ᠲᠦᠷᠦᠬᠦᠬᠡᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠬᠤᠤᠷᠳᠤ ᠡᠳ᠋᠎ᠢ ᠴᠠᠭᠠᠵᠠᠯᠠᠬᠤ ᠶᠡᠷᠦᠩᠬᠡᠶ ᠠᠩᠭᠢ ᠬᠢᠭᠡᠳ ᠥᠪᠡᠷᠲᠡᠭᠡᠨ ᠵᠠᠰᠠᠬᠤ ᠣᠷᠣᠨ᠎ᠤ ᠬᠥᠭᠡᠷᠦᠭᠦᠯᠬᠦ᠌ ᠡᠮ ᠬᠡᠷᠡᠭᠯᠡᠬᠦ ᠵᠢ ᠬᠤᠷᠢᠬᠯᠠᠬᠤ ᠲᠥᠪ 《ᠬᠥᠭᠡᠷᠦᠭᠦᠯᠬᠦ᠌ ᠡᠮ᠎ᠳᠦ ᠬᠤᠯᠪᠤᠬᠳᠠᠬᠤ ᠬᠠᠤᠯᠢ᠎ᠡᠴᠨ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠤᠷᠢᠳᠴᠢᠯᠠᠨ ᠰᠡᠷᠭᠡᠢᠯᠡᠵᠦ᠍ ᠴᠣᠬᠢᠯᠲᠠ ᠥᠭ᠌ᠬᠦ ᠬᠠᠮᠲᠤᠷᠠᠯᠴᠠᠭᠠᠨ᠎ᠤ ᠲᠣᠭ᠍ᠲᠠᠴᠠ᠎ᠶ᠋ᠢᠨ ᠬᠡᠯᠡᠯᠴᠡᠬᠡᠷ》 ᠲᠦ᠍ ᠭᠠᠷ ᠤ᠋ᠨ ᠦᠰᠦᠭ ᠵᠢᠷᠤᠪᠠ᠃
ᠬᠡᠯᠡᠯᠴᠡᠬᠡᠷ᠎ᠲᠦ᠂ ᠬᠣᠶᠠᠷ ᠲᠠᠯ᠎ᠠ᠎ᠪᠠᠷ᠎ᠢᠶᠠᠨ ᠪᠠᠢᠩᠭᠤᠵᠢᠭ᠍ᠰᠠᠨ ᠪᠤᠳᠤᠯ ᠰᠠᠨᠠᠯ ᠵᠢᠡᠨ ᠰᠤᠯᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠡᠮ᠎ᠢ ᠳᠤᠷ᠎ᠠ᠎ᠪᠠᠷ ᠬᠡᠷᠡᠭ᠌ᠯᠡᠬᠦ᠌ ᠪᠠᠢᠳᠠᠯ ᠢ᠋ ᠵᠦᠪᠳᠡᠯᠴᠡᠨ ᠰᠤᠳᠤᠯᠤᠨ ᠮᠠᠭᠠᠳᠯᠠᠵᠤ᠂ ᠮᠡᠳᠡᠭᠡ ᠵᠠᠩᠬᠢ ᠰᠦᠪᠡᠭ᠌ᠴᠢ ᠵᠢ ᠬᠠᠮᠳᠤ ᠪᠡᠷ ᠡᠳ᠋ᠯᠡᠵᠦ᠂ ᠬᠡᠷᠡᠭ᠎ᠢ ᠱᠢᠯᠵᠢᠭᠦᠯᠦᠨ ᠲᠤᠰᠢᠶᠠᠵᠤ᠂ ᠲᠤᠰᠭᠠᠶ ᠮᠡᠷᠭᠡᠵᠢᠯ᠎ᠦᠨ ᠬᠦᠴᠦᠨ᠎ᠳᠦ ᠲᠦᠱᠢᠭ᠌ᠯᠡᠨ᠂ ᠬᠥᠭᠡᠷᠦᠭᠦᠯᠬᠦ᠌ ᠡᠮ᠎ᠢ ᠱᠢᠯᠭᠠᠨ ᠪᠠᠢᠴᠠᠭᠠᠬᠤ ᠪᠠ ᠭᠡᠷᠡᠴᠢ ᠪᠠᠷᠢᠮᠲᠠ᠎ᠶ᠋ᠢ ᠲᠣᠭ᠍ᠲᠠᠪᠤᠷᠢᠵᠢᠭᠤᠯᠬᠤ ᠴᠢᠳᠠᠪᠤᠷᠢ᠎ᠵᠢ ᠳᠡᠭᠡᠭ᠌ᠰᠢᠯᠡᠭᠦᠯᠦᠨ᠎ᠡ ᠬᠡᠵᠦ ᠲᠤᠳᠤᠷᠬᠠᠢᠯᠠᠵᠠᠢ᠃
ᠬᠡᠯᠡᠯᠴᠡᠬᠡᠷ᠎ᠲᠦ᠂ ᠬᠣᠶᠠᠷ ᠲᠠᠯ᠎ᠠ᠎ᠪᠠᠷ᠎ᠢᠶᠠᠨ ᠬᠠᠮᠲᠤᠷᠠᠭ᠍ᠰᠠᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠪᠠᠢᠭᠤᠯᠵᠤ᠂ ᠪᠡᠶ᠎ᠡ᠎ᠶ᠋ᠢᠨ ᠲᠠᠮᠢᠷ᠎ᠤᠨ ᠱᠢᠰᠲ᠋ᠧᠮ᠎ᠳᠦ ᠱᠢᠯᠭᠠᠨ ᠪᠠᠢᠴᠠᠭᠠᠯᠲᠠ ᠬᠢᠵᠦ᠍᠂ ᠬᠥᠭᠡᠷᠦᠭᠦᠯᠬᠦ᠌ ᠡᠮ᠎ᠳᠦ ᠬᠣᠯᠪᠣᠭ᠍ᠳᠠᠭ᠍ᠰᠠᠨ ᠬᠠᠤᠯᠢ᠎ᠡᠴᠨ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ 《ᠥᠴᠦᠬᠡᠨ ᠴᠦ᠍ ᠢᠯᠳᠠᠷ ᠬᠠᠶᠠᠬᠤ ᠦᠭᠡᠢ》 ᠪᠠᠢᠵᠤ᠂ ᠬᠥᠭᠡᠷᠦᠭᠦᠯᠬᠦ᠌ ᠡᠮ᠎ᠦᠨ ᠠᠰᠠᠭᠤᠳᠠᠯ᠎ᠢ ᠣᠨᠣᠪᠴᠢᠲᠠᠢ ᠰᠡᠷᠭᠡᠢᠯᠡᠵᠦ᠍᠂ ᠬᠦᠴᠦᠲᠡᠢ ᠴᠣᠬᠢᠯᠲᠠ ᠥᠭ᠌ᠴᠦ᠂ ᠪᠦᠲᠦᠮᠵᠢᠲᠡᠢ ᠡᠵᠡᠮᠳᠡᠬᠦ ᠵᠢ ᠪᠡᠶᠡᠯᠡᠬᠦᠯᠬᠦ ᠬᠡᠷᠡᠭᠳᠡᠢ᠃ ᠬᠣᠶᠠᠷ ᠲᠠᠯ᠎ᠠ᠎ᠪᠠᠷ᠎ᠢᠶᠠᠨ ᠪᠠᠰᠠ ᠤᠨᠴᠠᠯᠢᠬ᠍ᠳᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠵᠢᠴᠢ ᠨᠠᠭᠠᠳᠤᠮ᠎ᠤᠨ ᠬᠤᠷᠠᠯ ᠵᠡᠷᠭᠡ ᠤᠯᠠᠮᠵᠢᠯᠠᠯᠲᠤ ᠠᠵᠢᠯᠯᠠᠭ᠎ᠠ᠎ᠳᠤ ᠲᠦᠱᠢᠭ᠌ᠯᠡᠨ᠂ ᠬᠤᠤᠷᠳᠤ ᠡᠳ᠋᠎ᠢ ᠴᠠᠭᠠᠵᠠᠯᠠᠬᠤ ᠪᠠ ᠬᠥᠭᠡᠷᠦᠭᠦᠯᠬᠦ᠌ ᠡᠮ ᠬᠡᠷᠡᠭ᠌ᠯᠡᠬᠦ᠌᠎ᠶ᠋ᠢ ᠬᠤᠷᠢᠬᠯᠠᠬᠤ ᠤᠬᠠᠭᠤᠯᠭ᠎ᠠ᠎ᠶ᠋ᠢᠨ ᠤᠨᠴᠠᠯᠢᠬ᠍ᠳᠤ ᠲᠥᠷᠥᠯ ᠲᠡᠮᠳᠡᠭ᠎ᠢ ᠡᠭᠦᠳᠴᠦ᠍᠂ ᠯᠧᠺᠲ᠋ᠣᠷ᠎ᠤᠨ ᠡᠩᠨᠡᠭᠡ᠎ᠶ᠋ᠢ ᠬᠠᠮᠲᠤ᠎ᠪᠠᠷ ᠵᠣᠬᠢᠶᠠᠨ ᠪᠠᠢᠭᠤᠯᠵᠤ᠂ ᠲᠠᠮᠢᠷᠴᠢᠨ᠂ ᠰᠤᠷᠭᠠᠭ᠍ᠴᠢ ᠵᠢᠴᠢ ᠲᠤᠰᠠᠯᠠᠭ᠍ᠴᠢ᠎ᠶ᠋ᠢ ᠬᠠᠮᠤᠷᠴᠤ᠌᠂ ᠬᠤᠤᠷᠳᠤ ᠡᠳ᠋᠎ᠢ ᠴᠠᠭᠠᠵᠠᠯᠠᠬᠤ ᠪᠠ ᠬᠥᠭᠡᠷᠦᠭᠦᠯᠬᠦ᠌ ᠡᠮ ᠬᠡᠷᠡᠭ᠌ᠯᠡᠬᠦ᠌᠎ᠶ᠋ᠢ ᠬᠤᠷᠢᠬᠯᠠᠬᠤ ᠤᠬᠠᠭᠤᠯᠭ᠎ᠠ᠎ᠶ᠋ᠢᠨ ᠭᠦᠨ ᠵᠤᠵᠠᠭᠠᠨ ᠠᠭᠤᠷ ᠠᠮᠢᠰᠭᠤᠯ᠎ᠢ ᠪᠥᠬᠥ᠌ ᠲᠠᠯ᠎ᠠ᠎ᠪᠠᠷ ᠪᠣᠶ ᠪᠤᠯᠭᠠᠬᠤ ᠬᠡᠷᠡᠭᠳᠡᠢ ᠬᠡᠵᠦ ᠱᠠᠭᠠᠷᠳᠠᠵᠠᠢ᠃
ᠲᠤᠰ ᠤᠳᠠᠭ᠎ᠠ᠎ᠶ᠋ᠢᠨ ᠬᠡᠯᠡᠯᠴᠡᠬᠡᠷᠳᠤᠬᠳᠠᠬᠰᠠᠨ ᠶᠠᠪᠤᠳᠠᠯ ᠨᠢ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠢ ᠲᠤᠪᠴᠢᠶ᠎ᠠ ᠵᠢᠨ 《ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢᠶᠡᠷ ᠠᠴᠢᠶᠠᠯᠠᠪᠤᠷᠢ ᠪᠣᠯᠭᠠᠵᠤ ᠬᠣᠣᠷᠳᠤ ᠡᠳ᠋᠎ᠢ ᠴᠠᠭᠠᠵᠠᠯᠠᠬᠤ ᠪᠠ ᠬᠥᠭᠡᠷᠦᠭᠦᠯᠬᠦ᠌ ᠡᠮ ᠬᠡᠷᠡᠭ᠌ᠯᠡᠬᠦ᠌᠎ᠶ᠋ᠢ ᠬᠤᠷᠢᠬᠯᠠᠬᠤ ᠤᠬᠠᠭᠤᠯᠭ᠎ᠠ ᠬᠥᠮᠦᠵᠢᠯ᠎ᠢ ᠶᠡᠬᠡᠪᠡᠷ ᠥᠷᠨᠢᠭᠦᠯᠬᠦ᠌ ᠲᠤᠬᠠᠢ ᠮᠡᠳᠡᠭ᠌ᠳᠡᠯ》᠎ᠤ᠋ᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠤᠳᠠᠳᠠᠢ ᠠᠵᠢᠯᠯᠠᠭ᠎ᠠ ᠪᠤᠯᠬᠤ ᠪᠦᠬᠡᠳ ᠪᠠᠰᠠ ᠬᠥᠭᠡᠷᠦᠭᠦᠯᠬᠦ᠌ ᠡᠮ ᠬᠡᠷᠡᠭ᠌ᠯᠡᠬᠦ᠌᠎ᠶ᠋ᠢ ᠬᠤᠷᠢᠬᠯᠠᠬᠤ ᠠᠵᠢᠯ᠎ᠢ ᠰᠠᠢᠲᠤᠷ ᠠᠳᠭᠤᠵᠤ ᠪᠣᠳᠠᠲᠠᠢ ᠠᠳᠭᠤᠬᠤ ᠶᠡᠷᠦᠩᠬᠡᠢᠯᠡᠭ᠌ᠰᠡᠨ ᠵᠠᠰᠠᠯᠳᠠ ᠵᠢᠨ ᠰᠥᠪᠡᠭ᠌ᠴᠢᠯᠡᠯᠲᠡ ᠪᠣᠯᠤᠨ᠎ᠠ᠃