ᠴᠡᠯᠡᠭᠡᠷ ᠲᠠᠯ᠎ᠠ ᠵᠢᠨ ᠰᠢᠨ᠎ᠠ ᠲᠠᠭᠤᠯᠠᠯ
2026-03-20 17:08:52
ᠵᠣᠬᠢᠶᠠᠭ᠍ᠴᠢ᠄
ᠸ · ᠭᠡᠷᠡᠯᠳᠦ
ᠣᠩᠱᠢᠭ᠍ᠰᠠᠨ ᠣᠳᠠᠭ᠎ᠠ᠄
★★★☆☆

— ᠲᠦᠮᠡᠳ ᠪᠠᠷᠠᠭᠤᠨ ᠬᠤᠰᠢᠭᠤ ᠪᠦᠬᠦ ᠤᠯᠤᠰ ᠤ᠋ᠨ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠵᠢᠱ᠌ᠢᠶ᠎ᠠ ᠦᠵᠡᠭᠦᠯᠬᠦ ᠰᠢᠶᠠᠨ ᠶ᠋ᠢᠡᠷ ᠰᠤᠩᠭᠤᠭᠳᠠᠭᠰᠠᠨ ᠲᠠᠰᠢᠷᠠᠮ ᠳ᠋ᠤ


ᠪᠤᠭᠤᠳᠤ ᠬᠤᠳᠠ ᠶ᠋ᠢᠨ ᠲᠦᠮᠡᠳ ᠪᠠᠷᠠᠭᠤᠨ ᠬᠤᠰᠢᠭᠤ ᠪᠤᠯ ᠳᠠᠯᠠᠨ ᠬᠠᠷ᠎ᠠ ᠵᠢ ᠲᠦᠰᠢᠵᠤ ᠬᠠᠳᠤᠨ ᠭᠤᠤᠯ ᠲᠠᠢ ᠨᠢᠭᠤᠷᠯᠠᠭᠰᠠᠨ᠂ ᠦᠩ ᠰᠢᠮᠡᠯᠢᠭ ᠬᠦᠷᠦᠰᠦ ᠰᠢᠷᠤᠢ ᠲᠠᠢ᠂ ᠦᠨᠢ ᠤᠳᠠᠭᠠᠨ ᠲᠡᠦᠬᠡ ᠰᠤᠶᠤᠯ ᠲᠠᠢ᠂ ᠨᠡᠢᠳᠡᠯᠢᠭ ᠲᠠᠷᠢᠶᠠᠯᠠᠬᠤ ᠤᠷᠤᠨ ᠪᠤᠯᠤᠨ᠎ᠠ᠃ ᠤᠢᠷ᠎ᠠ ᠳ᠋ᠤ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠶᠠᠮᠤᠨ 2025 ᠤᠨ ᠤ᠋ ᠪᠦᠬᠦ ᠤᠯᠤᠰ ᠤ᠋ᠨ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠵᠢᠱ᠌ᠢᠶ᠎ᠠ ᠦᠵᠡᠭᠦᠯᠬᠦ ᠰᠢᠶᠠᠨ ᠤ᠋ ᠨᠡᠷᠡᠰ ᠢ᠋ ᠨᠡᠢᠳᠡᠯᠡᠭᠰᠡᠨ ᠳ᠋ᠤ ᠦᠪᠦᠷ ᠮᠤᠩᠭᠤᠯ ᠡᠴᠡ ᠬᠤᠶᠠᠷᠬᠠᠨ ᠭᠠᠵᠠᠷ ᠰᠤᠩᠭᠤᠭᠳᠠᠨ ᠤᠷᠤᠵᠤ᠂ ᠡᠭᠦᠨ ᠤ᠋ ᠨᠢᠭᠡ ᠨᠢ ᠪᠤᠯ ᠳᠠᠷᠤᠢ ᠲᠦᠮᠡᠳ ᠪᠠᠷᠠᠭᠤᠨ ᠬᠤᠰᠢᠭᠤ ᠪᠤᠯᠬᠤ ᠶᠤᠮ᠃


13 ᠵᠢᠯ ᠳᠠᠷᠠᠭᠠᠯᠠᠨ ᠪᠦᠬᠦ ᠤᠯᠤᠰ ᠤ᠋ᠨ 《ᠠᠮᠤ ᠪᠤᠳᠠᠭᠠᠨ ᠤ᠋ ᠭᠠᠷᠤᠯᠳᠠ ᠶ᠋ᠢᠨ ᠲᠤᠮᠤ ᠰᠢᠶᠠᠨ》 ᠤ᠋ ᠢᠷᠠᠭᠤ ᠠᠯᠳᠠᠷ ᠢ᠋ ᠬᠦᠷᠳᠡᠪᠡ

