ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠪᠠᠲᠤᠯᠠᠭ᠎ᠠ᠎ᠶᠢᠨ ᠳᠦᠷᠢᠮ᠎ᠦᠨ ᠰᠢᠨ᠎ᠡ᠎ᠶᠢ ᠡᠭᠦᠳᠬᠦ ᠲᠤᠬᠠᠢ ᠪᠠᠷᠠᠯᠠᠯ
2026-03-20 10:11:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠸᠠᠩ ᠾᠦᠢ᠂ ᠴᠧᠨ ᠱᠢᠶᠤᠤ ᠶᠤᠸᠠᠨ 《ᠵᠢᠶᠠᠩᠰᠤ᠎ᠶᠢᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ᠎ᠶᠢᠨ ᠡᠷᠳᠡᠮ ᠰᠢᠨᠵᠢᠯᠡᠭᠡᠨ᠎ᠦ ᠰᠡᠳᠬᠦᠯ》᠎ᠦᠨ 2025 ᠣᠨ᠎ᠤ 2 ᠳ᠋ᠤᠭᠠᠷ ᠬᠤᠭᠤᠴᠠᠭ᠎ᠠ᠎ᠳᠤ ᠦᠭᠦᠯᠡᠯ ᠨᠠᠢᠲᠡᠯᠡᠵᠦ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠪᠠᠲᠤᠯᠠᠭ᠎ᠠ᠎ᠶᠢᠨ ᠳᠦᠷᠢᠮ᠎ᠦᠨ ᠰᠢᠨ᠎ᠡ ᠵᠢ ᠡᠭᠦᠳᠬᠦ ᠪᠣᠯ ᠨᠡᠢᠯᠡᠮᠡᠯ ᠬᠥᠳᠡᠯᠭᠡᠬᠦ ᠬᠦᠴᠦᠨ᠎ᠢᠶᠡᠷ ᠬᠥᠳᠡᠯᠭᠡᠭᠦᠷ ᠪᠣᠯᠭᠠᠭᠰᠠᠨ᠎ᠤ ᠦᠷ᠎ᠡ ᠳ᠋ᠦᠩ ᠮᠥᠨ᠂ ᠡᠨᠡ ᠎ᠬᠦ  ᠶᠠᠪᠤᠴᠠ᠎ᠳᠤ ᠤᠯᠤᠰ᠎ᠤᠨ ᠲᠦᠷᠢᠮ᠎ᠤᠨ ᠰᠢᠨ᠎ᠡ ᠵᠢ ᠡᠭᠦᠳᠬᠦ ᠠᠷᠭ᠎ᠠ ᠪᠣᠳᠣᠯᠭ᠎ᠠ᠎ᠶᠢᠨ ᠴᠤᠭᠯᠠᠷᠠᠯ ᠠᠭᠤᠯᠤᠭᠳᠠᠵᠤ ᠪᠠᠢᠬᠤ ᠮᠥᠷᠲᠡᠭᠡᠨ ᠳᠦᠷᠢᠮ᠎ᠦᠨ ᠤᠯᠠᠷᠢᠨ ᠬᠤᠪᠢᠰᠬᠤ ᠵᠢᠮ᠎ᠡ ᠶᠣᠰᠣ᠌᠎ᠶᠢ ᠴᠤ᠌ ᠬᠠᠷᠠᠭᠤᠯᠵᠤ ᠪᠠᠢᠳᠠᠭ᠃ ᠳᠦᠷᠢᠮ᠎ᠦᠨ ᠰᠢᠨ᠎ᠡ᠎ᠶᠢ ᠡᠭᠦᠳᠬᠦ ᠵᠢᠨ ᠬᠦᠴᠢᠷᠳᠡᠯ᠎ᠢ ᠳᠠᠭᠠᠯᠳᠤᠨ᠂ ᠲᠡᠭᠦᠨ᠎ᠦ ᠰᠢᠨ᠎ᠡ᠎ᠶᠢ ᠡᠭᠦᠳᠬᠦ ᠠᠷᠭ᠎ᠠ ᠪᠣᠳᠣᠯᠭ᠎ᠠ ᠵᠢ ᠴᠦ᠍ ᠤᠤᠯ᠎ᠤᠨ ᠠᠷᠭ᠎ᠠ ᠪᠣᠳᠣᠯᠭ᠎ᠠ᠎ᠶᠢᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ ᠲᠣᠬᠢᠷᠠᠭᠤᠯᠪᠠᠯ ᠵᠣᠬᠢᠨ᠎ᠠ᠃ ᠨᠡᠩ ᠴᠢᠨᠠᠷ ᠰᠠᠢᠲᠠᠢ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠪᠠᠲᠤᠯᠠᠭ᠎ᠠ᠎ᠶᠢᠨ ᠳᠦᠷᠢᠮ ᠲᠡᠢᠰᠢ ᠤᠯᠠᠷᠢᠨ ᠬᠤᠪᠢᠰᠬᠤ᠎ᠳᠤ᠂ ᠰᠢᠨ᠎ᠡ ᠵᠢ ᠡᠭᠦᠳᠬᠦ ᠨᠢ ᠥᠩᠭᠡᠷᠡᠭᠰᠡᠨ᠎ᠦ ᠵᠢᠮ᠎ᠡ ᠶᠣᠰᠣ᠌᠎ᠶᠢ ᠵᠢᠷᠤᠮᠯᠠᠭᠰᠠᠨ ᠰᠠᠭᠤᠷᠢᠨ ᠳᠡᠭᠡᠷ᠎ᠡ ᠪᠠᠰᠠ ᠪᠤᠰᠤᠳᠴᠢ ᠪᠠᠢᠳᠠᠯ ᠪᠠ ᠬᠠᠨᠳᠤᠰᠢ᠎ᠲᠠᠢ ᠤᠶᠠᠯᠳᠤᠭᠤᠯᠤᠨ ᠭᠦᠨᠵᠡᠭᠡᠢ ᠬᠠᠢᠨ ᠰᠦᠪᠡᠭᠴᠢᠯᠡᠯᠲᠡ ᠬᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃ ᠨᠢᠭᠡ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠪᠠᠲᠤᠯᠠᠭ᠎ᠠ᠎ᠶᠢᠨ ᠳᠦᠷᠢᠮ᠎ᠦᠨ ᠰᠢᠨ᠎ᠡ᠎ᠶᠢ ᠡᠭᠦᠳᠬᠦ ᠬᠥᠳᠡᠯᠭᠡᠬᠦ ᠬᠦᠴᠦᠨ᠎ᠢ ᠤᠯᠠᠮ ᠴᠢᠩᠭᠠᠷᠠᠭᠤᠯᠬᠤ ᠬᠡᠷᠡᠭᠲᠡᠢ᠃ ᠶᠠᠭᠤᠨ᠎ᠤ ᠡᠮᠦᠨ᠎ᠡ᠂ ᠬᠠᠮᠲᠤ᠎ᠪᠠᠷ ᠪᠠᠶᠠᠵᠢᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠬᠥᠲᠥᠯᠥᠨ ᠳᠠᠭᠠᠭᠤᠯᠬᠤ ᠬᠦᠴᠦᠨ᠎ᠢ ᠪᠦᠲᠦᠮᠵᠢᠲᠡᠶ ᠪᠠᠳᠠᠷᠠᠭᠤᠯᠤᠨ᠎ᠠ᠃ ᠳᠠᠷᠠᠭ᠎ᠠ ᠨᠢ᠂ ᠤᠯᠠᠨ ᠡᠰᠢᠲᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠬᠠᠮᠲᠤ᠎ᠪᠠᠷ ᠡᠭᠦᠷᠭᠡᠯᠡᠬᠦ᠎ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠬᠤᠶᠠᠷ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠪᠠᠲᠤᠯᠠᠭ᠎ᠠ᠎ᠶᠢᠨ ᠳᠦᠷᠢᠮ᠎ᠦᠨ ᠰᠢᠨ᠎ᠡ᠎ᠶᠢ ᠡᠭᠦᠳᠬᠦ ᠠᠷᠭ᠎ᠠ ᠪᠣᠳᠣᠯᠭ᠎ᠠ᠎ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠡᠩ ᠲᠡᠷᠢᠭᠦᠨ᠎ᠳᠦ᠂ ᠣᠷᠣᠨ ᠨᠤᠲᠤᠭ᠎ᠤᠨ ᠲᠦᠷᠢᠮ᠎ᠤᠨ ᠰᠢᠨ᠎ᠡ᠎ᠶᠢ ᠡᠭᠦᠳᠬᠦ ᠎ᠪᠠ ᠲᠥᠪ᠎ᠤᠨ ᠱᠠᠲᠤᠨ᠎ᠤ ᠲᠤᠷᠰᠢᠯᠭ᠎ᠠ ᠵᠢ ᠰᠢᠩᠭᠡᠬᠡᠨ ᠠᠪᠬᠤ᠎ᠵᠢᠨ ᠰᠠᠢᠨ ᠦᠢᠯᠡᠳᠦᠯᠴᠡᠯ᠎ᠢ ᠴᠢᠡᠭᠭᠠᠳᠬᠠᠨ᠎ᠠ᠃ ᠳᠠᠷᠠᠭ᠎ᠠ ᠨᠢ᠂ ᠠᠭᠠᠵᠢᠮ ᠵᠣᠬᠢᠰᠲᠠᠢ ᠲᠤᠬᠢᠷᠠᠭᠤᠯᠤᠯᠲᠠ ᠵᠢᠨ ᠳᠣᠣᠷ᠎ᠠ ᠵᠤᠬᠢᠬᠤ ᠬᠡᠮᠵᠢᠶᠡᠨ᠎ᠦ ᠲᠣᠬᠢᠷᠠᠭᠤᠯᠤᠯᠲᠠ ᠬᠢᠵᠦ ᠰᠢᠰᠲᠧᠮ᠎ᠦᠨ ᠬᠤᠪᠢᠰᠤᠯᠲᠠ᠎ᠶᠢᠨ ᠬᠤᠷᠳᠤᠴᠠ᠎ᠵᠢ ᠰᠠᠢᠲᠤᠷ ᠡᠵᠡᠮᠳᠡᠬᠦ ᠬᠡᠷᠡᠭᠲᠡᠢ᠃ ᠭᠤᠷᠪᠠ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠪᠠᠲᠤᠯᠠᠭ᠎ᠠ᠎ᠶᠢᠨ ᠳᠦᠷᠢᠮ᠎ᠦᠨ ᠰᠢᠨ᠎ᠡ᠎ᠶᠢ ᠡᠭᠦᠳᠬᠦ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠬᠦ ᠬᠡᠷᠡᠭᠲᠡᠢ᠃ ᠡᠩ ᠲᠡᠷᠢᠭᠦᠨ᠎ᠳᠦ᠂ ᠤᠯᠠᠨ ᠲᠡᠰ ᠳᠠᠪᠬᠤᠷᠭ᠎ᠠ᠂ ᠤᠯᠠᠨ ᠲᠤᠯᠭᠠᠭᠤᠷᠢᠯᠠᠯ ᠪᠣᠯ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠪᠠᠲᠤᠯᠠᠭ᠎ᠠ᠎ᠶᠢᠨ ᠳᠦᠷᠢᠮ᠎ᠦᠨ ᠪᠦᠲᠦᠴᠡ᠎ᠶᠢᠨ ᠬᠥᠭᠵᠢᠯᠲᠡ᠎ᠶᠢᠨ ᠬᠠᠨᠳᠤᠰᠢ ᠮᠥᠨ᠃ (ᠨᠢᠭᠡ) ᠲᠠᠷᠢᠶᠠᠴᠢᠳ᠎ᠤᠨ ᠠᠵᠢᠯ ᠮᠡᠷᠭᠡᠵᠢᠯ᠎ᠦᠨ ᠤᠨ ᠎ᠤ ᠮᠥᠩᠭᠥ᠎ᠶᠢᠨ ᠳᠦᠷᠢᠮ᠎ᠢ ᠲᠤᠷᠰᠢᠨ ᠶᠠᠪᠤᠭᠳᠠᠭᠤᠯᠬᠤ ᠵᠢ ᠰᠦᠪᠡᠭᠴᠢᠯᠡᠨ᠎ᠡ; (ᠬᠤᠶᠠᠷ) ᠭᠠᠵᠠᠷ ᠰᠢᠷᠣᠢ᠎ᠶᠢᠨ ᠬᠦᠴᠦᠨ ᠵᠦᠢᠯ᠎ᠳᠦ ᠲᠦᠰᠢᠭᠯᠡᠨ ᠨᠥᠬᠥᠪᠦᠷᠢᠯᠡᠬᠦ ᠴᠢᠨᠠᠷᠲᠠᠢ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠳᠡᠮᠵᠢᠯᠭᠡ ᠬᠠᠩᠭᠠᠨ᠎ᠠ; (ᠭᠤᠷᠪᠠ) ᠲᠣᠬᠢᠷᠠᠮᠵᠢᠲᠠᠢ ᠬᠤᠳᠠᠯᠳᠤᠭᠠᠨ᠎ᠤ ᠨᠠᠰᠤᠵᠢᠯ᠎ᠤᠨ ᠳᠠᠭᠠᠳᠬᠠᠯ᠎ᠵᠢᠡᠷ ᠬᠠᠪᠰᠤᠷᠤᠮᠵᠢ ᠪᠣᠯᠭᠠᠬᠤ ᠵᠢ ᠰᠦᠪᠡᠭᠴᠢᠯᠡᠵᠦ ᠵᠣᠷᠢᠭ᠍ᠵᠢᠭᠤᠯᠤᠨ᠎ᠠ᠃ ᠳᠠᠷᠠᠭ᠎ᠠ ᠨᠢ᠂ ᠦᠷᠭᠦᠯᠵᠢᠯᠡᠬᠦ ᠴᠢᠨᠠᠷ ᠪᠣᠯ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠪᠠᠲᠤᠯᠠᠭ᠎ᠠ᠎ᠶᠢᠨ ᠳᠦᠷᠢᠮ᠎ᠦᠨ ᠤᠷᠳᠤ ᠬᠤᠭᠤᠴᠠᠭᠠᠨ᠎ᠤ ᠪᠦᠲᠦᠮᠵᠢᠲᠡᠢ ᠠᠵᠢᠯᠯᠠᠭᠠᠨ᠎ᠤ ᠰᠠᠭᠤᠷᠢ ᠮᠥᠨ᠃ ᠨᠢᠭᠡ ᠲᠠᠯ᠎ᠠ᠎ᠪᠠᠷ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠪᠠᠲᠤᠯᠠᠭ᠎ᠠ᠎ᠶᠢᠨ ᠪᠡᠯᠡ ᠴᠤᠭᠯᠠᠭᠤᠯᠬᠤ ᠠᠷᠭ᠎ᠠ ᠵᠠᠮ᠎ᠢ ᠥᠷᠭᠡᠵᠢᠭᠦᠯᠬᠦ ᠬᠡᠷᠡᠭᠲᠡᠢ; ᠨᠥᠭᠥᠭᠡ ᠲᠠᠯ᠎ᠠ᠎ᠪᠠᠷ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢ ᠯᠠᠪᠳᠠᠭᠤᠨ ᠠᠬᠢᠭᠤᠯᠬᠤ ᠬᠡᠷᠡᠭᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号