥᠷᠨᠢᠭᠦᠯᠵᠦ᠍᠂ 97.5 ᠲᠦᠮᠡᠨ ᠬᠥᠮᠦᠨ ᠤᠳᠠᠭ᠎ᠠ ᠵᠢ ᠬᠠᠮᠤᠷᠴᠠᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号