ᠬᠠᠳᠤᠨ ᠭᠤᠤᠯ ᠲᠦᠮᠡᠳ ᠪᠠᠷᠠᠭᠤᠨ ᠬᠤᠰᠢᠭᠤᠨ ᠤ᠋ ᠬᠢᠯᠢ ᠪᠡᠷ 108 ᠺᠢᠯᠤᠮᠧᠲᠷ ᠮᠤᠷᠤᠯᠵᠠᠨ ᠤᠷᠤᠰᠴᠤ᠂ ᠡᠨᠳᠡᠬᠢ ᠬᠦᠷᠦᠰᠦ ᠰᠢᠷᠤᠢ ᠶ᠋ᠢ ᠰᠢᠮᠡᠵᠢᠭᠦᠯᠬᠦ ᠶ᠋ᠢᠨ ᠵᠡᠷᠭᠡ ᠪᠡᠷ ᠮᠠᠯ ᠠᠵᠤ ᠠᠬᠤᠢ ᠲᠠᠷᠢᠶᠠᠯᠠᠩ ᠢ᠋ ᠬᠦᠭᠵᠢᠭᠦᠯᠬᠦ ᠠᠶᠠᠨᠳᠠᠭᠠᠨ ᠤ᠋ ᠳᠠᠪᠠᠭᠤᠯᠢᠭ ᠢ᠋ ᠪᠤᠢ ᠪᠤᠯᠭᠠᠵᠠᠢ᠃ ᠲᠤᠰ ᠬᠤᠰᠢᠭᠤᠨ ᠤ᠋ ᠠᠮᠤ ᠪᠤᠳᠠᠭᠠᠨ ᠤ᠋ ᠤᠨᠠᠯᠳᠠ ᠤᠯᠠᠨ ᠵᠢᠯ ᠳᠠᠷᠠᠭᠠᠯᠠᠨ 17 ᠳ᠋ᠦᠩᠰᠢᠭᠤᠷ ᠵᠢᠩ ᠢ᠋ ᠳᠠᠪᠠᠵᠤ᠂ 2025 ᠤᠨ ᠳ᠋ᠤ ᠪᠠᠷᠤᠭ 18.8 ᠳ᠋ᠦᠩᠰᠢᠭᠤᠷ ᠵᠢᠩ ᠳ᠋ᠤ ᠬᠦᠷᠴᠤ᠂ 13 ᠵᠢᠯ ᠳᠠᠷᠠᠭᠠᠯᠠᠨ 《ᠪᠦᠬᠦ ᠤᠯᠤᠰ ᠤ᠋ᠨ ᠠᠮᠤ ᠪᠤᠳᠠᠭᠠᠨ ᠤ᠋ ᠭᠠᠷᠤᠯᠳᠠ ᠶ᠋ᠢᠨ ᠲᠤᠮᠤ ᠰᠢᠶᠠᠨ》 ᠤ᠋ ᠢᠷᠠᠭᠤ ᠠᠯᠳᠠᠷ ᠢ᠋ ᠬᠦᠷᠳᠡᠭᠰᠡᠨ ᠪᠢᠯᠡ᠃

ᠤᠢᠷ᠎ᠠ ᠶ᠋ᠢᠨ ᠵᠢᠯ ᠳ᠋ᠤ ᠲᠦᠮᠡᠳ ᠪᠠᠷᠠᠭᠤᠨ ᠬᠤᠰᠢᠭᠤᠨ ᠤ᠋ ᠲᠠᠷᠢᠮᠠᠯ ᠤ᠋ᠨ ᠲᠠᠯᠠᠪᠠᠢ 162 ᠲᠦᠮᠡᠨ ᠮᠤ᠌ ᠳ᠋ᠤ ᠳᠤᠭᠳᠠᠪᠤᠷᠢᠵᠢᠨ᠂ ᠠᠮᠤ ᠪᠤᠳᠠᠭᠠᠨ ᠤ᠋ ᠲᠠᠷᠢᠮᠠᠯ ᠤ᠋ᠨ ᠲᠠᠯᠠᠪᠠᠢ ᠨᠢ 143.5 ᠲᠦᠮᠡᠨ ᠮᠤ᠌ ᠳ᠋ᠤ ᠬᠦᠷᠴᠤ᠂ 116 ᠲᠦᠮᠡᠨ ᠮᠤ᠌ ᠲᠠᠷᠢᠶᠠᠨ ᠭᠠᠵᠠᠷ ᠶ᠋ᠢᠡᠨ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠪᠤᠯᠭᠠᠨ ᠪᠦᠲᠦᠭᠡᠨ ᠪᠠᠢᠭᠤᠯᠪᠠ᠃ ᠲᠤᠰ ᠬᠤᠰᠢᠭᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ᠋ ᠠᠭᠤᠰᠤᠯᠴᠠᠭᠤᠯᠤᠨ ᠬᠦᠭᠵᠢᠭᠦᠯᠬᠦ ᠶ᠋ᠢ ᠢᠳᠡᠪᠬᠢᠳᠠᠢ ᠠᠬᠢᠭᠤᠯᠵᠤ᠂ ᠤᠳᠤ ᠰᠦ ᠶ᠋ᠢᠨ ᠦᠢᠯᠡᠰ᠂ ᠮᠢᠬᠠᠨ ᠤ᠋ ᠬᠤᠨᠢ᠂ ᠠᠮᠤ ᠲᠤᠰᠤ ᠪᠡᠷ ᠭᠤᠤᠯᠯᠠᠭᠰᠠᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠢ᠋ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠦᠷᠨᠢᠭᠦᠨ ᠬᠦᠭᠵᠢᠵᠦ᠂ ᠬᠤᠳᠠ ᠶ᠋ᠢᠨ ᠳᠡᠰ ᠡᠴᠡ ᠳᠡᠭᠡᠭᠰᠢᠬᠢ ᠳᠠᠭᠠᠭᠤᠯᠤᠭᠴᠢ ᠠᠵᠤ ᠠᠬᠤᠢᠯᠠᠯ 36 ᠪᠠᠢᠵᠤ᠂ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠢ᠋ ᠤᠨᠳᠤᠤᠰᠢᠭᠤᠯᠬᠤ ᠨᠤᠷᠮ᠎ᠠ ᠨᠢ 80% ᠶ᠋ᠢ ᠳᠠᠪᠠᠨ᠂ 《ᠤᠯᠤᠰ ᠤ᠋ᠨ ᠬᠦᠳᠡᠭᠡ ᠲᠤᠰᠬᠤᠨ ᠤ᠋ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ᠋ ᠠᠭᠤᠰᠤᠯᠴᠠᠭᠤᠯᠤᠨ ᠬᠦᠭᠵᠢᠭᠦᠯᠦᠭᠰᠡᠨ ᠬᠤᠰᠢᠭᠤᠴᠢ ᠤᠷᠤᠨ》 ᠂ 《ᠤᠯᠤᠰ ᠤ᠋ᠨ ᠬᠦᠳᠡᠭᠡ ᠠᠵᠤ ᠠᠬᠤᠢ ᠶ᠋ᠢᠨ ᠠᠵᠤ ᠦᠢᠯᠡᠰᠵᠢᠯᠳᠡ ᠶ᠋ᠢᠨ ᠵᠢᠱ᠌ᠢᠶ᠎ᠠ ᠦᠵᠡᠭᠦᠯᠬᠦ ᠰᠠᠭᠤᠷᠢᠨ》 ᠵᠡᠷᠭᠡ ᠢᠷᠠᠭᠤ ᠠᠯᠳᠠᠷ ᠢ᠋ ᠤᠷᠢᠳ ᠬᠤᠵᠢᠳ ᠬᠦᠷᠳᠡᠵᠠᠢ᠃ ᠡᠭᠦᠨ ᠳ᠋ᠤ ᠴᠢ ᠱᠢ ᠴᠠᠭᠠᠨ ᠢᠳᠡᠭᠡᠨ ᠤ᠋ ᠦᠢᠯᠡᠰ ᠤ᠋ᠨ ᠪᠦᠯᠦᠭᠯᠡᠯ ᠺᠤᠮᠫᠠᠨᠢ ᠨᠢ ᠨᠢᠭᠡᠨᠳᠡ 《ᠲᠠᠷᠢᠶᠠᠯᠠᠩ᠂ ᠮᠠᠯ ᠠᠵᠤ ᠠᠬᠤᠢ᠂ ᠴᠠᠭᠠᠨ ᠢᠳᠡᠭᠡᠨ᠂ ᠰᠢᠬᠢᠷ 》 ᠤ᠋ᠨ ᠬᠠᠮᠳᠤᠷᠠᠭᠰᠠᠨ ᠬᠦᠭᠵᠢᠯᠳᠡ ᠶ᠋ᠢᠨ ᠪᠠᠢᠷᠢᠰᠢᠯ ᠢ᠋ ᠪᠦᠷᠢᠯᠳᠦᠭᠦᠯᠵᠦ᠂ ᠡᠳᠦᠷ ᠲᠦ᠍ 1500 ᠲᠤᠨ ᠲᠦᠬᠦᠭᠡᠢ ᠰᠦ ᠰᠢᠢᠳᠪᠤᠷᠢᠯᠡᠨ᠂ 5 ᠲᠦᠮᠡᠨ ᠮᠤ᠌ ᠶ᠋ᠢᠨ ᠰᠢᠬᠢᠷ ᠯᠤᠤᠪᠠᠩ ᠤ᠋ᠨ ᠲᠠᠷᠢᠶᠠᠯᠠᠭ᠎ᠠ ᠶ᠋ᠢ ᠳᠠᠢᠴᠢᠯᠠᠵᠤ ᠪᠠᠢᠨ᠎ᠠ᠃

