ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠠᠴᠠ《ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠡᠨᠡ ᠬᠦ᠌ ᠪᠠᠢᠯᠳᠤᠬᠤ ᠪᠣᠳᠣᠯᠭ᠎ᠠ᠎ᠶᠢᠨ ᠭᠤᠤᠯᠳᠠᠯᠭ᠎ᠠ ᠵᠢ ᠪᠠᠷᠢᠮᠲᠠᠯᠠᠬᠤ ᠬᠡᠷᠡᠭᠲᠡᠢ》 ᠭᠡᠵᠦ ᠴᠢᠬᠤᠯᠠᠴᠢᠯᠠᠵᠤ᠂ 《ᠬᠡᠷᠡᠭᠯᠡᠭᠡ ᠪᠠ ᠪᠡᠯᠡ ᠣᠷᠣᠭᠤᠯᠤᠯᠲᠠ᠂ ᠬᠠᠩᠭᠠᠯᠭ᠎ᠠ ᠪᠠ ᠬᠡᠷᠡᠭᠴᠡᠭᠡ᠎ᠶᠢᠨ ᠰᠠᠢᠨ ᠦᠢᠯᠡᠳᠦᠯᠴᠡᠯ᠎ᠢ ᠠᠬᠢᠭᠤᠯᠬᠤ ᠬᠡᠷᠡᠭᠲᠠᠢ》 ᠭᠡᠵᠦ ᠲᠣᠳᠣᠷᠬᠠᠢ ᠳᠤᠷᠠᠳᠤᠨ ᠭᠠᠷᠭᠠᠪᠠ᠃ 2025 ᠣᠨ᠎ᠤ ᠰᠡᠭᠦᠯᠴᠢ᠎ᠪᠡᠷ ᠬᠤᠷᠠᠯᠳᠤᠭᠰᠠᠨ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠠᠴᠠ ᠣᠳᠣᠬᠠᠨ᠎ᠤ ᠠᠵᠤ ᠠᠬᠤᠢ᠎ᠶᠢᠨ ᠪᠠᠢᠳᠠᠯ᠎ᠢ ᠭᠦᠨᠵᠡᠭᠡᠢ ᠵᠠᠳᠠᠯᠵᠤ᠂ 《ᠳᠣᠲᠣᠭᠠᠳᠤ ᠬᠡᠷᠡᠭᠴᠡᠭᠡ᠎ᠪᠡᠷ ᠭᠣᠣᠯ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠢ ᠪᠦᠲᠦᠭᠡᠨ ᠪᠠᠶ᠋ᠢᠭᠤᠯᠬᠤ》᠎ᠶᠢ 2026 ᠣᠨ᠎ᠤ ᠠᠵᠤ ᠠᠬᠤᠢ᠎ᠶᠢᠨ ᠠᠵᠢᠯ᠎ᠤᠨ 8 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢᠨ ᠲᠡᠷᠢᠭᠦᠨ ᠪᠠᠢᠷᠢᠨ᠎ᠳᠦ ᠲᠣᠭᠲᠠᠭᠠᠪᠠ᠃ ᠬᠡᠷᠡᠭᠯᠡᠭᠡ ᠪᠠ ᠪᠡᠯᠡ ᠣᠷᠣᠭᠤᠯᠤᠯᠲᠠ ᠪᠣᠯ ᠪᠦᠷᠢᠨ ᠪᠦᠲᠦᠨ ᠳᠣᠲᠣᠭᠠᠳᠤ ᠬᠡᠷᠡᠭᠴᠡᠭᠡᠨ᠎ᠦ ᠰᠢᠰᠲᠧᠮ᠎ᠦᠨ ᠴᠢᠬᠤᠯᠠ ᠪᠦᠷᠢᠯᠳᠦᠭᠦᠨ ᠬᠡᠰᠡᠭ ᠮᠥᠨ᠃ ᠬᠣᠶᠠᠭᠤᠯᠠ᠎ᠶᠢᠨ ᠰᠠᠢᠨ ᠦᠢᠯᠡᠳᠦᠯᠴᠡᠯ᠎ᠢ ᠪᠦᠲᠦᠮᠵᠢᠲᠡᠢ ᠠᠬᠢᠭᠤᠯᠬᠤ ᠪᠣᠯ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠤᠨ ᠳᠣᠲᠣᠭᠠᠳᠤ ᠬᠥᠳᠡᠯᠭᠡᠬᠦ ᠬᠦᠴᠦᠨ ᠪᠣᠯᠣᠨ ᠨᠠᠢᠳᠠᠪᠤᠷᠢᠲᠤ ᠴᠢᠨᠠᠷ᠎ᠢ ᠴᠢᠩᠭᠠᠳᠬᠠᠬᠤ᠎ᠳᠤ ᠪᠠᠢᠪᠠᠰᠤ ᠵᠤᠬᠢᠬᠤ ᠠᠭᠤᠯᠭ᠎ᠠ ᠮᠦᠨ᠂ ᠮᠥᠨᠴᠦ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ ᠵᠠᠩᠭᠢᠯᠠᠭ᠎ᠠ᠎ᠶᠢᠨ ᠭᠠᠷᠳᠠᠴᠠ ᠮᠦᠨ᠃
ᠬᠡᠷᠡᠭᠯᠡᠭᠡ ᠪᠠ ᠪᠡᠯᠡ ᠣᠷᠣᠭᠤᠯᠤᠯᠲᠠ᠎ᠶᠢᠨ ᠬᠠᠷᠢᠴᠠᠭ᠎ᠠ᠎ᠶᠢ ᠬᠤᠪᠢᠰᠤᠩᠭᠤᠢ᠎ᠪᠠᠷ ᠦᠵᠡᠬᠦ ᠬᠡᠷᠡᠭᠲᠡᠢ
ᠠᠵᠤ ᠠᠬᠤᠢ᠎ᠶᠢᠨ ᠬᠥᠭᠵᠢᠯᠲᠡ᠎ᠶᠢᠨ ᠠᠳᠠᠯᠢ ᠪᠤᠰᠤ ᠱᠠᠲᠤᠨ᠎ᠳᠤ᠂ ᠠᠵᠤ ᠠᠬᠤᠢ᠎ᠶᠢᠨ ᠲᠥᠷᠥ᠎ᠶᠢᠨ ᠪᠣᠳᠣᠯᠭ᠎ᠠ᠎ᠶᠢᠨ ᠬᠦᠴᠦᠯᠡᠬᠦ ᠴᠡᠭ ᠨᠢ ᠴᠠᠭ ᠪᠠ ᠪᠠᠢᠳᠠᠯ᠎ᠢ ᠦᠨᠳᠦᠰᠦᠯᠡᠨ ᠲᠣᠬᠢᠷᠠᠭᠤᠯᠤᠭᠳᠠᠵᠤ᠂ ᠬᠡᠷᠡᠭᠯᠡᠭᠡ᠂ ᠪᠡᠯᠡ ᠣᠷᠣᠭᠤᠯᠤᠯᠲᠠ᠎ᠶᠢᠨ ᠪᠠᠢᠷᠢ ᠰᠠᠭᠤᠷᠢ ᠪᠠ ᠦᠢᠯᠡᠳᠦᠯ ᠨᠢ ᠴᠦ᠍ ᠬᠥᠳᠡᠯᠦᠩᠭᠦᠢ ᠬᠤᠪᠢᠷᠠᠯᠲᠠ᠎ᠲᠠᠢ ᠪᠠᠢᠳᠠᠭ᠂ ᠭᠡᠪᠡᠴᠦ ᠬᠡᠷᠡᠭᠯᠡᠭᠡ᠎ᠶᠢ ᠬᠥᠭᠵᠢᠭᠡᠬᠦ ᠪᠠ ᠪᠡᠯᠡ ᠣᠷᠣᠭᠤᠯᠤᠯᠲᠠ᠎ᠶᠢ ᠥᠷᠭᠡᠳᠬᠡᠬᠦ ᠨᠢ ᠲᠦᠭᠦᠮᠬᠡᠨ ᠤᠷᠤᠯᠠᠬᠤ ᠬᠠᠷᠢᠴᠠᠭ᠎ᠠ᠎ᠶᠢ ᠬᠠᠷᠠᠭᠤᠯᠵᠤ ᠪᠠᠢᠭ᠎ᠠ ᠪᠢᠰᠢ ᠶᠤᠮ᠃ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠪᠣᠯᠣᠨ ᠪᠡᠯᠡ ᠣᠷᠣᠭᠤᠯᠤᠯᠲᠠ ᠬᠢᠵᠦ ᠳᠠᠬᠢᠨ ᠦᠢᠯᠡᠳᠪᠦᠷᠢᠯᠡᠯᠬᠢᠬᠦ ᠵᠢ ᠬᠠᠮᠤᠷᠤᠭᠰᠠᠨ ᠪᠦᠬᠦ ᠬᠡᠯᠬᠢᠶᠡᠨ᠎ᠦ ᠪᠦᠷᠢᠨ ᠪᠦᠲᠦᠨ ᠳᠣᠲᠣᠭᠠᠳᠤ ᠬᠡᠷᠡᠭᠴᠡᠭᠡᠨ᠎ᠦ ᠰᠢᠰᠲᠧᠮ᠎ᠦᠨ ᠲᠠᠯ᠎ᠠ᠎ᠠᠴᠠ ᠠᠪᠴᠤ ᠦᠵᠡᠪᠡᠯ᠂ ᠬᠡᠷᠡᠭᠯᠡᠭᠡ ᠪᠣᠯᠣᠨ ᠪᠡᠯᠡ ᠣᠷᠣᠭᠤᠯᠤᠯᠲᠠ ᠨᠢ ᠬᠠᠷᠢᠯᠴᠠᠨ ᠡᠰᠡᠷᠭᠦᠴᠡᠯᠳᠦᠵᠦ ᠪᠠᠢᠬᠤ ᠪᠢᠰᠢ᠂ ᠬᠠᠷᠢᠨ ᠬᠠᠷᠢᠯᠴᠠᠨ ᠨᠥᠬᠥᠴᠡᠯᠳᠦᠵᠦ᠂ ᠬᠣᠣᠰ ᠴᠢᠭᠯᠡᠯ᠎ᠢᠶᠡᠷ ᠡᠨᠧᠷᠭᠢ ᠣᠯᠭᠣᠵᠤ ᠪᠤᠢ᠃
ᠬᠡᠷᠡᠭᠯᠡᠭᠡ ᠪᠣᠯ ᠪᠡᠯᠡ ᠣᠷᠣᠭᠤᠯᠤᠯᠲᠠ᠎ᠶᠢᠨ ᠡᠴᠦᠰ᠎ᠦᠨ ᠵᠣᠷᠢᠯᠭ᠎ᠠ ᠪᠠ ᠳᠣᠲᠣᠭᠠᠳᠤ ᠬᠥᠳᠡᠯᠭᠡᠬᠦ ᠬᠦᠴᠦᠨ ᠮᠥᠨ᠃ ᠪᠡᠯᠡ ᠣᠷᠣᠭᠤᠯᠤᠯᠲᠠ᠎ᠶᠢᠨ ᠡᠴᠦᠰ᠎ᠦᠨ ᠵᠣᠷᠢᠯᠭ᠎ᠠ ᠪᠣᠯ ᠪᠡᠯᠡ ᠣᠷᠣᠭᠤᠯᠤᠯᠲᠠ᠎ᠶᠢᠨ ᠠᠵᠢᠯᠯᠠᠭ᠎ᠠ᠎ᠶᠢᠨ ᠲᠤᠰ ᠪᠡᠶ᠎ᠡ ᠪᠢᠰᠢ᠂ ᠬᠠᠷᠢᠨ ᠦᠢᠯᠡᠳᠪᠦᠷᠢᠯᠡᠯ᠎ᠦᠨ ᠴᠢᠳᠠᠪᠤᠷᠢ᠎ᠶᠢ ᠪᠦᠷᠢᠯᠳᠦᠭᠦᠯᠬᠦ᠂ ᠦᠢᠯᠡᠳᠬᠦᠨ ᠪᠠ ᠦᠢᠯᠡᠴᠢᠯᠡᠭᠡ ᠬᠠᠩᠭᠠᠬᠤ᠎ᠪᠠᠷ ᠳᠠᠮᠵᠢᠭᠤᠯᠤᠨ᠂ ᠬᠡᠷᠡᠭᠯᠡᠭᠡ ᠵᠢᠨ ᠬᠡᠷᠡᠭᠴᠡᠭᠡ᠎ᠶᠢ ᠬᠠᠩᠭᠠᠬᠤ᠎ᠶᠢᠨ ᠬᠠᠮᠲᠤ ᠪᠡᠯᠡ ᠣᠷᠣᠭᠤᠯᠤᠯᠲᠠ᠎ᠶᠢᠨ ᠬᠠᠷᠢᠭᠤ ᠠᠰᠢᠭ᠋᠎ᠢ ᠪᠡᠶᠡᠯᠡᠭᠦᠯᠬᠦ ᠶᠠᠪᠤᠳᠠᠯ ᠪᠣᠯᠣᠨ᠎ᠠ᠃ ᠬᠡᠷᠡᠭᠯᠡᠭᠡ ᠵᠢᠨ ᠬᠡᠷᠡᠭᠴᠡᠭᠡ᠎ᠶᠢᠨ ᠳᠣᠬᠢᠶ᠎ᠠ ᠨᠢ ᠪᠡᠯᠡ ᠣᠷᠣᠭᠤᠯᠤᠯᠲᠠ᠎ᠳᠤ ᠴᠢᠭᠯᠡᠯ ᠪᠣᠯᠣᠨ ᠠᠰᠢᠭ᠋ ᠣᠯᠬᠤ ᠵᠢᠱ᠌ᠢᠯᠲᠡ᠎ᠶᠢ ᠬᠠᠩᠭᠠᠵᠤ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠪᠡᠯᠡ ᠣᠷᠣᠭᠤᠯᠤᠯᠲᠠ᠎ᠶᠢᠨ ᠰᠢᠢᠳᠪᠦᠷᠢᠲᠦ ᠪᠣᠳᠣᠯᠭ᠎ᠠ ᠵᠢ ᠲᠣᠭᠲᠠᠭᠠᠬᠤ ᠴᠢᠬᠤᠯᠠ ᠦᠨᠳᠦᠰᠦᠯᠡᠯ ᠪᠣᠯᠵᠤ᠂ ᠨᠡᠩ ᠴᠤ᠌ ᠪᠡᠯᠡ ᠣᠷᠣᠭᠤᠯᠤᠯᠲᠠ᠎ᠶᠢᠨ ᠦᠷ᠎ᠡ ᠠᠰᠢᠭ᠋᠎ᠢᠶᠠᠷ ᠳᠣᠣᠷ᠎ᠠ ᠪᠠᠢᠬᠤ ᠠᠰᠠᠭᠤᠳᠠᠯ᠎ᠢ ᠰᠢᠢᠳᠪᠦᠷᠢᠯᠡᠵᠦ᠂ ᠤᠯᠤᠰ ᠠᠷᠠᠳ᠎ᠤᠨ ᠠᠵᠤ ᠠᠬᠤᠢ᠎ᠶᠢᠨ ᠰᠠᠢᠨ ᠣᠷᠴᠢᠯ᠎ᠢ ᠪᠡᠶᠡᠯᠡᠭᠦᠯᠬᠦ᠎ᠶᠢᠨ ᠵᠠᠩᠭᠢᠯᠠᠭ᠎ᠠ ᠪᠣᠯᠵᠤ ᠪᠠᠢᠳᠠᠭ᠃ ᠬᠡᠷᠡᠭᠯᠡᠭᠡ ᠵᠢᠨ ᠬᠡᠷᠡᠭᠴᠡᠭᠡ᠎ᠡᠴᠡ ᠵᠠᠢᠳᠠᠭᠰᠠᠨ ᠪᠡᠯᠡ ᠣᠷᠣᠭᠤᠯᠤᠯᠲᠠ ᠨᠢ ᠰᠣᠬᠣᠷ ᠪᠠᠯᠠᠢ᠎ᠪᠠᠷ ᠥᠷᠭᠡᠵᠢᠬᠦ᠂ ᠦᠢᠯᠡᠳᠪᠦᠷᠢᠯᠡᠯ᠎ᠦᠨ ᠴᠢᠳᠠᠪᠤᠷᠢ ᠦᠯᠡᠭᠦᠳᠡᠬᠦ ᠬᠦᠴᠢᠷᠳᠡᠯ᠎ᠳᠦ ᠠᠮᠠᠷᠬᠠᠨ ᠲᠤᠯᠭᠠᠷᠠᠨ᠎ᠠ᠃ ᠬᠡᠷᠡᠭᠯᠡᠭᠡ ᠵᠢᠨ ᠪᠦᠲᠦᠴᠡ᠎ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠨᠢ ᠪᠡᠯᠡ ᠣᠷᠣᠭᠤᠯᠤᠯᠲᠠ᠎ᠶᠢ ᠨᠡᠮᠡᠯᠲᠡ ᠦᠷᠳᠡᠭ ᠥᠨᠳᠥᠷ᠂ ᠴᠢᠨᠠᠷ ᠰᠠᠢᠲᠠᠢ ᠬᠦᠷᠢᠶ᠎ᠡ ᠲᠡᠢᠰᠢ ᠤᠷᠲᠤᠳᠬᠠᠬᠤ᠎ᠶᠢ ᠠᠬᠢᠭᠤᠯᠵᠤ᠂ ᠰᠢᠨ᠎ᠡ ᠬᠡᠯᠪᠡᠷᠢ᠎ᠶᠢᠨ ᠬᠡᠷᠡᠭᠯᠡᠭᠡ ᠵᠢᠨ ᠬᠡᠷᠡᠭᠴᠡᠭᠡ ᠲᠠᠰᠤᠷᠠᠯᠳᠠ ᠦᠭᠡᠢ ᠴᠣᠯᠭᠣᠷᠠᠨ ᠭᠠᠷᠬᠤ ᠨᠢ ᠪᠠᠰᠠ ᠪᠡᠯᠡ ᠣᠷᠣᠭᠤᠯᠤᠯᠲᠠ᠎ᠶᠢᠨ ᠰᠢᠨ᠎ᠡ ᠵᠠᠮ᠎ᠢ ᠨᠡᠭᠡᠭᠡᠵᠦ᠂ ᠡᠭᠦᠨ᠎ᠦ ᠤᠯᠠᠮ᠎ᠢᠶᠠᠷ ᠪᠡᠯᠡ ᠣᠷᠣᠭᠤᠯᠤᠯᠲᠠ᠎ᠶᠢᠨ ᠪᠦᠲᠦᠴᠡ᠎ᠶᠢᠨ ᠬᠡᠯᠪᠡᠷᠢ᠎ᠪᠡᠨ ᠬᠤᠪᠢᠷᠠᠭᠤᠯᠬᠤ᠎ᠶᠢ ᠬᠥᠲᠥᠯᠥᠨ ᠵᠢᠯᠤᠭᠣᠳᠬᠤ ᠪᠣᠯᠣᠨ᠎ᠠ᠃
ᠪᠡᠯᠡ ᠣᠷᠣᠭᠤᠯᠤᠯᠲᠠ ᠪᠣᠯ ᠬᠡᠷᠡᠭᠯᠡᠭᠡ ᠵᠢᠨ ᠦᠨᠳᠦᠰᠦᠨ ᠤᠷᠢᠲᠠᠯ ᠪᠠ ᠰᠠᠭᠤᠷᠢ ᠲᠤᠯᠭᠠᠭᠤᠷᠢᠯᠠᠯ ᠮᠥᠨ᠃ ᠪᠡᠯᠡ ᠣᠷᠣᠭᠤᠯᠤᠯᠲᠠ ᠨᠢ ᠬᠡᠷᠡᠭᠯᠡᠭᠡ᠎ᠶᠢᠨ ᠬᠠᠩᠭᠠᠯᠭ᠎ᠠ᠎ᠶᠢᠨ ᠴᠢᠳᠠᠪᠤᠷᠢ᠂ ᠣᠷᠣᠯᠭ᠎ᠠ᠎ᠶᠢᠨ ᠰᠠᠭᠤᠷᠢ ᠪᠠ ᠠᠴᠢᠶᠠᠯᠠᠪᠤᠷᠢ᠎ᠶᠢᠨ ᠬᠡᠯᠪᠡᠷᠢ᠎ᠶᠢ ᠲᠣᠭᠲᠠᠭᠠᠵᠤ᠂ ᠬᠡᠷᠡᠭᠯᠡᠭᠡ᠎ᠶᠢ ᠪᠡᠶᠡᠯᠡᠭᠦᠯᠬᠦ ᠪᠠ ᠳᠡᠰ ᠳᠡᠪᠰᠢᠭᠦᠯᠬᠦ ᠨᠢ ᠢᠮᠠᠭᠲᠠ ᠪᠡᠯᠡ ᠣᠷᠣᠭᠤᠯᠤᠯᠲᠠ᠎ᠪᠠᠷ ᠪᠦᠷᠢᠯᠳᠦᠭᠰᠡᠨ ᠠᠵᠤ ᠦᠢᠯᠡᠰ᠎ᠦᠨ ᠰᠢᠰᠲᠧᠮ ᠪᠠ ᠰᠠᠭᠤᠷᠢ ᠲᠥᠬᠦᠭᠡᠷᠦᠮᠵᠢ᠎ᠪᠡᠷ ᠤᠷᠢᠲᠠᠯ ᠪᠣᠯᠭᠠᠳᠠᠭ᠃ ᠦᠢᠯᠡᠳᠪᠦᠷᠢᠯᠡᠯ᠎ᠤᠨ ᠬᠠᠷᠠᠭᠠᠰᠤ ᠡᠴᠡ ᠦᠵᠡᠪᠡᠯ᠂ ᠪᠦᠲᠦᠮᠵᠢᠲᠡᠶ ᠪᠡᠯᠡ ᠣᠷᠣᠭᠤᠯᠤᠯᠲᠠ᠎ᠶᠢ ᠥᠷᠭᠡᠳᠬᠡᠬᠦ᠎ᠪᠡᠷ ᠳᠠᠮᠵᠢᠭᠤᠯᠤᠨ᠂ ᠴᠢᠨᠠᠷ ᠰᠠᠢᠲᠠᠢ ᠬᠡᠷᠡᠭᠯᠡᠭᠡ ᠵᠢᠨ ᠵᠦᠢᠯ ᠪᠠ ᠦᠢᠯᠡᠴᠢᠯᠡᠭᠡᠨ᠎ᠦ ᠬᠠᠩᠭᠠᠯᠭ᠎ᠠ᠎ᠶᠢᠨ ᠴᠢᠳᠠᠪᠤᠷᠢ᠎ᠶᠢ ᠦᠷᠭᠦᠯᠵᠢᠯᠡᠨ ᠨᠡᠮᠡᠭᠳᠡᠭᠦᠯᠵᠦ᠂ ᠬᠠᠩᠭᠠᠯᠭ᠎ᠠ ᠬᠡᠷᠡᠭᠴᠡᠭᠡ᠎ᠶᠢᠨ ᠲᠣᠬᠢᠷᠠᠬᠤ ᠴᠢᠨᠠᠷ᠎ᠢ ᠴᠢᠩᠭᠠᠷᠠᠭᠤᠯᠤᠨ᠂ ᠬᠡᠷᠡᠭᠯᠡᠭᠡ ᠵᠢᠨ ᠳᠠᠯᠳᠠ ᠬᠦᠴᠦᠨ᠎ᠢ ᠤᠯᠠᠮ ᠪᠠᠳᠠᠷᠠᠭᠤᠯᠬᠤ ᠪᠣᠯᠣᠨ᠎ᠠ᠃ ᠣᠷᠣᠯᠭ᠎ᠠ᠎ᠵᠢᠨ ᠬᠠᠷᠠᠭᠠᠰᠤ ᠡᠴᠡ ᠦᠵᠡᠪᠡᠯ᠂ ᠪᠡᠯᠡ ᠣᠷᠣᠭᠤᠯᠤᠯᠲᠠ ᠨᠢ ᠦᠢᠯᠡᠳᠪᠦᠷᠢᠯᠡᠯ᠎ᠢ ᠥᠷᠭᠡᠳᠬᠡᠬᠦ ᠪᠠ ᠠᠵᠢᠯ ᠣᠯᠭᠣᠯᠲᠠ᠎ᠶᠢᠨ ᠨᠡᠩ ᠤᠯᠠᠨ ᠲᠣᠬᠢᠶᠠᠯ᠎ᠢ ᠡᠭᠦᠳᠬᠦ᠎ᠪᠡᠷ ᠳᠠᠮᠵᠢᠭᠤᠯᠤᠨ᠂ ᠰᠠᠭᠤᠭᠠᠯᠢ ᠠᠷᠠᠳ᠎ᠤᠨ ᠣᠷᠣᠯᠭ᠎ᠠ᠎ᠶᠢᠨ ᠨᠡᠮᠡᠭᠳᠡᠯ᠎ᠢ ᠠᠬᠢᠭᠤᠯᠵᠤ᠂ ᠲᠣᠭᠲᠠᠭᠤᠨ ᠬᠡᠷᠡᠭᠯᠡᠭᠡ ᠵᠢᠨ ᠲᠤᠯᠭᠠᠭᠤᠷᠢᠯᠠᠯ᠎ᠢ ᠪᠤᠢ ᠪᠣᠯᠭᠠᠬᠤ᠎ᠳᠤ ᠠᠰᠢᠭ᠍ᠲᠠᠢ ᠶᠤᠮ᠃ ᠠᠴᠢᠶᠠᠯᠠᠪᠤᠷᠢ ᠵᠢᠨ ᠬᠠᠷᠠᠭᠠᠰᠤ ᠡᠴᠡ ᠦᠵᠡᠪᠡᠯ᠂ ᠪᠡᠯᠡ ᠣᠷᠣᠭᠤᠯᠤᠯᠲᠠ᠎ᠪᠠᠷ ᠳᠠᠮᠵᠢᠭᠤᠯᠤᠨ ᠬᠣᠲᠠ ᠬᠥᠳᠡᠭᠡ᠎ᠶᠢᠨ ᠬᠡᠷᠡᠭᠯᠡᠭᠡ ᠵᠢᠨ ᠲᠥᠬᠦᠭᠡᠷᠦᠮᠵᠢ᠎ᠶᠢ ᠦᠷᠭᠦᠯᠵᠢᠯᠡᠨ ᠲᠡᠭᠦᠯᠳᠡᠷᠵᠢᠭᠦᠯᠬᠦ ᠨᠢ ᠬᠡᠷᠡᠭᠯᠡᠭᠡ᠎ᠶᠢᠨ ᠬᠦᠷᠦᠯᠴᠠᠬᠦᠢᠴᠡ ᠴᠢᠨᠠᠷ᠂ ᠳᠥᠭᠥᠮ ᠳᠥᠲᠡ ᠴᠢᠨᠠᠷ ᠪᠠ ᠲᠠᠭᠠᠯᠠᠮᠵᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠵᠦ᠂ ᠬᠡᠷᠡᠭᠯᠡᠭᠡ᠎ᠶᠢᠨ ᠰᠢᠨ᠎ᠡ ᠠᠬᠤᠢ ᠪᠠᠢᠳᠠᠯ ᠰᠢᠨ᠎ᠡ ᠵᠠᠭᠪᠤᠷ᠎ᠢ ᠲᠠᠰᠤᠷᠠᠯᠲᠠ ᠦᠭᠡᠢ ᠪᠣᠢᠵᠢᠭᠤᠯᠵᠤ᠂ ᠬᠡᠷᠡᠭᠯᠡᠭᠡ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠣᠷᠣᠨ ᠵᠠᠢ᠎ᠶᠢ ᠥᠷᠭᠡᠳᠬᠡᠵᠦ ᠴᠢᠳᠠᠨ᠎ᠠ᠃ ᠪᠡᠯᠡ ᠣᠷᠣᠭᠤᠯᠤᠯᠲᠠ᠎ᠶᠢᠨ ᠣᠷᠣᠯᠭ᠎ᠠ᠂ ᠠᠵᠢᠯ ᠣᠯᠭᠣᠯᠲᠠ ᠵᠡᠷᠭᠡ ᠲᠠᠯ᠎ᠠ᠎ᠳᠤ ᠦᠵᠡᠭᠦᠯᠬᠦ ᠨᠥᠯᠥᠭᠡ ᠨᠢ ᠪᠠᠰᠠ ᠠᠵᠤ ᠦᠢᠯᠡᠰ᠎ᠦᠨ ᠬᠡᠯᠬᠢᠶ᠎ᠡ ᠳᠠᠭᠠᠤ ᠳᠠᠷᠠᠭᠠᠯᠠᠨ ᠳᠠᠮᠵᠢᠭ᠍ᠳᠠᠬᠤᠶᠢᠨ ᠤᠯᠠᠮ᠎ᠢᠶᠠᠷ ᠨᠡᠩ ᠥᠷᠭᠡᠨ ᠳᠡᠯᠭᠡᠷ ᠦᠷᠡᠵᠢᠭᠦᠯᠦᠭᠴᠢ᠎ᠶᠢᠨ ᠨᠦᠯᠦᠭᠡᠯᠡᠯ ᠦᠢᠯᠡᠳᠦᠯ ᠦᠵᠡᠭᠦᠯᠬᠦ ᠪᠣᠯᠣᠨ᠎ᠠ᠃
ᠭᠤᠷᠪᠠᠨ ᠬᠠᠷᠠᠭᠠᠰᠤ᠎ᠠᠴᠠ ᠴᠢᠬᠤᠯᠠ ᠶᠡᠬᠡ ᠠᠴᠢ ᠬᠣᠯᠪᠣᠭᠳᠠᠯ᠎ᠢ ᠲᠠᠨᠢᠬᠤ ᠬᠡᠷᠡᠭᠲᠠᠢ
ᠲᠣᠮᠣ᠌ ᠤᠯᠤᠰ᠎ᠤᠨ ᠠᠵᠤ ᠠᠬᠤᠢ᠎ᠶᠢᠨ ᠳᠠᠪᠠᠭᠤᠯᠢᠭ᠋ ᠪᠠ ᠣᠨᠴᠠᠯᠢᠭ᠋ ᠨᠢ ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠵᠤ᠂ ᠳᠣᠲᠣᠭᠠᠳᠤ ᠣᠷᠴᠢᠯ᠎ᠲᠠᠢ ᠪᠣᠯᠬᠤ ᠶᠠᠪᠤᠳᠠᠯ ᠪᠣᠯᠣᠨ᠎ᠠ᠃ ᠬᠡᠷᠡᠭᠯᠡᠭᠡ ᠪᠣᠯᠣᠨ ᠪᠡᠯᠡ ᠣᠷᠣᠭᠤᠯᠤᠯᠲᠠ᠎ᠶᠢᠨ ᠨᠡᠩ ᠥᠨᠳᠥᠷ ᠳᠡᠰ ᠳᠠᠪᠬᠤᠷᠭ᠎ᠠ᠎ᠳᠤ ᠠᠳᠠᠯᠢ ᠴᠢᠭᠯᠡᠯ᠎ᠢᠶᠡᠷ ᠬᠦᠴᠦᠯᠡᠬᠦ᠂ ᠬᠠᠷᠢᠯᠴᠠᠨ ᠠᠬᠢᠭᠤᠯᠬᠤ᠎ᠶᠢ ᠪᠡᠶᠡᠯᠡᠭᠦᠯᠬᠦ ᠨᠢ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠴᠢᠬᠤᠯᠠ ᠪᠣᠳᠠᠲᠤ ᠠᠴᠢ ᠬᠣᠯᠪᠣᠭᠳᠠᠯ᠎ᠲᠠᠢ ᠶᠤᠮ᠃
ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢᠨ ᠠᠯᠤᠰ ᠬᠡᠳᠦ᠎ᠶᠢᠨ ᠪᠣᠳᠣᠯᠬᠢᠯᠠᠯ᠎ᠢ ᠪᠠᠲᠤ ᠡᠵᠡᠮᠰᠢᠬᠦ ᠬᠡᠷᠡᠭᠲᠠᠢ᠃ ᠣᠳᠣᠬᠠᠨ᠎ᠳᠤ᠂ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠰᠡᠷᠭᠦᠯᠲᠡ ᠵᠢᠨ ᠬᠦᠴᠦᠨ ᠮᠡᠬᠦᠰᠳᠡᠵᠦ᠂ ᠭᠠᠳᠠᠭᠠᠳᠤ ᠣᠷᠴᠢᠨ᠎ᠤ ᠲᠣᠭᠲᠠᠪᠤᠷᠢ ᠦᠭᠡᠢ ᠴᠢᠨᠠᠷ ᠳᠡᠭᠡᠭᠰᠢᠯᠡᠵᠦ ᠪᠠᠢᠨ᠎ᠠ᠃ ᠡᠢᠮᠦᠷᠬᠦᠦ ᠠᠬᠤᠢ ᠪᠠᠢᠳᠠᠯ ᠳᠣᠣᠷ᠎ᠠ᠂ ᠤᠯᠤᠰ᠎ᠤᠨ ᠳᠣᠲᠣᠭᠠᠳᠤ᠎ᠳᠠᠭᠠᠨ ᠰᠠᠭᠤᠷᠢᠯᠠᠨ᠂ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋᠎ᠲᠤ ᠲᠦᠰᠢᠭᠯᠡᠵᠦ᠂ ᠬᠡᠷᠡᠭᠯᠡᠭᠡ ᠪᠣᠯᠣᠨ ᠪᠡᠯᠡ ᠣᠷᠣᠭᠤᠯᠤᠯᠲᠠ᠎ᠶᠢᠨ ᠬᠣᠣᠰ ᠴᠢᠭᠯᠡᠯ᠎ᠢᠶᠡᠷ ᠬᠠᠮᠵᠢᠯᠴᠠᠬᠤ᠎ᠪᠠᠷ ᠲᠠᠮᠵᠢᠨ ᠬᠠᠮᠲᠤᠷᠠᠭᠤᠯᠤᠨ ᠬᠦᠴᠦᠯᠡᠪᠡᠯ᠂ ᠳᠣᠲᠣᠭᠠᠳᠤ ᠬᠡᠷᠡᠭᠴᠡᠭᠡ᠎ᠶᠢᠨ ᠨᠡᠮᠡᠭᠳᠡᠯ᠎ᠦᠨ ᠲᠠᠯᠳᠠ ᠬᠦᠴᠦᠨ᠎ᠢ ᠪᠦᠲᠦᠮᠵᠢᠲᠡᠢ ᠪᠠᠳᠠᠷᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠵᠦ ᠴᠢᠳᠠᠬᠤ᠎ᠪᠠᠷ ᠪᠠᠷᠠᠬᠤ ᠦᠭᠡᠢ᠂ ᠭᠠᠳᠠᠭᠠᠳᠤ ᠬᠡᠷᠡᠭᠴᠡᠭᠡ᠎ᠶᠢᠨ ᠠᠪᠴᠢᠯᠲᠠ᠎ᠠᠴᠠ ᠪᠣᠯᠤᠭᠰᠠᠨ ᠪᠠᠭᠤᠷᠠᠯᠲᠠ᠎ᠶᠢᠨ ᠳᠠᠷᠤᠯᠲᠠ᠎ᠶᠢ ᠴᠤ᠌ ᠨᠠᠮᠳᠠᠭᠤᠯᠵᠤ ᠴᠢᠳᠠᠨ᠎ᠠ᠃ ᠬᠡᠲᠦ ᠤᠨᠴᠠ ᠪᠠᠢᠳᠠᠯ ᠳᠣᠣᠷ᠎ᠠ᠂ ᠮᠠᠨ᠎ᠤ ᠤᠯᠤᠰ᠎ᠤᠨ ᠠᠵᠤ ᠠᠬᠤᠢ᠎ᠶᠢᠨ ᠦᠨᠳᠦᠰᠦᠨ ᠪᠠᠢᠳᠠᠯ᠎ᠢ ᠲᠣᠭᠲᠠᠪᠤᠷᠢᠵᠢᠭᠤᠯᠬᠤ᠂ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠬᠠᠮᠠᠭᠠᠯᠠᠬᠤ᠎ᠳᠤ ᠴᠢᠬᠤᠯᠠ ᠪᠠᠲᠤᠯᠠᠭ᠎ᠠ ᠬᠠᠩᠭᠠᠵᠤ᠂ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠰᠢᠬᠦ᠎ᠳᠦ ᠪᠠᠲᠤ ᠪᠡᠬᠢ ᠰᠠᠭᠤᠷᠢ᠎ᠶᠢ ᠲᠠᠯᠪᠢᠵᠤ ᠥᠭᠴᠦ ᠴᠢᠳᠠᠨ᠎ᠠ᠃
ᠰᠢᠨ᠎ᠡ ᠬᠥᠭᠵᠢᠯᠲᠡ᠎ᠶᠢᠨ ᠪᠠᠢᠷᠢᠰᠢᠯ᠎ᠤᠨ ᠪᠠᠢᠯᠳᠤᠬᠤ ᠪᠣᠳᠣᠯᠭ᠎ᠠ᠎ᠶᠢᠨ ᠰᠣᠩᠭᠣᠯᠲᠠ ᠵᠢ ᠪᠦᠷᠢᠯᠳᠦᠭᠦᠯᠬᠦ ᠬᠡᠷᠡᠭᠲᠠᠢ᠃ ᠤᠯᠠᠨ ᠤᠯᠤᠰ᠎ᠤᠨ ᠲᠤᠷᠰᠢᠯᠭ᠎ᠠ᠎ᠠᠴᠠ ᠦᠵᠡᠪᠡᠯ᠂ ᠨᠢᠭᠡ ᠤᠯᠤᠰ ᠠᠵᠤ ᠦᠢᠯᠡᠳᠪᠦᠷᠢᠵᠢᠯᠲᠡ ᠪᠠ ᠬᠤᠳᠠ ᠪᠠᠯᠭᠠᠰᠤᠵᠢᠯᠲᠠ ᠵᠢᠨ ᠱᠠᠲᠤᠨ᠎ᠳᠦ ᠤᠷᠤᠭᠰᠠᠨ ᠦᠶ᠎ᠡ᠎ᠳᠦ᠂ ᠪᠡᠯᠡ ᠣᠷᠣᠭᠤᠯᠤᠯᠲᠠ᠎ᠶᠢᠨ ᠨᠤᠷᠮ᠎ᠠ ᠪᠠᠭᠤᠷᠠᠬᠤ ᠬᠠᠨᠳᠤᠰᠢ᠎ᠲᠠᠢ ᠪᠣᠯᠬᠤ᠎ᠶᠢ ᠳᠠᠭᠠᠯᠳᠤᠨ᠂ ᠠᠵᠤ ᠠᠬᠤᠢ᠎ᠶᠢᠨ ᠬᠥᠭᠵᠢᠯᠲᠡ ᠵᠠᠢᠯᠠᠰᠢ ᠦᠭᠡᠢ ᠳᠣᠲᠣᠭᠠᠳᠤ ᠬᠡᠷᠡᠭᠴᠡᠭᠡ᠎ᠪᠡᠷ ᠭᠣᠣᠯᠯᠠᠭᠤᠯᠬᠤ᠂ ᠬᠡᠷᠡᠭᠯᠡᠭᠡ᠎ᠪᠡᠷ ᠳᠠᠢᠴᠢᠯᠠᠬᠤ ᠰᠢᠨ᠎ᠡ ᠵᠠᠭᠪᠤᠷ ᠲᠡᠢᠰᠢ ᠰᠢᠯᠵᠢᠬᠦ ᠪᠣᠯᠣᠨ᠎ᠠ᠃ ᠣᠳᠣᠬᠠᠨ᠎ᠳᠤ᠂ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ ᠪᠠᠢᠬᠤ ᠪᠣᠯ ᠮᠥᠨ ᠬᠦ᠌ ᠮᠠᠨ᠎ᠤ ᠤᠯᠤᠰ᠎ᠤᠨ ᠠᠵᠤ ᠠᠬᠤᠢ᠎ᠶᠢᠨ ᠡᠷᠭᠢᠯᠲᠠ᠎ᠳᠠᠬᠢ ᠲᠣᠪᠣᠢᠮ᠎ᠠ ᠵᠥᠷᠢᠴᠡᠯ ᠮᠥᠨ᠂ ᠢᠯᠠᠩᠭᠤᠶ᠎ᠠ ᠬᠡᠷᠡᠭᠯᠡᠭᠡ ᠵᠢᠨ ᠳᠤᠲᠠᠭᠤᠳᠠᠯ ᠨᠡᠯᠢᠶᠡᠳ ᠢᠯᠡᠷᠬᠡᠢ ᠪᠠᠢᠵᠤ᠂ ᠳᠣᠲᠣᠭᠠᠳᠤ ᠨᠡᠮᠡᠭᠳᠡᠯ᠎ᠦᠨ ᠬᠥᠳᠡᠯᠭᠡᠬᠦ ᠬᠦᠴᠦᠨ᠎ᠢ ᠴᠢᠩᠭᠠᠷᠠᠭᠤᠯᠬᠤ ᠴᠢᠬᠤᠯᠠᠲᠠᠢ ᠪᠠᠢᠨ᠎ᠠ᠃ ᠬᠡᠷᠡᠭᠯᠡᠭᠡ ᠪᠣᠯᠣᠨ ᠪᠡᠯᠡ ᠣᠷᠣᠭᠤᠯᠤᠯᠲᠠ᠎ᠶᠢᠨ ᠰᠠᠢᠨ ᠦᠢᠯᠡᠳᠦᠯᠴᠡᠯ᠎ᠢ ᠠᠬᠢᠭᠤᠯᠬᠤ ᠪᠣᠯ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠰᠢᠯᠤᠭᠤᠳᠬᠠᠬᠤ ᠭᠣᠣᠯᠯᠠᠭ᠍ᠴᠢ ᠭᠠᠷᠳᠠᠴᠠ ᠪᠣᠯᠣᠨ ᠵᠠᠩᠭᠢᠯᠠᠭ᠎ᠠ᠎ᠶᠢᠨ ᠠᠷᠭ᠎ᠠ ᠵᠠᠮ ᠪᠠᠢᠵᠤ᠂ ᠤᠯᠤᠰ᠎ᠤᠨ ᠳᠣᠲᠣᠭᠠᠳᠤ᠎ᠶᠢᠨ ᠠᠵᠤ ᠠᠬᠤᠢ᠎ᠶᠢᠨ ᠣᠷᠴᠢᠯ᠎ᠤᠨ ᠤᠷᠤᠭᠰᠢᠲᠠᠢ ᠪᠠᠢᠬᠤ᠎ᠶᠢ ᠠᠬᠢᠭᠤᠯᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠤᠨ ᠤᠶᠠᠨ ᠬᠠᠳᠠᠨ ᠴᠢᠨᠠᠷ ᠪᠣᠯᠣᠨ ᠨᠠᠢᠳᠠᠪᠤᠷᠢᠲᠤ ᠴᠢᠨᠠᠷ᠎ᠢ ᠴᠢᠩᠭᠠᠳᠬᠠᠬᠤ᠎ᠳᠤ ᠠᠰᠢᠭ᠍ᠲᠠᠢ ᠪᠥᠭᠡᠳ ᠮᠠᠨ᠎ᠤ ᠤᠯᠤᠰ᠎ᠤᠨ ᠪᠦᠬᠦ ᠤᠯᠤᠰ᠎ᠤᠨ ᠨᠢᠭᠡᠳᠦᠯᠲᠡᠢ ᠶᠡᠬᠡ ᠵᠠᠬ᠎ᠠ ᠳᠡᠯᠭᠡᠭᠦᠷ᠎ᠲᠦ ᠲᠦᠰᠢᠭᠯᠡᠨ ᠪᠦᠬᠦ ᠪᠥᠮᠪᠥᠷᠴᠡᠭ᠎ᠦᠨ ᠴᠢᠨᠠᠷ ᠰᠠᠢᠲᠠᠢ ᠦᠢᠯᠡᠳᠪᠦᠷᠢᠯᠡᠯ᠎ᠦᠨ ᠡᠯᠧᠮᠧᠨ᠋ᠲ᠎ᠢ ᠲᠥᠪᠯᠡᠷᠡᠭᠦᠯᠵᠦ᠂ ᠤᠯᠠᠨ ᠤᠯᠤᠰ᠎ᠤᠨ ᠥᠷᠢᠰᠦᠯᠳᠦᠭᠡᠨ ᠪᠣᠯᠣᠨ ᠬᠠᠮᠲᠤᠷᠠᠯᠴᠠᠭᠠᠨ᠎ᠤ ᠰᠢᠨ᠎ᠡ ᠳᠠᠪᠠᠭᠤᠯᠢᠭ᠋᠎ᠢ ᠪᠤᠢ ᠪᠣᠯᠭᠠᠬᠤ᠎ᠳᠤ ᠬᠡᠷᠡᠭᠴᠡᠭᠡ᠎ᠶᠢᠨ ᠲᠤᠯᠭᠠᠭᠤᠷᠢᠯᠠᠯ ᠬᠠᠩᠭᠠᠵᠤ ᠪᠣᠯᠣᠨ᠎ᠠ᠃
ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭᠠᠨ᠎ᠤ ᠳᠣᠲᠣᠭᠠᠳᠤ ᠱᠠᠭᠠᠷᠳᠠᠯᠭ᠎ᠠ᠎ᠶᠢ ᠦᠢᠯᠡᠳᠦᠯᠭᠡᠵᠢᠭᠦᠯᠬᠦ ᠬᠡᠷᠡᠭᠲᠠᠢ᠃ ᠮᠠᠨ᠎ᠤ ᠤᠯᠤᠰ ᠨᠢᠭᠡᠨᠲᠡ ᠴᠢᠨᠠᠷ ᠰᠠᠢᠲᠠᠢ ᠬᠥᠭᠵᠢᠯᠲᠡ᠎ᠶᠢᠨ ᠱᠠᠲᠤᠨ᠎ᠳᠤ ᠣᠷᠣᠵᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠳᠦ ᠥᠪᠡᠷᠮᠢᠴᠡ᠂ ᠣᠯᠠᠨ ᠶᠠᠩᠵᠤ᠎ᠶᠢᠨ᠂ ᠣᠯᠠᠨ ᠲᠠᠰ ᠳᠠᠪᠬᠤᠷᠭ᠎ᠠ᠎ᠶᠢᠨ ᠣᠨᠴᠠᠯᠢᠭ᠋ ᠢᠯᠡᠷᠡᠵᠦ ᠪᠤᠢ᠃ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠨᠡᠩ ᠰᠠᠢᠲᠤᠷ ᠬᠠᠩᠭᠠᠬᠤ᠎ᠶᠢᠨ ᠲᠣᠭᠣᠷᠢᠨ᠎ᠳᠤ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠨᠢᠭᠦᠯᠬᠦ ᠨᠢ ᠬᠡᠷᠡᠭᠯᠡᠭᠡ ᠵᠢᠨ ᠬᠠᠩᠭᠠᠯᠭ᠎ᠠ᠎ᠶᠢᠨ ᠲᠦᠷᠦᠯ᠎ᠢ ᠦᠷᠭᠦᠯᠵᠢᠯᠡᠨ ᠪᠠᠶᠠᠯᠢᠭ᠍ᠵᠢᠭᠤᠯᠵᠤ᠂ ᠬᠡᠷᠡᠭᠯᠡᠭᠡ ᠵᠢᠨ ᠰᠠᠭᠤᠷᠢ ᠲᠥᠬᠦᠭᠡᠷᠦᠮᠵᠢ᠎ᠶᠢᠨ ᠨᠥᠬᠥᠴᠡᠯ᠎ᠢ ᠰᠢᠯᠢᠳᠡᠭᠵᠢᠭᠦᠯᠵᠦ᠂ ᠰᠢᠨ᠎ᠡ ᠦᠢᠯᠡᠳᠬᠦᠨ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠵᠠᠭᠪᠤᠷ᠎ᠢ ᠪᠤᠢ ᠪᠣᠯᠭᠠᠬᠤ ᠪᠥᠭᠡᠳ ᠪᠠᠰᠠ ᠦᠢᠯᠡᠳᠬᠦᠨ ᠪᠠ ᠦᠢᠯᠡᠴᠢᠯᠡᠭᠡᠨ᠎ᠦ ᠬᠠᠩᠭᠠᠯᠭ᠎ᠠ ᠬᠡᠷᠡᠭᠴᠡᠭᠡ᠎ᠶᠢ ᠵᠣᠬᠢᠰᠲᠠᠢ ᠲᠣᠬᠢᠷᠠᠭᠤᠯᠬᠤ ᠨᠤᠷᠮ᠎ᠠ᠎ᠶᠢ ᠳᠡᠭᠡᠭᠰᠢᠯᠡᠭᠦᠯᠵᠦ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠦᠷᠭᠦᠯᠵᠢᠯᠡᠨ ᠨᠡᠮᠡᠭᠳᠡᠭᠦᠯᠵᠦ ᠴᠢᠳᠠᠨ᠎ᠠ᠃
ᠪᠠᠭᠲᠠᠭᠠᠮᠵᠢ᠎ᠶᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ ᠣᠷᠣᠨ ᠵᠠᠢ ᠨᠡᠯᠢᠶᠡᠳ ᠶᠡᠬᠡ ᠪᠠᠢᠨ᠎ᠠ
