ᠡᠨᠡ ᠵᠢᠯ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠵᠢᠷᠭᠤᠭᠠᠨ ᠲᠠᠯ᠎ᠠ᠎ᠶ᠋ᠢᠨ ᠠᠵᠢᠯ᠎ᠢ ᠰᠠᠢᠲᠤᠷ ᠬᠢᠨ᠎ᠡ
2026-03-20 10:17:22
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠨᠭᠭᠢᠮ ᠡᠴᠠ ᠣᠢᠯᠠᠭᠠᠭ᠍ᠰᠠᠨ᠎ᠢᠶᠠᠷ᠂ ᠡᠨᠡ ᠵᠢᠯ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠱᠢᠰᠲ᠋ᠧᠮ᠎ᠦᠨ᠎ᠬᠢᠨ ᠵᠢᠷᠭᠤᠭᠠᠨ ᠲᠠᠯ᠎ᠠ᠎ᠶ᠋ᠢᠨ ᠠᠵᠢᠯ᠎ᠢ ᠰᠠᠢᠲᠤᠷ ᠬᠢᠵᠦ᠍᠂ ᠠᠷᠠᠳ᠎ᠤᠨ ᠶᠠᠪᠤᠳᠠᠯ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠤᠯᠤᠨ᠎ᠠ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠬᠤ ᠲᠠᠯ᠎ᠠ᠎ᠪᠠᠷ ᠱᠢᠨ᠎ᠡ ᠦᠷ᠎ᠡ ᠪᠦᠲᠦᠮᠵᠢ ᠣᠯᠵᠤ᠂ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡ᠂ ᠨᠡᠢᠭᠡᠮ᠎ᠦᠨ ᠠᠪᠤᠷᠠᠨ ᠲᠤᠰᠠᠯᠠᠯᠲᠠ᠂ ᠣᠷᠣᠱᠢᠭᠤᠯᠭ᠎ᠠ ᠵᠡᠷᠭᠡ ᠬᠦᠷᠢᠶᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠨ᠎ᠠ᠃ ᠠᠷᠠᠳ᠎ᠤᠨ ᠶᠠᠪᠤᠳᠠᠯ᠎ᠤᠨ ᠬᠦᠷᠢᠶᠡᠨ᠎ᠦ ᠦᠨᠳᠦᠰᠦᠲᠡᠨ᠎ᠨᠦᠭᠦᠳ᠎ᠦᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠤᠨ ᠨᠡᠢᠲᠡᠯᠢᠭ ᠵᠢᠱ᠌ᠢᠢ᠎ᠡ᠎ᠶ᠋ᠢ ᠰᠣᠩᠭᠣᠨ ᠭᠠᠷᠭᠠᠵᠤ᠂ ᠨᠠᠰᠤᠲᠠᠨ᠎ᠢᠶᠠᠨ ᠬᠦᠨᠳᠦᠯᠡᠵᠦ᠍ ᠨᠠᠰᠤᠲᠠᠨ᠎ᠢᠶᠠᠨ ᠬᠠᠢᠷᠠᠯᠠᠬᠤ᠂ ᠪᠠᠭᠤᠷᠠᠢ᠎ᠶ᠋ᠢ ᠲᠡᠳᠬᠦᠵᠦ᠍ ᠬᠦᠴᠢᠷᠳᠡᠯᠲᠡᠢ᠎ᠶ᠋ᠢ ᠲᠤᠰᠠᠯᠠᠬᠤ᠂ ᠪᠤᠶᠨᠨ ᠬᠢᠵᠦ᠍ ᠦᠭᠯᠢᠭᠡ ᠦᠭᠬᠦ ᠵᠡᠷᠭᠡ ᠱᠢᠯᠢᠳᠡᠭ ᠠᠷᠠᠳ᠎ᠤᠨ ᠶᠠᠪᠤᠳᠠᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠦᠯᠦᠨ ᠵᠢᠯᠣᠭᠣᠳᠴᠤ᠌ ᠪᠠᠢᠭᠠᠳ ᠠᠷᠠᠳ᠎ᠤᠨ ᠶᠠᠪᠤᠳᠠᠯ᠎ᠤᠨ ᠰᠣᠶᠣᠯ᠎ᠤᠨ ᠪᠠᠢᠭᠤᠯᠤᠯᠲᠠ᠎ᠳᠤ ᠣᠷᠣᠯᠴᠠᠭᠤᠯᠤᠨ᠂ ᠳᠡᠷᠭᠡᠳᠡᠬᠢ ᠨᠢᠭᠡ ᠪᠦᠯᠦᠭ ᠦᠯᠢᠬᠡᠷ ᠳᠠᠭᠤᠷᠢᠶᠠᠯ᠎ᠢ ᠢᠯᠡᠷᠡᠭᠦᠯᠦᠨ ᠱᠤᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ   ᠪᠠᠢᠭᠤᠯᠤᠯᠲᠠ᠎ᠳᠤ ᠬᠦᠴᠦᠨ ᠨᠡᠮᠡᠷᠢᠯᠡᠨ᠎ᠠ᠃

ᠬᠥᠮᠦᠨ ᠠᠮᠠ᠎ᠶ᠋ᠢᠨ ᠨᠠᠰᠤᠵᠢᠯᠲᠠ᠎ᠶ᠋ᠢ ᠢᠳᠡᠪᠬᠢᠲᠡᠢ ᠠᠷᠭᠠᠴᠠᠭᠠᠬᠤ ᠲᠠᠯ᠎ᠠ᠎ᠪᠠᠷ ᠱᠢᠨ᠎ᠡ ᠠᠮᠵᠢᠯᠲᠠ ᠪᠦᠲᠦᠮᠵᠢ ᠭᠠᠷᠭᠠᠨ᠎ᠠ᠃ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠬᠥᠮᠦᠨ ᠠᠮᠠ᠎ᠶ᠋ᠢᠨ ᠨᠠᠰᠤᠵᠢᠯᠳᠠ ᠵᠢ ᠠᠷᠭᠠᠴᠠᠭᠠᠬᠤ ᠴᠢᠬᠤᠯᠠ ᠴᠠᠭ ᠬᠤᠭᠤᠴᠠᠭ᠎ᠠ ᠵᠢ ᠡᠵᠡᠮᠳᠡᠵᠦ᠂ ᠳᠤᠲᠠᠭᠤᠳᠠᠯ᠎ᠢ ᠨᠥᠬᠥᠪᠥᠷᠢᠯᠡᠵᠦ᠍᠂ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠨᠡᠩ ᠥᠨᠳᠥᠷ ᠲᠦᠪᠱᠢᠨ ᠪᠦᠬᠦᠢ ᠥᠲᠡᠯᠬᠦ ᠡᠴᠡ ᠠᠰᠠᠷᠠᠮᠵᠢ᠎ᠲᠠᠶ ᠪᠠᠢᠬᠤ᠎ᠶ᠋ᠢ ᠪᠡᠶᠡᠯᠡᠭᠦᠯᠦᠨ᠎ᠡ᠃

ᠪᠦᠬᠦ᠌ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠡᠭᠦᠷᠭᠡ᠎ᠬᠠᠷᠢᠭᠤᠴᠠᠯᠭ᠎ᠠ ᠡᠬᠦᠷᠭᠡᠯᠡᠨ᠎ᠡ᠃ ᠨᠡᠢᠭᠡᠮ᠎ᠦᠨ ᠠᠪᠤᠷᠠᠨ ᠲᠤᠰᠠᠯᠠᠬᠤ ᠪᠠᠷᠢᠮᠵᠢᠶ᠎ᠠ᠎ᠶ᠋ᠢ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ᠎ᠪᠠᠷ ᠲᠣᠭ᠍ᠲᠠᠭᠠᠨ᠎ᠠ᠃ ᠳᠡᠭᠡᠷ᠎ᠡ ᠵᠢᠯ᠎ᠦᠨ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠬᠡᠷᠡᠭ᠌ᠯᠡᠭᠡᠨ᠎ᠦ ᠵᠠᠷᠤᠯᠭ᠎ᠠ᠎ᠳᠠᠬᠢ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢᠨ ᠡᠵᠡᠯᠡᠬᠦ᠌ ᠬᠠᠷᠢᠴᠠᠯ᠎ᠢ ᠵᠦᠶ ᠵᠣᠬᠢᠰᠲᠠᠶ ᠬᠡᠪᠴᠢᠶᠡᠨ᠎ᠳᠦ ᠪᠠᠢᠯᠭᠠᠬᠤ᠎ᠶ᠋ᠢ ᠠᠬᠢᠭᠤᠯᠵᠤ᠂ ᠬᠣᠲᠠ ᠬᠥᠳᠡᠭᠡ᠂ ᠣᠷᠣᠨ ᠪᠦᠰᠡ᠎ᠶ᠋ᠢᠨ ᠵᠥᠷᠢᠶ᠎ᠡ᠎ᠶ᠋ᠢ ᠦᠷᠭᠦᠯᠵᠢᠯᠡᠨ ᠪᠠᠭᠠᠰᠭᠠᠨ᠎ᠠ᠃ ᠬᠡᠦᠬᠡᠳ᠎ᠦᠨ ᠠᠰᠠᠷᠠᠮᠵᠢ᠎ᠶ᠋ᠢᠨ ᠪᠠᠲᠤᠯᠠᠭ᠎ᠠ᠎ᠶ᠋ᠢᠨ ᠲᠦᠪᠰᠢᠨ᠎ᠢ ᠳᠡᠭᠡᠭ᠌ᠰᠢᠯᠡᠭᠦᠯᠵᠦ᠍᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠦᠨ ᠠᠰᠠᠷᠠᠮᠵᠢ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ᠂ ᠰᠠᠯᠠᠭ᠎ᠠ ᠮᠥᠴᠢᠷ᠎ᠦᠨ ᠬᠠᠮᠵᠢᠯᠴᠠᠨ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠦᠨ ᠪᠠᠲᠤᠯᠠᠭ᠎ᠠ᠎ᠶ᠋ᠢᠨ 《ᠵᠢᠷᠭᠤᠭᠠᠨ ᠶᠡᠬᠡ ᠱᠢᠰᠲ᠋ᠧᠮ》 ᠢ᠋ ᠲᠦᠷᠭᠡᠳᠭᠡᠨ ᠪᠦᠷᠢᠨᠱᠢᠭᠦᠯᠦᠨ᠎ᠠ᠃ ᠵᠡᠮᠳᠡᠭ᠌ᠴᠦᠳ᠎ᠦᠨ ᠨᠡᠢᠭᠡᠮ᠎ᠦᠨ ᠠᠰᠠᠷᠠᠮᠵᠢ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠵᠡᠮᠳᠡᠭ᠌ᠴᠦᠳ᠎ᠦᠨ 《ᠬᠣᠶᠠᠷ ᠵᠦᠢᠯ᠎ᠦᠨ ᠨᠥᠬᠥᠪᠥᠷᠢ》 ᠶ᠋ᠢᠨ ᠨᠠᠷᠢᠯᠢᠭ ᠣᠨᠣᠴᠠᠲᠠᠢ ᠬᠠᠮᠢᠶᠠᠷᠤᠯᠲᠠ᠎ᠶ᠋ᠢ ᠴᠢᠩᠭᠠᠳᠬᠠᠨ᠎ᠠ᠃

ᠠᠷᠠᠳ᠎ᠲᠤ ᠲᠦᠬᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠨ᠎ᠠ᠃ ᠣᠷᠣᠱᠢᠭᠤᠯᠭ᠎ᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠠᠷᠠᠳ᠎ᠲᠤ ᠠᠱᠢᠭ ᠬᠦᠷᠲᠡᠭᠡᠬᠦ᠌ ᠣᠷᠣᠱᠢᠭᠤᠯᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠠᠬᠢᠭᠤᠯᠵᠤ᠂ ᠳᠥᠷᠪᠡᠨ ᠵᠦᠶ᠋ᠯ᠎ᠦᠨ ᠣᠷᠣᠱᠢᠭᠤᠯᠭ᠎ᠠ᠎ᠶ᠋ᠢᠨ ᠦᠨᠳᠦᠰᠦᠨ ᠦᠶ᠋ᠯᠡᠴᠢᠯᠡᠭᠡᠨ᠎ᠦ ᠵᠠᠷᠤᠳᠠᠯ᠎ᠢ ᠬᠠᠰᠤᠵᠤ ᠬᠡᠯᠲᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠣᠨᠴᠠᠭᠠᠶ ᠬᠦᠴᠢᠷᠳᠡᠯᠲᠡᠶ ᠣᠯᠠᠨ ᠲᠦᠮᠡᠨ᠎ᠡᠴᠡ ᠬᠣᠲᠠ ᠬᠥᠳᠡᠭᠡ᠎ᠶ᠋ᠢᠨ ᠪᠥᠬᠥ᠌ ᠰᠠᠭᠤᠭᠠᠯᠢ ᠠᠷᠠᠳ᠎ᠲᠤ ᠬᠦᠷᠲᠡᠯ᠎ᠡ ᠥᠷᠭᠡᠳᠭᠡᠨ᠎ᠡ᠃ ᠣᠷᠣᠭ᠎ᠤᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍᠂ ᠣᠷᠣᠭ ᠬᠤᠷᠢᠮ᠎ᠤᠨ ᠵᠠᠩ ᠦᠶ᠋ᠯᠡ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠣᠷᠣᠭ᠎ᠤᠨ ᠳᠡᠩᠰᠡᠯᠡᠯᠲᠡ᠎ᠶ᠋ᠢᠨ ᠦᠶ᠋ᠯᠡᠴᠢᠯᠡᠭᠡᠨ᠎ᠦ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠣᠷᠣᠭ᠎ᠤᠨ ᠳᠡᠩᠰᠡᠯᠡᠯᠲᠡ᠎ᠶ᠋ᠢ ᠤᠨᠳᠤᠤ ᠭᠠᠵᠠᠷ᠎ᠲᠤ ᠲᠠᠩᠰᠠ ᠡᠪᠬᠡᠮᠡᠯ ᠱᠢᠯᠵᠢᠭᠦᠯᠬᠦ᠌ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ 《ᠪᠥᠬᠥ᠌ ᠤᠯᠤᠰ᠎ᠲᠤ ᠨᠡᠢᠳᠡᠮ ᠭᠦᠶ᠋ᠴᠡᠳᠭᠡᠬᠦ᠌》 ᠦᠶ᠋ᠯᠡᠴᠢᠯᠡᠭᠡᠨ᠎ᠦ ᠶᠠᠪᠤᠴᠠ᠎ᠶ᠋ᠢ ᠱᠢᠯᠢᠳᠡᠭ᠌ᠵᠢᠭᠦᠯᠦᠨ᠎ᠡ᠃

ᠦᠨᠳᠦᠰᠦᠨ ᠱᠠᠲᠤᠨ᠎ᠤ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠳᠡᠭᠡᠭ᠌ᠰᠢᠯᠡᠯᠲᠡ᠎ᠲᠡᠶ ᠪᠤᠯᠤᠨ᠎ᠠ᠃ ᠵᠣᠬᠢᠴᠠᠩᠭᠤᠶ ᠪᠥᠭᠡᠳ ᠥᠨᠳᠥᠷ ᠪᠦᠲᠦᠮᠵᠢᠲᠡᠶ ᠨᠡᠢᠭᠡᠮ᠎ᠦᠨ ᠣᠷᠣᠯᠴᠠᠬᠤ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠵᠤ ᠂ ᠨᠡᠢᠭᠡᠮ᠎ᠦᠨ ᠬᠦᠴᠦᠨ᠎ᠦ ᠦᠨᠳᠦᠰᠦᠨ ᠱᠠᠲᠤᠨ᠎ᠤ ᠵᠠᠰᠠᠯᠲᠠ᠎ᠳᠤ ᠡᠮᠬᠢ ᠵᠢᠷᠤᠮ᠎ᠲᠠᠶ᠎ᠪᠠᠷ ᠣᠷᠣᠯᠴᠠᠬᠤ᠎ᠶ᠋ᠢ ᠬᠥᠲᠥᠯᠥᠨ ᠵᠢᠯᠣᠭᠣᠳᠤᠨ᠎ᠠ᠃ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ ᠪᠤᠢᠵᠢᠭᠤᠯᠤᠯᠳᠠ ᠵᠢ ᠴᠢᠩᠭᠠᠳᠭᠠᠵᠤ᠂ ᠠᠮᠢᠳᠤᠯᠢᠭ ᠪᠥᠭᠡᠳ ᠤᠯᠠᠨ ᠡᠱᠢᠴᠢᠯᠡᠭ᠌ᠰᠡᠨ ᠨᠡᠢᠭᠡᠮ᠎ᠦᠨ ᠵᠣᠬᠢᠶᠠᠨ ᠪᠠᠢᠭᠤᠯᠤᠯᠲᠠ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠡᠪ ᠵᠠᠭ᠍ᠪᠤᠷ᠎ᠢ ᠬᠠᠢᠨ ᠰᠦᠪᠡᠭ᠌ᠴᠢᠯᠡᠵᠦ᠍᠂ ᠨᠠᠮ᠎ᠤᠨ ᠵᠣᠬᠢᠶᠠᠨ ᠪᠠᠢᠭᠤᠯᠤᠯᠲᠠ ᠪᠠ ᠠᠵᠢᠯ᠎ᠤᠨ ᠪᠦᠷᠬᠦᠴᠡ᠎ᠶ᠋ᠢᠨ ᠨᠤᠷᠮ᠎ᠠ᠎ᠶ᠋ᠢ ᠳᠡᠭᠡᠭ᠌ᠰᠢᠯᠡᠭᠦᠯᠦᠨ᠎ᠡ᠃ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠶ᠎ᠶ᠋ᠢᠨ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ᠍᠂ ᠨᠢᠭᠦᠯᠡᠰᠦᠩᠭᠦᠶ᠎ᠶ᠋ᠢᠨ ᠦᠶ᠋ᠯᠡᠰ᠎ᠦᠨ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠬᠥᠯᠤᠨ᠂ ᠨᠢᠭᠦᠯᠡᠰᠦᠩᠭᠦᠶ᠎ᠶ᠋ᠢᠨ ᠦᠶ᠋ᠯᠡᠰ᠎ᠦᠨ ᠵᠣᠬᠢᠶᠠᠨ ᠪᠠᠢᠭᠤᠯᠤᠯᠲᠠ᠎ᠶ᠋ᠢ ᠦᠨᠡᠯᠡᠨ ᠵᠢᠱ᠌ᠢᠬᠦ᠌ ᠵᠢᠴᠢ ᠮᠡᠳᠡᠭᠡ ᠵᠠᠩᠭᠢ᠎ᠶ᠋ᠢ ᠢᠯᠡ ᠪᠣᠯᠭᠠᠬᠤ ᠲᠦᠷᠢᠮ᠎ᠢ ᠨᠠᠢᠳᠠᠪᠤᠷᠢᠵᠢᠭᠤᠯᠵᠤ᠂ ᠮᠡᠳᠡᠭᠡ ᠵᠠᠩᠭᠢ᠎ᠶ᠋ᠢ ᠢᠯᠡ ᠪᠣᠯᠭᠠᠬᠤ ᠨᠣᠷᠮ᠎ᠠ᠎ᠶ᠋ᠢ 100%᠎ᠳ᠋ᠤ ᠬᠦᠷᠭᠡᠬᠦ᠌ ᠵᠡᠷᠭᠡ᠎ᠶ᠋ᠢ ᠦᠨᠡᠨ ᠬᠦ᠌ ᠪᠠᠲᠤᠯᠠᠨ᠎ᠠ᠃

ᠰᠠᠭᠤᠷᠢ᠎ᠶ᠋ᠢ ᠪᠠᠲᠤᠳᠭᠠᠨ ᠦᠨᠳᠦᠰᠦ᠎ᠶ᠋ᠢ ᠪᠡᠬᠢᠵᠢᠭᠦᠯᠵᠦ᠍ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠲᠠᠯ᠎ᠠ᠎ᠪᠠᠷ ᠱᠢᠨ᠎ᠡ ᠳᠠᠪᠠᠯᠲᠠ᠎ᠲᠠᠶ ᠪᠣᠯᠭᠠᠨ᠎ᠠ᠃ ᠬᠠᠤᠯᠢ᠎ᠪᠠᠷ ᠵᠠᠰᠠᠬᠤ ᠠᠷᠠᠳ᠎ᠤᠨ ᠶᠠᠪᠤᠳᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ 《ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠶ᠎ᠶ᠋ᠢᠨ ᠦᠶ᠋ᠯᠡᠰ᠎ᠢ ᠠᠬᠢᠭᠤᠯᠬᠤ ᠲᠦᠷᠢᠮ》᠂《ᠥᠪᠡᠷᠲᠡᠭᠡᠨ ᠵᠠᠰᠠᠬᠤ ᠣᠷᠣᠨ᠎ᠤ ᠣᠷᠣᠱᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠠᠷᠭ᠎ᠠ》 ᠶ᠋ᠢᠨ ᠬᠠᠤᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ᠎ᠶ᠋ᠢ ᠴᠢᠨᠠᠷ ᠰᠠᠢᠲᠠᠶ ᠠᠬᠢᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠨᠠᠰᠤᠲᠠᠢᠴᠤᠳ᠎ᠤᠨ ᠡᠷᠬᠡ ᠠᠱᠢᠭ᠎ᠢ ᠪᠠᠲᠤᠯᠠᠬᠤ ᠲᠦᠷᠢᠮ》 ᠳ᠋ᠤ ᠵᠠᠰᠠᠪᠤᠷᠢ ᠣᠷᠣᠭᠤᠯᠬᠤ ᠪᠠᠢᠴᠠᠭᠠᠨ ᠰᠤᠳᠤᠯᠤᠯᠲᠠ᠎ᠶ᠋ᠢ ᠡᠬᠢᠯᠡᠭᠦᠯᠦᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号