ᠲᠤᠰ ᠬᠤᠰᠢᠭᠤ ᠶ᠋ᠢᠨ ᠪᠠᠢᠭᠤᠯᠤᠭᠰᠠᠨ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠴᠡᠯᠡᠭᠡᠷ ᠲᠠᠯ᠎ᠠ ᠬᠦᠳᠡᠭᠡ ᠠᠵᠤ ᠠᠬᠤᠢ ᠶ᠋ᠢᠨ ᠪᠤᠬᠢᠷᠳᠦᠯ ᠦᠭᠡᠢ ᠬᠦᠭᠵᠢᠯᠳᠡ ᠶ᠋ᠢᠨ ᠰᠢᠨ᠎ᠠ ᠶ᠋ᠢ ᠡᠭᠦᠳᠬᠦ ᠲᠦᠪ ᠨᠢ 5 ᠲᠤᠷᠰᠢᠯᠳᠠ ᠶ᠋ᠢᠨ ᠲᠠᠰᠤᠭ ᠲᠠᠢ ᠪᠠᠢᠵᠤ᠂ ᠤᠳᠤᠬᠠᠨ ᠪᠤᠯᠳᠠᠯ᠎ᠠ ᠨᠡᠢᠳᠡ 40 ᠭᠠᠷᠤᠢ ᠰᠢᠨ᠎ᠠ ᠡᠭᠦᠯᠳᠡᠷ ᠪᠠ ᠰᠢᠨ᠎ᠠ ᠮᠡᠷᠭᠡᠵᠢᠯ ᠢ᠋ ᠳᠡᠯᠭᠡᠷᠡᠭᠦᠯᠦᠨ᠂ ᠡᠷᠳᠡᠨᠢ ᠰᠢᠰᠢ ᠂ ᠰᠢᠬᠢᠷ ᠯᠤᠤᠪᠠᠩ ᠂ ᠯᠠᠵᠤᠤ ᠵᠡᠷᠭᠡ 6 ᠵᠦᠢᠯ ᠤ᠋ᠨ ᠰᠢᠨ᠎ᠠ ᠡᠭᠦᠯᠳᠡᠷ ᠤ᠋ᠨ ᠲᠠᠷᠢᠮᠠᠯ ᠢ᠋ ᠠᠮᠵᠢᠯᠳᠠ ᠲᠠᠢ ᠲᠤᠷᠰᠢᠨ ᠲᠠᠷᠢᠵᠠᠢ ᠃ ᠲᠤᠰ ᠬᠤᠰᠢᠭᠤ 8 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠵᠢᠵᠢᠭ ᠬᠦᠷᠢᠶᠡᠯᠡᠩ ᠢ᠋ ᠪᠠᠢᠭᠤᠯᠤᠭᠰᠠᠨ ᠤ᠋ ᠲᠤᠳᠤᠷ᠎ᠠ ᠠᠮᠳᠠᠳᠤ ᠠᠷᠭᠤᠢ᠂ ᠰᠢᠷ᠎ᠠ ᠭᠦᠢᠯᠡᠰᠦ ᠶ᠋ᠢᠨ ᠵᠢᠵᠢᠭ ᠬᠦᠷᠢᠶᠡᠯᠡᠩ ᠨᠢ ᠤᠯᠤᠰ ᠤ᠋ᠨ ᠳᠡᠰ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠵᠢᠵᠢᠭ ᠬᠦᠷᠢᠶᠡᠯᠡᠩ ᠶ᠋ᠢᠡᠷ ᠦᠨᠡᠯᠡᠭᠳᠡᠪᠡ᠃ ᠡᠭᠦᠨ ᠤ᠋ ᠬᠠᠮᠳᠤ ᠲᠤᠰ ᠬᠤᠰᠢᠭᠤ ᠪᠠᠰᠠ ᠲᠦᠷᠦᠯ ᠲᠡᠮᠳᠡᠭ ᠶ᠋ᠢᠡᠷ ᠪᠦᠲᠦᠭᠡᠭᠳᠡᠭᠦᠨ ᠤ᠋ ᠦᠷᠳᠡᠭ ᠢ᠋ ᠨᠡᠮᠡᠭᠳᠡᠭᠦᠯᠬᠦ ᠶ᠋ᠢ ᠨᠢᠭᠳᠠ ᠠᠩᠬᠠᠷᠴᠤ᠂ 15 ᠪᠦᠲᠦᠭᠡᠭᠳᠡᠭᠦᠨ ᠨᠢ ᠪᠦᠬᠦ ᠤᠯᠤᠰ ᠤ᠋ᠨ ᠨᠡᠷᠡᠳᠦ ᠤᠨᠴᠠᠯᠢᠭᠳᠤ ᠤᠬᠢ ᠰᠢᠨ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠨᠡᠷᠡᠰ ᠲᠤ᠌ ᠤᠷᠤᠵᠤ᠂ 35 ᠵᠦᠢᠯ ᠤ᠋ᠨ ᠪᠦᠲᠦᠭᠡᠭᠳᠡᠭᠦᠨ ᠨᠢ ᠪᠤᠬᠢᠷᠳᠦᠯ ᠦᠭᠡᠢ᠂ ᠤᠷᠭᠠᠨᠢᠭ ᠢᠳᠡᠭᠡᠨ ᠤ᠋ ᠭᠡᠷᠡᠴᠢᠯᠡᠯ ᠢ᠋ ᠤᠯᠪᠠ᠃

ᠦᠪᠤᠷ ᠮᠤᠩᠭᠤᠯ ᠢ᠋ ᠲᠦᠯᠦᠭᠡᠯᠡᠨ ᠪᠦᠬᠦ ᠤᠯᠤᠰ ᠤ᠋ᠨ ᠬᠦᠳᠡᠭᠡ ᠨᠤᠳᠤᠭ ᠤ᠋ᠨ ᠪᠤᠯᠪᠠᠰᠤᠨ ᠰᠤᠷᠳᠠᠯ ᠤ᠋ᠨ ᠶᠡᠬᠡ ᠬᠤᠷᠠᠯ ᠳ᠋ᠤ ᠤᠷᠤᠯᠴᠠᠪᠠ

《ᠬᠦᠬᠡ ᠲᠩᠷᠢ ᠴᠡᠯᠡᠢᠨ᠂ ᠬᠦᠳᠡᠭᠡ ᠲᠠᠯ᠎ᠠ ᠨᠡᠯᠤᠢᠵᠤ᠂ ᠠᠶᠠᠰ ᠤ᠋ᠨ ᠰᠠᠯᠬᠢ ᠢᠯᠪᠢᠭᠦᠶ᠎ᠠ᠂ ᠠᠳᠤᠭᠤ ᠮᠠᠯ ᠢᠷᠠᠯᠵᠠᠨᠠᠮ》 ᠭᠡᠵᠤ ᠰᠢᠯᠦᠭᠯᠡᠳᠡᠭ ᠴᠡᠯᠡᠭᠡᠷ ᠲᠠᠯ᠎ᠠ ᠶ᠋ᠢᠨ ᠦᠩᠭᠡ ᠦᠵᠡᠮᠵᠢ ᠶ᠋ᠢᠨ ᠭᠤᠤᠯᠯᠠᠬᠤ ᠤᠷᠤᠨ ᠨᠢ ᠳᠠᠷᠤᠢ ᠲᠦᠮᠡᠳ ᠪᠠᠷᠠᠭᠤᠨ ᠬᠤᠰᠢᠭᠤ ᠶᠤᠮᠰᠠᠨ᠃

ᠤᠳᠤ ᠶ᠋ᠢᠨ ᠲᠦᠮᠡᠳ ᠪᠠᠷᠠᠭᠤᠨ ᠬᠤᠰᠢᠭᠤ ᠪᠤᠯ ᠤᠯᠤᠰ ᠤ᠋ᠨ ᠳᠡᠰ ᠤ᠋ᠨ ᠬᠤᠳᠠ ᠬᠦᠳᠡᠭᠡ ᠶ᠋ᠢᠨ ᠵᠠᠮ ᠲᠡᠭᠡᠭᠡᠪᠤᠷᠢ ᠶ᠋ᠢ ᠨᠢᠭᠡ ᠴᠤᠭᠴᠠᠵᠢᠭᠤᠯᠤᠭᠰᠠᠨ ᠬᠡᠪ ᠳᠠᠭᠤᠷᠢᠶᠠᠯ ᠤ᠋ᠨ ᠰᠢᠶᠠᠨ᠂ ᠴᠠᠬᠢᠯᠭᠠᠨ ᠴᠡᠨᠡᠭᠯᠡᠬᠦ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠢᠭᠤᠯᠤᠯᠳᠠ ᠪᠠ ᠬᠡᠷᠡᠭᠯᠡᠭᠡ ᠶ᠋ᠢᠨ ᠬᠡᠪ ᠳᠠᠭᠤᠷᠢᠶᠠᠯ ᠤ᠋ᠨ ᠰᠢᠶᠠᠨ ᠪᠠᠢᠵᠤ᠂ ᠬᠦᠳᠡᠭᠡ ᠲᠤᠰᠬᠤᠨ  ᠤ᠋ ᠪᠤᠬᠢᠷ ᠤᠰᠤ ᠰᠢᠢᠳᠪᠤᠷᠢᠯᠡᠬᠦ ᠲᠦᠷᠦᠯ ᠵᠦᠢᠯ ᠨᠢ ᠪᠦᠬᠦ ᠤᠯᠤᠰ ᠤ᠋ᠨ ᠨᠡᠢᠳᠡᠯᠢᠭ ᠵᠢᠱ᠌ᠢᠶ᠎ᠠ ᠪᠡᠷ ᠰᠤᠩᠭᠤᠭᠳᠠᠨ᠂ ᠠᠢᠯ ᠲᠤᠰᠬᠤᠨ ᠤ᠋ ᠠᠷᠢᠭᠤᠨ ᠴᠡᠪᠡᠷ ᠤ᠋ᠨ ᠠᠵᠢᠯᠯᠠᠭ᠎ᠠ ᠨᠢ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠶᠠᠮᠤᠨ ᠳ᠋ᠤ ᠰᠠᠢᠰᠢᠶᠠᠭᠳᠠᠵᠠᠢ᠃ ᠤᠳᠤ ᠪᠦᠬᠦ ᠬᠤᠰᠢᠭᠤᠨ ᠳ᠋ᠤ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠵᠢᠱ᠌ᠢᠶ᠎ᠠ ᠦᠵᠡᠭᠦᠯᠬᠦ ᠪᠠᠯᠭᠠᠰᠤ 3᠂ ᠵᠢᠱ᠌ᠢᠶ᠎ᠠ ᠦᠵᠡᠭᠦᠯᠬᠦ ᠲᠤᠰᠬᠤᠨ 28 ᠪᠠᠢᠵᠤ᠂ ᠬᠦᠳᠡᠭᠡ ᠲᠤᠰᠬᠤᠨ ᠤ᠋ ᠰᠠᠭᠤᠭᠠᠯᠢ ᠡᠷᠦᠬᠡ ᠶ᠋ᠢᠨ ᠵᠤᠷᠯᠤᠩ ᠢ᠋ ᠦᠭᠡᠷᠡᠴᠢᠯᠡᠨ ᠪᠠᠢᠭᠤᠯᠤᠭᠰᠠᠨ ᠨᠤᠷᠮ᠎ᠠ ᠨᠢ 73% ᠳ᠋ᠤ ᠬᠦᠷᠴᠤ᠂ ᠬᠤᠭ ᠨᠤᠪᠰᠢ ᠶ᠋ᠢ ᠬᠤᠷᠢᠶᠠᠵᠤ ᠰᠢᠢᠳᠪᠤᠷᠢᠯᠡᠬᠦ ᠰᠢᠰᠲ᠋ᠧᠮ ᠢ᠋ 100% ᠪᠡᠷ ᠪᠦᠷᠬᠦᠭᠦᠯᠪᠡ᠃

2025 ᠤᠨ ᠳ᠋ᠤ ᠲᠦᠮᠡᠳ ᠪᠠᠷᠠᠭᠤᠨ ᠬᠤᠰᠢᠭᠤ ᠪᠦᠬᠦ ᠤᠯᠤᠰ ᠤ᠋ᠨ ᠰᠢᠶᠠᠨ ᠤ᠋ ᠳᠡᠰ ᠤ᠋ᠨ ᠪᠤᠯᠪᠠᠰᠤᠨ ᠬᠤᠳᠠ ᠪᠡᠷ ᠦᠨᠡᠯᠡᠭᠳᠡᠵᠦ᠂ ᠦᠪᠤᠷ ᠮᠤᠩᠭᠤᠯ ᠢ᠋ ᠲᠦᠯᠦᠭᠡᠯᠡᠨ ᠳᠤᠮᠳᠠᠳᠤ ᠤᠯᠤᠰ ᠤ᠋ᠨ ᠬᠦᠳᠡᠭᠡ ᠨᠤᠳᠤᠭ ᠤ᠋ᠨ ᠪᠤᠯᠪᠠᠰᠤᠨ ᠰᠤᠷᠳᠠᠯ ᠤ᠋ᠨ ᠶᠡᠬᠡ ᠬᠤᠷᠠᠯ ᠳ᠋ᠤ ᠤᠷᠤᠯᠴᠠᠵᠠᠢ᠃ ᠤᠢᠷ᠎ᠠ ᠶ᠋ᠢᠨ ᠵᠢᠯ ᠳ᠋ᠤ ᠲᠤᠰ ᠬᠤᠰᠢᠭᠤ 《ᠴᠡᠯᠡᠭᠡᠷ ᠲᠠᠯ᠎ᠠ ᠶ᠋ᠢᠨ ᠰᠤᠶᠤᠯ ᠵᠢᠭᠤᠯᠴᠢᠯᠠᠯ ᠤ᠋ᠨ ᠨᠠᠢᠷ》 ᠲᠦᠷᠦᠯ ᠲᠡᠮᠳᠡᠭ ᠢ᠋ ᠴᠤᠭᠴᠠᠯᠠᠵᠤ᠂ 111 ᠲᠦᠮᠡᠨ ᠵᠢᠭᠤᠯᠴᠢᠯᠠᠭᠴᠢ ᠵᠢ ᠬᠦᠯᠢᠶᠡᠨ ᠠᠪᠴᠤ ᠵᠤᠴᠢᠯᠠᠨ᠂ ᠵᠢᠭᠤᠯᠴᠢᠯᠠᠯ ᠤ᠋ᠨ ᠶᠡᠷᠦᠩᠬᠡᠢ ᠤᠷᠤᠯᠭ᠎ᠠ ᠨᠢ 24.3 ᠳ᠋ᠦᠩᠰᠢᠭᠤᠷ ᠲᠦᠭᠦᠷᠢᠭ ᠲᠤ᠌ ᠬᠦᠷᠴᠤ᠂ ᠦᠪᠡᠷᠳᠡᠭᠡᠨ ᠵᠠᠰᠠᠬᠤ ᠤᠷᠤᠨ ᠤ᠋ ᠪᠦᠬᠦ ᠤᠷᠤᠨ ᠪᠦᠰᠡ ᠶ᠋ᠢᠨ ᠵᠢᠭᠤᠯᠴᠢᠯᠠᠯ ᠤ᠋ᠨ ᠵᠢᠱ᠌ᠢᠶ᠎ᠠ ᠦᠵᠡᠭᠦᠯᠬᠦ ᠤᠷᠤᠨ ᠪᠤᠯᠤᠭᠰᠠᠨ ᠪᠠᠢᠨ᠎ᠠ᠃

ᠬᠠᠮᠳᠤ ᠪᠡᠷ ᠵᠠᠰᠠᠬᠤ ᠬᠠᠮᠳᠤ ᠪᠡᠷ ᠡᠳ᠋ᠯᠡᠬᠦ ᠪᠠᠢᠷᠢᠰᠢᠯ ᠢ᠋ ᠪᠦᠷᠢᠯᠳᠦᠭᠦᠯᠤᠨ ᠬᠠᠮᠳᠤ ᠪᠡᠷ ᠪᠠᠶᠠᠵᠢᠬᠤ ᠰᠠᠭᠤᠷᠢ ᠶ᠋ᠢ ᠪᠠᠳᠤ ᠴᠤᠭᠴᠠᠯᠠᠨ᠎ᠠ