ᠰᠢᠨ᠎ᠡ ᠴᠠᠭ ᠦᠶ᠎ᠡ᠎ᠡᠴᠡ ᠨᠠᠭᠠᠰᠢ᠂ ᠮᠠᠨ᠎ᠤ ᠤᠯᠤᠰ᠎ᠤᠨ ᠬᠡᠷᠡᠭᠯᠡᠭᠡ ᠪᠣᠯᠣᠨ ᠪᠡᠯᠡ ᠣᠷᠣᠭᠤᠯᠤᠯᠲᠠ᠎ᠶᠢᠨ ᠬᠡᠪᠴᠢᠶ᠎ᠡ ᠲᠣᠭᠲᠠᠭᠤᠨ᠎ᠢᠶᠠᠷ ᠥᠷᠭᠡᠳᠴᠦ᠂ ᠬᠡᠷᠡᠭᠯᠡᠭᠡ ᠵᠢᠨ ᠰᠠᠭᠤᠷᠢ ᠴᠢᠨᠠᠷᠲᠠᠢ ᠦᠢᠯᠡᠳᠦᠯ ᠪᠣᠯᠣᠨ ᠪᠡᠯᠡ ᠣᠷᠣᠭᠤᠯᠤᠯᠲᠠ᠎ᠶᠢᠨ ᠵᠠᠩᠭᠢᠯᠠᠭ᠎ᠠ᠎ᠶᠢᠨ ᠦᠢᠯᠡᠳᠦᠯ ᠤᠯᠠᠮ ᠴᠢᠩᠭᠠᠷᠠᠪᠠ᠃ 2012 ᠣᠨ᠎ᠠᠴᠠ 2025 ᠣᠨ ᠪᠣᠯᠲᠠᠯ᠎ᠠ᠂ ᠠᠵᠤ ᠠᠬᠤᠢ᠎ᠶᠢᠨ ᠨᠡᠮᠡᠭᠳᠡᠯ᠎ᠳᠦ ᠳᠣᠲᠣᠭᠠᠳᠤ ᠬᠡᠷᠡᠭᠴᠡᠭᠡ᠎ᠶᠢᠨ ᠵᠢᠯ ᠳᠤᠮᠳᠠᠴᠢ᠎ᠶᠢᠨ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 91%ᠵᠢ ᠳᠠᠪᠠᠵᠤ᠂ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠬᠤ ᠭᠣᠣᠯ ᠬᠦᠴᠦᠨ ᠪᠠ ᠲᠣᠭᠲᠠᠪᠤᠷᠢᠵᠢᠭᠤᠯᠤᠭᠴᠢ ᠪᠣᠯᠤᠭᠰᠠᠨ ᠪᠠᠢᠨ᠎ᠠ᠃ ᠭᠡᠪᠡᠴᠦ ᠮᠠᠨ᠎ᠤ ᠤᠯᠤᠰ᠎ᠤᠨ ᠠᠵᠤ ᠠᠬᠤᠢ᠎ᠶᠢᠨ ᠡᠷᠭᠢᠯᠲᠡ᠎ᠳᠤ ᠮᠥᠨ ᠯᠡ ᠬᠠᠩᠭᠠᠯᠭ᠎ᠠ ᠬᠦᠴᠦᠷᠬᠡᠭ ᠬᠡᠷᠡᠭᠴᠡᠭᠡ ᠪᠠᠭᠤᠷᠠᠢ ᠪᠠᠢᠬᠤ ᠵᠥᠷᠢᠴᠡᠯ ᠲᠤᠯᠭᠠᠷᠠᠵᠤ᠂ ᠬᠡᠷᠡᠭᠯᠡᠭᠡ ᠪᠠ ᠪᠡᠯᠡ ᠣᠷᠣᠭᠤᠯᠤᠯᠲᠠ᠎ᠶᠢᠨ ᠯᠤᠲᠤ ᠶᠡᠬᠡ ᠲᠠᠯᠳᠠ ᠬᠦᠴᠦᠨ᠎ᠢ ᠭᠦᠢᠴᠡᠳ ᠪᠠᠳᠠᠷᠠᠭᠤᠯᠵᠤ᠂ ᠬᠣᠶᠠᠭᠤᠯᠠ᠎ᠶᠢᠨ ᠰᠠᠢᠨ ᠦᠢᠯᠡᠳᠦᠯᠴᠡᠯ᠎ᠢ ᠠᠬᠢᠭᠤᠯᠬᠤ ᠴᠢᠬᠤᠯᠠᠲᠠᠢ ᠪᠠᠢᠬᠤ᠎ᠶᠢ ᠣᠯᠵᠤ ᠬᠠᠷᠠᠬᠤ ᠬᠡᠷᠡᠭᠲᠡᠢ᠃
ᠤᠯᠤᠰ᠎ᠤᠨ ᠭᠠᠳᠠᠭᠠᠳᠦ᠎ᠲᠠᠢ ᠬᠠᠷᠢᠴᠠᠭᠤᠯᠪᠠᠯ᠂ ᠪᠡᠯᠡ ᠣᠷᠣᠭᠤᠯᠤᠯᠲᠠ ᠪᠠ ᠬᠡᠷᠡᠭᠯᠡᠭᠡ ᠨᠢ ᠮᠥᠨ ᠬᠦ᠌ ᠨᠡᠯᠢᠶᠡᠳ ᠶᠡᠬᠡ ᠳᠡᠭᠡᠭᠰᠢᠯᠡᠬᠦ ᠣᠷᠣᠨ ᠵᠠᠢᠲᠠᠢ ᠪᠠᠢᠨ᠎ᠠ᠃ ᠣᠳᠣᠬᠠᠨ᠎ᠳᠤ᠂ ᠮᠠᠨ᠎ᠤ ᠤᠯᠤᠰ᠎ᠤᠨ ᠬᠥᠮᠥᠨ ᠳᠤᠮᠳᠠᠴᠢ᠎ᠶᠢᠨ ᠬᠥᠷᠥᠩᠭᠡ᠎ᠶᠢᠨ ᠬᠠᠳᠠᠭᠠᠯᠠᠯᠲᠠ᠎ᠶᠢᠨ ᠬᠡᠮᠵᠢᠶ᠎ᠡ ᠪᠠᠰᠠ ᠬᠥᠭᠵᠢᠭᠰᠡᠨ ᠤᠯᠤᠰ᠎ᠤᠨ ᠬᠠᠭᠠᠰ᠎ᠲᠤ ᠴᠤ᠌ ᠬᠦᠷᠬᠦ ᠦᠭᠡᠢ ᠪᠠᠢᠵᠤ᠂ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠬᠦ᠎ᠳᠦ ᠮᠥᠨ ᠥᠷᠭᠡᠨ ᠠᠭᠤᠳᠠᠮ ᠣᠷᠣᠨ ᠵᠠᠢ ᠪᠠ ᠯᠤᠲᠤ ᠶᠡᠬᠡ ᠳᠠᠯᠳᠠ ᠬᠦᠴᠦᠨ᠎ᠲᠠᠢ ᠪᠠᠢᠨ᠎ᠠ᠃ ᠬᠡᠷᠡᠭᠯᠡᠭᠡ ᠵᠢᠨ ᠲᠠᠯ᠎ᠠ᠎ᠳᠤ᠂ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠬᠡᠷᠡᠭᠯᠡᠭᠡ ᠵᠢᠨ ᠨᠤᠷᠮ᠎ᠠ ᠵᠥᠪᠬᠡᠨ 40% ᠣᠷᠴᠢᠮ ᠪᠠᠢᠵᠤ᠂ ᠥᠨᠳᠥᠷ ᠣᠷᠣᠯᠭ᠎ᠠ᠎ᠲᠠᠢ ᠠᠵᠤ ᠠᠬᠤᠢ᠎ᠶᠢᠨ ᠴᠣᠭᠴᠠ᠎ᠶᠢᠨ 70% ᠣᠷᠴᠢᠮ᠎ᠤᠨ ᠲᠦᠪᠰᠢᠨ᠎ᠡᠴᠡ ᠬᠤᠯᠠ ᠳᠣᠣᠷ᠎ᠠ ᠪᠠᠢᠬᠤ᠎ᠪᠠᠷ ᠪᠠᠷᠠᠬᠤ ᠦᠭᠡᠢ᠂ 56% ᠣᠷᠴᠢᠮ᠎ᠤᠨ ᠳᠡᠯᠡᠬᠡᠢ᠎ᠶᠢᠨ ᠳᠤᠮᠳᠠᠴᠢ ᠲᠦᠪᠰᠢᠨ᠎ᠡᠴᠡ ᠴᠦ᠍ ᠳᠣᠣᠷ᠎ᠠ ᠪᠠᠢᠨ᠎ᠠ᠃ ᠣᠳᠣᠬᠠᠨ᠎ᠳᠤ ᠮᠠᠨ᠎ᠤ ᠤᠯᠤᠰ᠎ᠤᠨ ᠬᠥᠮᠥᠨ ᠳᠤᠮᠳᠠᠴᠢ᠎ᠶᠢᠨGDP ᠨᠢᠭᠡᠨᠲᠡ 1.3 ᠲᠦᠮᠡᠨ ᠳ᠋ᠣᠯᠯᠠᠷ᠎ᠢ ᠳᠠᠪᠠᠵᠤ᠂ ᠰᠠᠭᠤᠭᠠᠯᠢ ᠠᠷᠠᠳ᠎ᠤᠨ ᠬᠡᠷᠡᠭᠯᠡᠭᠡ ᠶᠠᠭ ᠬᠥᠭᠵᠢᠯᠲᠡ᠎ᠶᠢᠨ ᠬᠡᠯᠪᠡᠷᠢ᠂ ᠶᠠᠰᠤ ᠴᠢᠨᠠᠷ᠎ᠤᠨ ᠬᠡᠯᠪᠡᠷᠢ ᠲᠡᠢᠰᠢ ᠲᠠᠰ ᠳᠡᠪᠰᠢᠬᠦ ᠱᠠᠲᠤᠨ᠎ᠳᠤ ᠣᠷᠣᠰᠢᠵᠤ᠂ ᠬᠡᠷᠡᠭᠯᠡᠭᠡ ᠵᠢᠨ ᠬᠡᠪᠴᠢᠶ᠎ᠡ᠎ᠶᠢᠨ ᠥᠷᠭᠡᠵᠢᠯ ᠪᠠ ᠶᠠᠰᠤ ᠴᠢᠨᠠᠷ᠎ᠤᠨ ᠳᠡᠭᠡᠭᠰᠢᠯᠡᠯᠲᠡ ᠨᠢ ᠨᠢᠭᠡᠨᠲᠡ ᠶᠡᠬᠡ ᠬᠠᠨᠳᠤᠰᠢ ᠪᠣᠯᠵᠤ᠂ ᠬᠣᠢᠰᠢᠳᠠ᠎ᠶᠢᠨ ᠨᠢᠭᠡ ᠬᠤᠭᠤᠴᠠᠭᠠᠨ᠎ᠳᠤ ᠣᠯᠠᠨ ᠲᠠᠰ ᠳᠠᠪᠬᠤᠷᠭ᠎ᠠ᠎ᠶᠢᠨ᠂ ᠴᠢᠨᠠᠷ ᠰᠠᠢᠲᠠᠢ᠂ ᠣᠯᠠᠨ ᠶᠠᠩᠵᠤ᠎ᠶᠢᠨ ᠬᠡᠷᠡᠭᠯᠡᠭᠡ ᠵᠢᠨ ᠬᠡᠷᠡᠭᠴᠡᠭᠡ ᠲᠦᠷᠭᠡᠨ ᠨᠡᠮᠡᠭᠳᠡᠬᠦ᠎ᠶᠢ ᠤᠷᠢᠳᠴᠢᠯᠠᠨ ᠮᠡᠳᠡᠵᠦ ᠪᠣᠯᠣᠨ᠎ᠠ᠃
ᠤᠯᠤᠰ᠎ᠤᠨ ᠳᠣᠲᠣᠭᠠᠳᠤ᠎ᠶᠢᠨ ᠪᠠᠢᠳᠠᠯ᠎ᠠᠴᠠ ᠦᠵᠡᠪᠡᠯ᠂ ᠮᠠᠨ᠎ᠤ ᠤᠯᠤᠰ᠎ᠤᠨ ᠠᠵᠤ ᠠᠬᠤᠢ᠎ᠶᠢᠨ ᠰᠠᠭᠤᠷᠢ ᠲᠣᠭᠲᠠᠭᠤᠨ᠂ ᠳᠠᠪᠠᠭᠤᠯᠢᠭ᠋ ᠲᠠᠯ᠎ᠠ ᠣᠯᠠᠨ᠂ ᠤᠶᠠᠨ ᠬᠠᠲᠠᠨ ᠴᠢᠨᠠᠷ᠎ᠢᠶᠠᠷ ᠴᠢᠩᠭ᠎ᠠ᠂ ᠳᠠᠯᠳᠠ ᠴᠢᠳᠠᠪᠤᠷᠢ ᠶᠡᠬᠡ᠂ ᠣᠷᠳᠣ᠌ ᠬᠤᠭᠤᠴᠠᠭ᠎ᠠ᠎ᠪᠠᠷ ᠰᠠᠢᠵᠢᠷᠠᠬᠤ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ᠃ ᠣᠳᠣᠬᠠᠨ᠎ᠳᠤ ᠬᠡᠷᠡᠭᠯᠡᠭᠡ ᠪᠠ ᠪᠡᠯᠡ ᠣᠷᠣᠭᠤᠯᠤᠯᠲᠠ᠎ᠶᠢᠨ ᠰᠠᠢᠨ ᠦᠢᠯᠡᠳᠦᠯᠴᠡᠯ᠎ᠢ ᠠᠬᠢᠭᠤᠯᠬᠤ᠎ᠳᠤ ᠬᠡᠳᠦᠢᠪᠡᠷ ᠰᠢᠯᠢᠳᠡᠭ ᠬᠠᠩᠭᠠᠯᠭ᠎ᠠ ᠪᠦᠲᠦᠴᠡ᠎ᠶᠢᠨ ᠴᠢᠨᠠᠷᠲᠠᠢ ᠳᠤᠲᠠᠭᠤᠳᠠᠯ᠎ᠳᠤ ᠲᠤᠯᠭᠠᠷᠠᠵᠤ᠂ ᠰᠠᠭᠤᠭᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ᠎ᠶᠢᠨ GDP᠎ᠳᠡᠬᠢ ᠡᠵᠡᠯᠡᠬᠦ ᠬᠤᠪᠢ᠎ᠶᠢᠨ ᠵᠢᠩ ᠥᠨᠳᠥᠷ ᠪᠢᠰᠢ ᠪᠣᠳᠠᠲᠤ ᠬᠢᠵᠠᠭᠠᠷᠯᠠᠯ᠎ᠳᠤ ᠲᠤᠯᠭᠠᠷᠠᠵᠤ ᠪᠠᠢᠭ᠎ᠠ ᠪᠣᠯᠪᠠᠴᠤ ᠡᠳᠡᠭᠡᠷ ᠣᠯᠠᠩᠬᠢ ᠨᠢ ᠬᠥᠭᠵᠢᠯᠲᠡ᠎ᠶᠢᠨ ᠳᠤᠮᠳᠠᠬᠢ᠂ ᠬᠡᠯᠪᠡᠷᠢ᠎ᠪᠡᠨ ᠬᠤᠪᠢᠷᠠᠭᠤᠯᠬᠤ ᠳᠤᠮᠳᠠᠬᠢ ᠠᠰᠠᠭᠤᠳᠠᠯ ᠪᠣᠯᠣᠨ᠎ᠠ᠂ ᠴᠢᠷᠮᠠᠢᠪᠠᠯ ᠪᠦᠷᠢᠮᠦᠰᠦᠨ ᠰᠢᠢᠳᠪᠦᠷᠢᠯᠡᠵᠦ ᠪᠣᠯᠬᠤ ᠶᠤᠮ᠃ ᠣᠳᠣᠬᠢ ᠱᠠᠲᠤᠨ᠎ᠳᠤ ᠮᠠᠨ᠎ᠤ ᠤᠯᠤᠰ᠎ᠤᠨ ᠶᠡᠷᠦᠩᠬᠡᠢ ᠬᠠᠳᠠᠭᠠᠯᠠᠮᠵᠢ᠎ᠶᠢᠨ ᠨᠤᠷᠮ᠎ᠠ 43% ᠣᠷᠴᠢᠮ ᠪᠠᠢᠵᠤ᠂ ᠡᠸᠦ᠋ᠷᠦᠫᠡ ᠠᠮᠧᠷᠢᠺᠠ᠎ᠶᠢᠨ ᠭᠣᠣᠯ ᠬᠥᠭᠵᠢᠭᠰᠡᠨ ᠤᠯᠤᠰ᠎ᠠᠴᠠ ᠬᠤᠯᠠ ᠥᠨᠳᠥᠷ ᠪᠠᠢᠵᠤ᠂ ᠮᠤᠨᠳᠠᠭ ᠶᠡᠬᠡ ᠬᠠᠳᠠᠭᠠᠯᠠᠮᠵᠢ᠎ᠶᠢᠨ ᠬᠡᠪᠴᠢᠶ᠎ᠡ ᠨᠢ ᠪᠦᠲᠦᠮᠵᠢᠲᠡᠢ ᠪᠡᠯᠡ ᠣᠷᠣᠭᠤᠯᠤᠯᠲᠠ ᠪᠣᠯᠭᠠᠨ ᠬᠤᠪᠢᠷᠠᠭᠤᠯᠬᠤ ᠯᠤᠲᠤ ᠶᠡᠬᠡ ᠲᠠᠯᠳᠠ ᠬᠦᠴᠦᠨ ᠬᠠᠡᠭᠭᠠᠵᠤ᠂ ᠬᠡᠷᠡᠭᠯᠡᠭᠡ ᠪᠠ ᠪᠡᠯᠡ ᠣᠷᠣᠭᠤᠯᠤᠯᠲᠠ᠎ᠶᠢᠨ ᠰᠠᠢᠨ ᠦᠢᠯᠡᠳᠦᠯᠴᠡᠯ᠎ᠢ ᠠᠬᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠵᠤ ᠪᠤᠢ᠃
ᠨᠡᠩ ᠥᠨᠳᠥᠷ ᠲᠦᠪᠰᠢᠨ ᠪᠦᠬᠦᠢ ᠬᠥᠳᠡᠯᠦᠩᠭᠦᠢ ᠲᠡᠩᠴᠡᠭᠦᠷᠢ᠎ᠶᠢ ᠪᠦᠷᠢᠯᠳᠦᠭᠦᠯᠬᠦ᠎ᠶᠢ ᠠᠬᠢᠭᠤᠯᠬᠤ ᠬᠡᠷᠡᠭᠲᠠᠢ
ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠬᠡᠷᠡᠭᠯᠡᠭᠡ᠎ᠶᠢ ᠠᠬᠢᠭᠤᠯᠬᠤ ᠪᠠ ᠪᠡᠯᠡ ᠣᠷᠣᠭᠤᠯᠤᠯᠲᠠ᠎ᠶᠢ ᠥᠷᠭᠡᠳᠬᠡᠬᠦ᠎ᠶᠢ ᠨᠢᠭᠡᠳᠦᠯᠲᠡᠢ ᠲᠥᠯᠥᠪᠯᠡᠨ᠂ ᠬᠡᠷᠡᠭᠯᠡᠭᠡ ᠪᠠ ᠪᠡᠯᠡ ᠣᠷᠣᠭᠤᠯᠤᠯᠲᠠ ᠬᠣᠶᠠᠷ ᠲᠠᠯ᠎ᠠ᠎ᠪᠠᠷ ᠬᠦᠴᠦᠯᠡᠬᠦ᠂ ᠬᠠᠷᠢᠯᠴᠠᠨ ᠬᠥᠳᠡᠯᠦᠯᠴᠡᠨ ᠬᠠᠮᠵᠢᠯᠴᠠᠬᠤ᠎ᠶᠢ ᠪᠠᠷᠢᠮᠲᠠᠯᠠᠬᠤ᠂ ᠬᠡᠷᠡᠭᠴᠡᠭᠡ᠎ᠪᠡᠷ ᠬᠠᠩᠭᠠᠯᠭ᠎ᠠ᠎ᠶᠢ ᠬᠥᠲᠥᠯᠬᠦ᠂ ᠬᠠᠩᠭᠠᠯᠭ᠎ᠠ᠎ᠪᠠᠷ ᠬᠡᠷᠡᠭᠴᠡᠭᠡ᠎ᠶᠢ ᠡᠭᠦᠳᠬᠦ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠢ ᠲᠡᠩᠴᠡᠭᠦᠷᠢ᠎ᠶᠢ ᠪᠤᠢ ᠪᠣᠯᠭᠠᠬᠤ᠎ᠶᠢ ᠠᠬᠢᠭᠤᠯᠵᠤ᠂ ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠭᠰᠠᠨ᠂ ᠬᠡᠷᠡᠭᠯᠡᠭᠡ᠎ᠪᠡᠷ ᠳᠠᠢᠴᠢᠯᠠᠭᠰᠠᠨ᠂ ᠳᠣᠲᠣᠭᠠᠳᠤ᠎ᠶᠢᠨ ᠨᠡᠮᠡᠭᠳᠡᠯᠪᠦᠬᠦᠢ ᠨᠡᠩ ᠤᠯᠠᠨ ᠠᠵᠤ ᠠᠬᠤᠢ᠎ᠶᠢᠨ ᠬᠥᠭᠵᠢᠯᠲᠡ᠎ᠶᠢᠨ ᠵᠠᠭᠪᠤᠷ᠎ᠢ ᠪᠤᠢ ᠪᠣᠯᠭᠠᠵᠤ᠂ ᠤᠯᠤᠰ ᠠᠷᠠᠳ᠎ᠤᠨ ᠠᠵᠤ ᠠᠬᠤᠢ᠎ᠶᠢᠨ ᠰᠠᠢᠨ ᠣᠷᠴᠢᠯ᠎ᠢ ᠪᠦᠷᠢᠯᠳᠦᠭᠦᠯᠬᠦ ᠬᠡᠷᠡᠭᠲᠡᠢ᠃
ᠬᠦᠴᠦᠯᠡᠬᠦ ᠴᠢᠭᠯᠡᠯ᠎ᠢ ᠣᠨᠣᠪᠴᠢᠲᠠᠶ ᠣᠯᠬᠤ ᠬᠡᠷᠡᠭᠲᠠᠢ᠃ ᠪᠡᠯᠡ ᠣᠷᠣᠭᠤᠯᠤᠯᠲᠠ᠎ᠶᠢᠨ ᠦᠷ᠎ᠡ ᠠᠰᠢᠭ᠋᠎ᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠡᠯᠡ ᠣᠷᠣᠭᠤᠯᠤᠯᠲᠠ ᠪᠠ ᠬᠡᠷᠡᠭᠯᠡᠭᠡ᠎ᠶᠢᠨ ᠤᠶᠠᠯᠳᠤᠯ᠎ᠤᠨ ᠴᠡᠭ᠎ᠢ ᠡᠷᠢᠯᠬᠢᠯᠡᠵᠦ᠂ ᠬᠡᠷᠡᠭᠯᠡᠭᠡ᠎ᠶᠢᠨ ᠰᠠᠭᠤᠷᠢ ᠲᠥᠬᠦᠭᠡᠷᠦᠮᠵᠢ᠂ ᠬᠡᠷᠡᠭᠯᠡᠭᠡ᠎ᠶᠢᠨ ᠦᠢᠯᠡᠴᠢᠯᠡᠭᠡᠨ᠎ᠦ ᠴᠢᠳᠠᠮᠵᠢ᠎ᠶᠢ ᠳᠡᠭᠡᠭᠰᠢᠯᠡᠭᠦᠯᠬᠦ ᠲᠦᠷᠦᠯ ᠵᠦᠢᠯ᠂ ᠬᠡᠷᠡᠭᠯᠡᠭᠡ᠎ᠶᠢᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠰᠢᠨ᠎ᠡ ᠬᠡᠪ ᠵᠠᠭᠪᠤᠷ᠎ᠤᠨ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠵᠦ᠂ ᠪᠣᠳᠠᠰ᠎ᠤᠨ ᠪᠡᠯᠡ ᠣᠷᠣᠭᠤᠯᠤᠯᠲᠠ ᠪᠠ ᠬᠥᠮᠥᠨ᠎ᠦ ᠪᠡᠯᠡ ᠣᠷᠣᠭᠤᠯᠤᠯᠲᠠ᠎ᠶᠢᠨ ᠨᠢᠭ᠍ᠲᠠ ᠤᠶᠠᠯᠳᠤᠯ᠎ᠢ ᠨᠡᠩ ᠰᠠᠢᠲᠤᠷ ᠠᠬᠢᠭᠤᠯᠤᠨ᠎ᠠ᠃ ᠰᠢᠨ᠎ᠡ ᠬᠡᠯᠪᠡᠷᠢ᠎ᠶᠢᠨ ᠰᠠᠭᠤᠷᠢ ᠲᠦᠬᠦᠭᠡᠷᠦᠮᠵᠢ᠎ᠪᠡᠷ ᠬᠡᠷᠡᠭᠯᠡᠭᠡ ᠪᠠ ᠪᠡᠯᠡ ᠣᠷᠣᠭᠤᠯᠤᠯᠲᠠ᠎ᠶᠢ ᠵᠣᠯᠭᠠᠭᠤᠯᠬᠤ ᠴᠢᠬᠤᠯᠠ ᠬᠣᠯᠪᠣᠭᠠᠰᠤ ᠪᠣᠯᠭᠠᠵᠤ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠪᠡᠯᠡ ᠣᠷᠣᠭᠤᠯᠤᠯᠲᠠ᠎ᠶᠢᠨ ᠳᠣᠣᠷᠠᠳᠤ ᠳᠠᠪᠬᠤᠷᠭ᠎ᠠ᠎ᠶᠢᠨ ᠰᠠᠭᠤᠷᠢ᠎ᠶᠢ ᠪᠡᠬᠢᠵᠢᠭᠦᠯᠦᠨ᠎ᠡ᠃ ᠠᠬᠤᠢ ᠪᠠᠢᠳᠠᠯ᠎ᠤᠨ ᠰᠢᠨ᠎ᠡ᠎ᠶᠢ ᠡᠭᠦᠳᠬᠦ ᠪᠠ ᠬᠡᠷᠡᠭᠯᠡᠭᠡ᠎ᠶᠢᠨ ᠰᠠᠭᠤᠷᠢ ᠲᠥᠬᠦᠭᠡᠷᠦᠮᠵᠢ᠎ᠶᠢ ᠰᠢᠯᠢᠳᠡᠭᠵᠢᠭᠦᠯᠬᠦ᠎ᠪᠡᠷ ᠭᠠᠷᠳᠠᠴᠠ ᠪᠣᠯᠭᠠᠵᠤ᠂ ᠪᠣᠳᠠᠲᠤ ᠴᠣᠭᠴᠠ᠎ᠶᠢᠨ ᠡᠵᠡᠩᠨᠡᠯᠲᠡ᠎ᠶᠢᠨ ᠪᠤᠲᠠᠲᠠᠢ ᠠᠭᠤᠰᠤᠯᠴᠠᠯᠲᠠ᠂ ᠪᠡᠶᠡᠴᠢᠯᠡᠨ ᠣᠢᠯᠠᠭᠠᠬᠤ ᠬᠡᠯᠪᠡᠷᠢ᠂ ᠬᠠᠷᠢᠯᠴᠠᠨ ᠬᠤᠷᠰᠢᠯᠴᠠᠬᠤ ᠴᠢᠨᠠᠷ᠂ ᠶᠡᠷᠦᠩᠬᠡᠢᠯᠡᠭᠰᠡᠨ ᠬᠡᠯᠪᠡᠷᠢᠪᠦᠬᠦᠢ ᠬᠡᠷᠡᠭᠯᠡᠭᠡ᠎ᠶᠢᠨ ᠠᠴᠢᠶᠠᠯᠠᠪᠤᠷᠢ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ ᠪᠡᠯᠡ ᠣᠷᠣᠭᠤᠯᠤᠯᠲᠠ᠎ᠳᠤ ᠨᠠᠩ ᠰᠠᠢᠨ ᠡᠨᠧᠷᠭᠢ ᠣᠯᠭᠣᠵᠤ ᠬᠡᠷᠡᠭᠯᠡᠭᠡ᠎ᠶᠢᠨ ᠲᠠᠰ ᠳᠡᠪᠰᠢᠬᠦ᠎ᠶᠢ ᠠᠬᠢᠭᠤᠯᠤᠨ᠎ᠠ᠃ ᠰᠢᠶᠠᠨ᠎ᠤ ᠬᠡᠪᠴᠢᠶᠡᠨ᠎ᠦ ᠬᠤᠳᠠᠯᠳᠤᠭᠠᠨ᠎ᠤ ᠰᠢᠰᠲᠧᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠬᠡᠷᠡᠭᠯᠡᠭᠡ ᠵᠢᠨ ᠰᠠᠭᠤᠷᠢ ᠳᠦᠬᠦᠭᠡᠷᠦᠮᠵᠢ᠎ᠶᠢ ᠨᠡᠢᠭᠡᠮ ᠲᠣᠭᠣᠷᠢᠭ᠋᠂ ᠬᠥᠳᠡᠭᠡ ᠲᠣᠰᠬᠣᠨ ᠲᠡᠢᠰᠢ ᠤᠷᠲᠤᠳᠬᠠᠬᠤ᠎ᠶᠢ ᠠᠬᠢᠭᠤᠯᠤᠨ᠎ᠠ᠃
ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠬᠦ ᠬᠡᠷᠡᠭᠲᠠᠢ᠃ ᠬᠦᠷᠢᠶ᠎ᠡ ᠴᠠᠷᠠᠭ᠎ᠠ ᠠᠯᠤᠰᠯᠠᠭᠰᠠᠨ ᠳ᠋ᠠᠢᠲ᠋ᠠ᠎ᠶᠢᠨ ᠡᠬᠢ ᠪᠠᠶᠠᠯᠢᠭ᠋᠎ᠢ ᠨᠡᠢᠳᠭᠡᠬᠦ᠂ ᠰᠠᠭᠤᠭᠠᠯᠢ ᠠᠷᠠᠳ᠎ᠤᠨ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ᠂ ᠬᠡᠷᠡᠭᠯᠡᠭᠡ ᠵᠡᠷᠭᠡ ᠬᠦᠷᠢᠶ᠎ᠡ ᠴᠠᠷᠠᠭ᠎ᠠ᠎ᠳᠠᠬᠢ ᠬᠡᠷᠡᠭᠴᠡᠭᠡ ᠱᠠᠭᠠᠷᠳᠠᠯᠭ᠎ᠠ᠎ᠶᠢᠨ ᠬᠥᠳᠡᠯᠦᠩᠭᠦᠢ ᠪᠠᠢᠳᠠᠯ᠎ᠢ ᠴᠠᠭ ᠲᠤᠬᠠᠢ ᠳ᠋ᠤᠨᠢ ᠡᠵᠡᠮᠰᠢᠬᠦ᠎ᠶᠢᠨ ᠬᠠᠮᠲᠤ᠂ ᠲᠡᠭᠦᠨ᠎ᠢ ᠵᠠᠰᠠᠭ ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠨᠡᠢᠭᠡᠮ᠎ᠦᠨ ᠬᠥᠷᠥᠩᠭᠡ᠎ᠶᠢᠨ ᠪᠡᠯᠡ ᠣᠷᠣᠭᠤᠯᠤᠯᠲᠠ᠎ᠶᠢ ᠬᠥᠲᠥᠯᠥᠨ ᠵᠢᠯᠤᠭᠣᠳᠬᠤ᠎ᠶᠢᠨ ᠴᠢᠬᠤᠯᠠ ᠯᠠᠪᠯᠠᠯᠲᠠ ᠪᠣᠯᠭᠠᠨ᠎ᠠ᠃ ᠣᠯᠠᠨ ᠨᠡᠶ᠋ᠢᠲᠡ᠎ᠶᠢᠨ ᠲᠥᠷᠥᠯ ᠵᠦᠢᠯ᠎ᠦᠨ ᠪᠡᠯᠡ ᠣᠷᠣᠭᠤᠯᠤᠯᠲᠠ᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠣᠯᠠᠨ ᠨᠡᠶ᠋ᠢᠲᠡ᠎ᠶᠢᠨ ᠣᠷᠣᠯᠴᠠᠬᠤ ᠲᠣᠭᠲᠠᠴᠠ᠎ᠶᠢ ᠪᠦᠷᠢᠨᠰᠢᠭᠦᠯᠵᠦ᠂ ᠢᠯᠡ᠎ᠪᠡᠷ ᠰᠠᠨᠠᠯ ᠬᠤᠷᠢᠶᠠᠬᠤ᠂ ᠠᠰᠠᠭᠤᠯᠲᠠ᠎ᠶᠢᠨ ᠬᠠᠭᠤᠳᠠᠰᠤ᠎ᠪᠠᠷ ᠪᠠᠢᠴᠠᠭᠠᠬᠤ᠂ ᠭᠡᠷᠡᠴᠢᠯᠡᠭᠡ ᠰᠣᠨᠣᠰᠬᠤ ᠬᠤᠷᠠᠯ ᠬᠢᠬᠦ ᠵᠡᠷᠭᠡ ᠣᠯᠠᠨ ᠵᠦᠢᠯ᠎ᠦᠨ ᠬᠡᠯᠪᠡᠷᠢ ᠪᠡᠷ ᠳᠠᠮᠵᠢᠭᠤᠯᠤᠨ ᠣᠷᠣᠯᠴᠠᠬᠤ ᠠᠷᠭ᠎ᠠ ᠵᠠᠮ᠎ᠢ ᠨᠢ ᠥᠷᠭᠡᠳᠬᠡᠨ᠎ᠡ᠃ ᠰᠠᠭᠤᠷᠢ ᠲᠦᠬᠦᠭᠡᠷᠦᠮᠵᠢ ᠪᠣᠯᠣᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠨᠤᠲᠠᠯᠠᠬᠤ ᠱᠠᠲᠤᠨ᠎ᠳᠤ᠂ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠦᠨ ᠰᠠᠭᠤᠭᠠᠯᠢ ᠠᠷᠠᠳ᠎ᠤᠨ ᠠᠵᠢᠯ ᠣᠯᠭᠣᠯᠲᠠ᠂ ᠣᠷᠣᠯᠭ᠎ᠠ᠎ᠶᠢᠨ ᠬᠢᠷᠢ ᠬᠡᠮᠵᠢᠶ᠎ᠡ᠂ ᠬᠡᠷᠡᠭᠯᠡᠭᠡ ᠵᠢᠨ ᠴᠢᠳᠠᠪᠤᠷᠢ᠎ᠳᠤ ᠦᠵᠡᠭᠦᠯᠬᠦ ᠳᠠᠢᠴᠢᠯᠠᠬᠤ ᠦᠢᠯᠡᠳᠦᠯ᠎ᠢ ᠴᠢᠬᠤᠯᠠᠴᠢᠯᠠᠨ ᠰᠤᠳᠤᠯᠤᠨ ᠮᠠᠭᠠᠳᠯᠠᠬᠤ᠎ᠶᠢᠨ ᠬᠠᠮᠲᠤ ᠲᠡᠭᠦᠨ᠎ᠢ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠢ ᠰᠤᠳᠤᠯᠵᠤ ᠴᠣᠬᠣᠯᠠᠪᠤᠷᠢᠯᠠᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠭᠠᠢᠯᠢ ᠲᠠᠲᠠᠪᠤᠷᠢ᠂ ᠰᠢᠯᠵᠢᠭᠦᠯᠦᠨ ᠥᠭᠬᠦ ᠵᠡᠷᠭᠡ᠎ᠶᠢᠨ ᠲᠠᠬᠢᠨ ᠬᠤᠪᠢᠶᠠᠷᠢᠯᠠᠯᠲᠠ᠎ᠶᠢ ᠲᠣᠬᠢᠷᠠᠭᠤᠯᠬᠤ ᠲᠣᠭᠲᠠᠴᠠ᠎ᠶᠢ ᠰᠢᠯᠢᠳᠡᠭᠵᠢᠭᠦᠯᠵᠦ᠂ ᠣᠷᠣᠯᠭ᠎ᠠ᠎ᠶᠢᠨ ᠵᠥᠷᠢᠶ᠎ᠡ᠎ᠶᠢ ᠲᠠᠰᠤᠷᠠᠯᠳᠠ ᠦᠭᠡᠢ ᠪᠠᠭᠠᠰᠬᠠᠨ᠂ ᠳᠤᠮᠳᠠ ᠵᠡᠷᠭᠡ᠎ᠶᠢᠨ ᠣᠷᠣᠯᠭ᠎ᠠ᠎ᠲᠠᠢ ᠬᠠᠮᠲᠤ ᠴᠤᠭᠴᠠ᠎ᠵᠢ ᠥᠷᠭᠡᠳᠬᠡᠵᠦ᠂ ᠤᠯᠤᠰ ᠠᠷᠠᠳ᠎ᠤᠨ ᠣᠷᠣᠯᠭ᠎ᠠ᠎ᠶᠢᠨ ᠬᠤᠪᠢᠶᠠᠷᠢᠯᠠᠯᠲᠠ᠎ᠳᠠᠬᠢ ᠰᠠᠭᠤᠭᠠᠯᠢ ᠠᠷᠠᠳ᠎ᠤᠨ ᠣᠷᠣᠯᠭ᠎ᠠ᠎ᠶᠢᠨ ᠬᠤᠪᠢ᠎ᠶᠢᠨ ᠵᠢᠩ᠎ᠢ ᠳᠡᠭᠡᠭᠰᠢᠯᠡᠭᠦᠯᠦᠨ᠎ᠡ᠃ ᠪᠦᠬᠦ ᠠᠷᠠᠳ᠎ᠢ ᠬᠠᠮᠤᠷᠤᠭᠰᠠᠨ᠂ ᠬᠤᠳᠠ ᠬᠥᠳᠡᠭᠡ᠎ᠶᠢ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠲᠡᠭᠰᠢ ᠨᠢᠭᠡᠳᠦᠯᠲᠡᠢ᠂ ᠦᠷᠭᠦᠯᠵᠢᠯᠡᠬᠦ ᠴᠢᠨᠠᠷ ᠲᠠᠢ ᠤᠯᠠᠨ ᠲᠡᠰ ᠳᠠᠪᠬᠤᠷᠭ᠎ᠠ᠎ᠲᠠᠢ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠨᠡᠢᠭᠡᠮ᠎ᠦᠨ ᠪᠠᠲᠤᠯᠠᠭ᠎ᠠ᠎ᠶᠢᠨ ᠠᠮᠤᠷ ᠲᠦᠪᠰᠢᠨ᠎ᠦ ᠲᠣᠣᠷ᠎ᠢ ᠤᠯᠠᠮ ᠨᠢᠭ᠍ᠲᠠ ᠰᠦᠯᠵᠢᠵᠦ᠂ ᠰᠠᠭᠤᠭᠠᠯᠢ ᠠᠷᠠᠳ᠎ᠢ ᠵᠣᠷᠢᠭ᠍ᠲᠠᠢ᠎ᠪᠠᠷ ᠬᠡᠷᠡᠭᠯᠡᠭᠡ ᠬᠢᠬᠦ ᠳᠤᠷᠠᠲᠠᠢ ᠪᠣᠯᠭᠠᠨ᠎ᠠ᠃
ᠲᠥᠷᠥ᠎ᠶᠢᠨ ᠪᠣᠳᠣᠯᠭ᠎ᠠ᠎ᠶᠢᠨ ᠨᠡᠢᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠠᠢ᠃ ᠡᠳ᠋᠎ᠦᠨ ᠵᠠᠰᠠᠭ ᠭᠠᠢᠯᠢ᠂ ᠮᠥᠩᠭᠥᠨ ᠭᠦᠢᠯᠭᠡᠭᠡ᠂ ᠠᠵᠤ ᠦᠢᠯᠡᠰ᠂ ᠪᠡᠯᠡ ᠣᠷᠣᠭᠤᠯᠤᠯᠲᠠ ᠵᠡᠷᠭᠡ ᠲᠦᠷᠦ᠎ᠶᠢᠨ ᠪᠣᠳᠣᠯᠭ᠎ᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠠᠳᠠᠯᠢ ᠴᠢᠭᠯᠡᠯ᠎ᠢᠶᠡᠷ ᠬᠦᠴᠦᠯᠡᠬᠦ᠎ᠶᠢ ᠠᠬᠢᠭᠤᠯᠵᠤ᠂ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠬᠡᠷᠡᠭᠯᠡᠭᠡ ᠪᠡᠯᠡ ᠣᠷᠣᠭᠤᠯᠤᠯᠲᠠ᠎ᠶᠢ ᠠᠬᠢᠭᠤᠯᠬᠤ᠎ᠳᠤ ᠨᠡᠩ ᠠᠰᠢᠭ᠍ᠲᠠᠢ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠪᠠᠢᠭᠤᠯᠤᠨ᠎ᠠ᠃ ᠲᠥᠪ᠎ᠦᠨ ᠲᠥᠰᠥᠪ᠎ᠦᠨ ᠳᠣᠲᠣᠷᠠᠬᠢ ᠪᠡᠯᠡ ᠣᠷᠣᠭᠤᠯᠤᠯᠲᠠ᠂ ᠬᠡᠲᠦ ᠣᠷᠳᠣ᠌ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ ᠵᠡᠷᠭᠡ ᠪᠡᠯᠡ ᠮᠥᠩᠭᠥ ᠪᠠ ᠰᠢᠨ᠎ᠡ ᠬᠡᠯᠪᠡᠷᠢ᠎ᠶᠢᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠮᠥᠩᠭᠥᠨ ᠭᠦᠢᠯᠭᠡᠭᠡᠨ᠎ᠦ ᠪᠠᠭᠠᠵᠢ᠎ᠶᠢ ᠦᠷ᠎ᠡ ᠠᠰᠢᠭ᠋᠎ᠢ ᠨᠡᠮᠡᠭᠳᠡᠭᠦᠯᠦᠨ ᠰᠠᠢᠲᠤᠷ ᠬᠡᠷᠡᠭᠯᠡᠵᠦ᠂ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠡᠮᠴᠢᠯᠡᠭᠡ᠂ ᠤᠷ᠎ᠠ ᠴᠢᠳᠠᠪᠤᠷᠢ᠎ᠶᠢᠨ ᠪᠣᠯᠪᠠᠰᠤᠷᠠᠭᠤᠯᠤᠯ᠂ ᠨᠠᠰᠤᠵᠢᠯ᠂ ᠨᠠᠢᠳᠠᠨ ᠬᠥᠮᠥᠵᠢᠭᠦᠯᠬᠦ᠂ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠵᠡᠷᠭᠡ ᠬᠦᠷᠢᠶᠡᠨ᠎ᠳᠡᠬᠢ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠳᠡᠮᠵᠢᠵᠦ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠦᠷᠢᠯᠡᠵᠦ᠂ ᠬᠡᠷᠡᠭᠯᠡᠭᠡ᠎ᠶᠢᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠂ ᠰᠢᠨ᠎ᠡ ᠬᠡᠪ ᠵᠠᠭᠪᠤᠷ ᠰᠢᠨ᠎ᠡ ᠠᠬᠤᠢ ᠪᠠᠢᠳᠠᠯ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠬᠡᠷᠡᠭᠯᠡᠭᠡ ᠵᠢᠨ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠥᠷᠥ᠎ᠶᠢᠨ ᠪᠣᠳᠣᠯᠭ᠎ᠠ᠎ᠶᠢ ᠤᠯᠠᠮ ᠰᠢᠯᠢᠳᠡᠭᠵᠢᠭᠦᠯᠵᠦ᠂ ᠰᠠᠭᠤᠭᠠᠯᠢ ᠠᠷᠠᠳ᠎ᠤᠨ ᠬᠡᠷᠡᠭᠯᠡᠭᠡ ᠵᠢᠨ ᠲᠠᠰ ᠳᠡᠪᠰᠢᠬᠦ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠶ ᠲᠣᠬᠢᠷᠠᠭᠤᠯᠤᠨ᠂ ᠳᠣᠲᠣᠭᠠᠳᠤ ᠬᠡᠷᠡᠭᠴᠡᠭᠡ᠎ᠶᠢᠨ ᠳᠠᠯᠳᠠ ᠬᠦᠴᠦᠨ᠎ᠢ ᠨᠠᠩ ᠰᠠᠢᠨ ᠪᠠᠳᠠᠷᠠᠭᠤᠯᠬᠤ ᠬᠡᠷᠡᠭᠲᠠᠢ᠃
(ᠵᠣᠬᠢᠶᠠᠭ᠍ᠴᠢ ᠵᠢᠨ ᠬᠠᠶᠢᠭ᠄ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ᠎ᠶᠢᠨ ᠵᠥᠪᠯᠡᠯ᠎ᠦᠨ ᠪᠡᠯᠡ ᠣᠷᠣᠭᠤᠯᠤᠯᠲᠠ ᠵᠢ ᠰᠤᠳᠤᠯᠬᠤ ᠭᠠᠵᠠᠷ᠎ᠤᠨ ᠰᠢᠨ᠎ᠡ᠎ᠶᠢ ᠡᠭᠦᠳᠬᠦ ᠪᠡᠯᠡ ᠣᠷᠣᠭᠤᠯᠤᠯᠲᠠ᠎ᠶᠢᠨ ᠰᠤᠳᠤᠯᠬᠤ ᠲᠠᠰᠤᠭ)