ᠤᠢᠷ᠎ᠠ ᠶ᠋ᠢᠨ ᠵᠢᠯ ᠳ᠋ᠤ᠂ ᠲᠦᠮᠡᠳ ᠪᠠᠷᠠᠭᠤᠨ ᠬᠤᠰᠢᠭᠤ ᠨᠠᠮ ᠤ᠋ᠨ ᠡᠭᠦᠷ ᠤ᠋ᠨ ᠪᠠᠳᠤ ᠴᠢᠩᠭ᠎ᠠ ᠪᠡᠬᠢᠯᠡᠯᠳᠡ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ᠂ 6 ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠪᠠᠳᠤ ᠴᠢᠩᠭ᠎ᠠ ᠪᠡᠬᠢᠯᠡᠯᠳᠡ ᠶ᠋ᠢᠨ ᠵᠢᠱ᠌ᠢᠶᠡᠴᠢ ᠨᠠᠮ ᠤ᠋ᠨ ᠡᠭᠦᠷ ᠢ᠋ ᠪᠠᠢᠭᠤᠯᠤᠨ᠂ ᠲᠤᠰᠬᠤᠨ ᠤ᠋ ᠨᠠᠮ ᠤ᠋ᠨ ᠡᠭᠦᠷ ᠡᠴᠡ ᠳᠠᠢᠴᠢᠯᠠᠨ ᠳᠠᠭᠠᠭᠤᠯᠬᠤ ᠠᠷᠭ᠎ᠠ ᠪᠡᠷ 65 ᠲᠤᠰᠬᠠᠢ ᠬᠤᠷᠰᠢᠶ᠎ᠠ ᠶ᠋ᠢ ᠪᠠᠢᠭᠤᠯᠵᠤ᠂ ᠬᠠᠮᠳᠤ ᠶ᠋ᠢᠨ ᠠᠵᠤ ᠠᠬᠤᠢ ᠶ᠋ᠢ ᠳᠡᠳᠬᠦᠬᠦ ᠲᠦᠷᠦᠯ ᠵᠦᠢᠯ ᠢ᠋ ᠢᠳᠡᠪᠬᠢᠳᠠᠢ ᠬᠡᠷᠡᠭᠵᠢᠭᠦᠯᠦᠨ᠂ 2024 ᠤᠨ ᠳ᠋ᠤ ᠲᠤᠰᠬᠤᠨ ᠤ᠋ ᠬᠠᠮᠳᠤ ᠶ᠋ᠢᠨ ᠠᠵᠤ ᠠᠬᠤᠢ ᠶ᠋ᠢᠨ ᠡᠵᠡᠩᠨᠡᠯᠳᠡ ᠶ᠋ᠢᠨ ᠴᠢᠨᠠᠷᠳᠠᠢ ᠤᠷᠤᠯᠭ᠎ᠠ ᠨᠢ 5000 ᠲᠦᠮᠡᠨ ᠲᠦᠭᠦᠷᠢᠭ ᠢ᠋ ᠳᠠᠪᠠᠵᠤ ᠂ ᠲᠤᠰᠬᠤᠨ ᠤ᠋ ᠪᠠᠢᠩᠭᠤ ᠶ᠋ᠢᠨ ᠰᠠᠭᠤᠭᠠᠯᠢ ᠠᠷᠠᠳ ᠤ᠋ᠨ ᠬᠦᠮᠦᠨ ᠳᠤᠮᠳᠠᠴᠢ ᠶ᠋ᠢᠨ ᠡᠵᠡᠮᠳᠡᠵᠦ ᠪᠤᠯᠬᠤ ᠤᠷᠤᠯᠭ᠎ᠠ ᠨᠢ 2.7 ᠲᠦᠮᠡᠨ ᠲᠦᠭᠦᠷᠢᠭ ᠲᠤ᠌ ᠬᠦᠷᠴᠠᠢ᠃

ᠲᠤᠰ ᠬᠤᠰᠢᠭᠤ 《ᠬᠠᠮᠳᠤ ᠪᠡᠷ ᠪᠦᠲᠦᠭᠡᠨ ᠪᠠᠢᠭᠤᠯᠬᠤ ᠬᠠᠮᠳᠤ ᠪᠡᠷ ᠵᠠᠰᠠᠬᠤ ᠬᠠᠮᠳᠤ ᠪᠡᠷ ᠡᠳ᠋ᠯᠡᠬᠦ》 ᠪᠠᠢᠷᠢᠰᠢᠯ ᠢ᠋ ᠪᠦᠬᠦ ᠲᠠᠯ᠎ᠠ ᠪᠡᠷ ᠴᠤᠭᠴᠠᠯᠠᠬᠤ ᠪᠡᠷ ᠳᠠᠮᠵᠢᠨ ᠰᠢᠶᠠᠨ ᠰᠢᠶᠠᠩ ᠲᠤᠰᠬᠤᠨ ᠭᠤᠷᠪᠠᠨ ᠱᠠᠳᠤ ᠪᠡᠷ ᠶ᠋ᠢᠡᠨ ᠬᠤᠯᠪᠤᠭᠠᠯᠠᠨ ᠬᠦᠳᠡᠯᠦᠯᠴᠡᠬᠦ ᠵᠠᠰᠠᠯᠳᠠ ᠶ᠋ᠢᠨ ᠪᠠᠢᠷᠢᠰᠢᠯ ᠢ᠋ ᠲᠡᠭᠦᠯᠳᠡᠷᠵᠢᠭᠦᠯᠵᠤ ᠂ ᠰᠤᠷᠭᠠᠨ ᠬᠦᠮᠦᠵᠢᠯ᠂ ᠡᠮ ᠡᠮᠨᠡᠯᠭᠡ᠂ ᠨᠠᠰᠤᠵᠢᠯ ᠤ᠋ᠨ ᠠᠰᠠᠷᠠᠮᠵᠢ ᠵᠡᠷᠭᠡ ᠰᠠᠭᠤᠷᠢ ᠲᠦᠬᠦᠭᠡᠷᠦᠮᠵᠢ ᠪᠠ ᠤᠯᠠᠨ ᠨᠡᠢᠳᠡ ᠶ᠋ᠢᠨ ᠦᠢᠯᠡᠴᠢᠯᠡᠭᠡ ᠶ᠋ᠢ ᠨᠢᠭᠡ ᠴᠤᠭᠴᠠᠵᠢᠭᠤᠯᠬᠤ ᠵᠢᠴᠢ ᠲᠡᠩᠴᠡᠭᠦᠷᠢᠰᠢᠭᠦᠯᠬᠦ ᠶ᠋ᠢ ᠠᠬᠢᠭᠤᠯᠤᠨ᠂ ᠨᠠᠰᠤᠵᠢᠯ ᠤ᠋ᠨ ᠠᠰᠠᠷᠠᠮᠵᠢ ᠶ᠋ᠢᠨ ᠦᠢᠯᠡᠴᠢᠯᠡᠭᠡᠨ ᠤ᠋ ᠪᠠᠢᠭᠤᠯᠤᠮᠵᠢ ᠪᠠ ᠲᠦᠬᠦᠭᠡᠷᠦᠮᠵᠢ ᠶ᠋ᠢ 100% ᠪᠡᠷ ᠪᠦᠷᠬᠦᠭᠦᠯᠬᠦ ᠪᠡᠷ ᠴᠢᠷᠮᠠᠢᠵᠤ ᠪᠤᠢ᠃ ᠡᠭᠦᠨ ᠤ᠋ ᠬᠠᠮᠳᠤ ᠠᠵᠤ ᠠᠬᠤᠢᠯᠠᠯ᠂ ᠲᠤᠰᠬᠠᠢ ᠬᠤᠷᠰᠢᠶ᠎ᠠ ᠵᠡᠷᠭᠡ ᠰᠢᠨ᠎ᠠ ᠬᠡᠯᠪᠡᠷᠢ ᠶ᠋ᠢᠨ ᠡᠵᠡᠩᠨᠡᠯᠳᠡ ᠶ᠋ᠢᠨ ᠭᠤᠤᠯ ᠴᠤᠭᠴᠠ ᠶ᠋ᠢ ᠢᠳᠡᠪᠬᠢᠳᠠᠢ ᠬᠦᠭᠵᠢᠭᠦᠯᠦᠨ ᠪᠤᠵᠠᠭᠠᠢᠷᠠᠭᠤᠯᠬᠤ ᠪᠡᠷ ᠳᠠᠮᠵᠢᠨ 《ᠠᠵᠤ ᠠᠬᠤᠢᠯᠠᠯ + ᠲᠤᠰᠬᠠᠢ ᠬᠤᠷᠰᠢᠶ᠎ᠠ + ᠲᠠᠷᠢᠶᠠᠯᠠᠬᠤ ᠡᠷᠦᠬᠡ》 ᠵᠢᠨ ᠠᠰᠢᠭ ᠲᠤᠰᠠ ᠶ᠋ᠢᠨ ᠬᠤᠯᠪᠤᠭ᠎ᠠ ᠵᠢ ᠲᠡᠭᠦᠯᠳᠡᠷᠵᠢᠭᠦᠯᠵᠤ᠂ ᠬᠦᠳᠡᠭᠡ ᠲᠤᠰᠬᠤᠨ ᠤ᠋ ᠰᠠᠭᠤᠭᠠᠯᠢ ᠠᠷᠠᠳ ᠤ᠋ᠨ ᠬᠦᠮᠦᠨ ᠳᠤᠮᠳᠠᠴᠢ ᠶ᠋ᠢᠨ ᠡᠵᠡᠮᠳᠡᠵᠦ ᠪᠤᠯᠬᠤ ᠤᠷᠤᠯᠭ᠎ᠠ ᠶ᠋ᠢ 3.5 ᠲᠦᠮᠡᠨ ᠲᠦᠭᠦᠷᠢᠭ ᠲᠤ᠌ ᠬᠦᠷᠭᠡᠨ᠂ ᠬᠤᠳᠠ ᠬᠦᠳᠡᠭᠡ ᠶ᠋ᠢᠨ ᠰᠠᠭᠤᠭᠠᠯᠢ ᠠᠷᠠᠳ ᠤ᠋ᠨ ᠤᠷᠤᠯᠭ᠎ᠠ ᠶ᠋ᠢᠨ ᠬᠠᠷᠢᠴᠠᠯ ᠢ᠋ 1.71 ᠪᠤᠯᠳᠠᠯ᠎ᠠ ᠪᠠᠭᠠᠰᠬᠠᠵᠤ᠂ ᠬᠠᠮᠳᠤ ᠪᠡᠷ ᠪᠠᠶᠠᠵᠢᠬᠤ ᠰᠠᠭᠤᠷᠢ ᠶ᠋ᠢ ᠪᠠᠳᠤ ᠴᠤᠭᠴᠠᠯᠠᠬᠤ ᠪᠡᠷ ᠲᠦᠯᠦᠪᠯᠡᠵᠦ ᠪᠠᠢᠨ᠎ᠠ᠃

《ᠪᠢᠳᠡ 〈ᠳᠠᠪᠤ ᠶ᠋ᠢ ᠬᠦᠭᠵᠢᠭᠦᠯᠦᠨ ᠮᠠᠨᠳᠤᠭᠤᠯᠬᠤ〉 ᠶ᠋ᠢ ᠯᠠᠪᠳᠠᠭᠤᠨ ᠪᠠᠳᠤᠳᠠᠢ ᠠᠬᠢᠭᠤᠯᠵᠤ᠂ ᠬᠦᠴᠦ ᠪᠡᠨ ᠲᠦᠪᠯᠡᠷᠡᠭᠦᠯᠦᠨ ᠬᠠᠳᠤᠨ ᠭᠤᠤᠯ ᠳᠠᠭᠠᠤ ᠶ᠋ᠢᠨ ᠠᠮᠢ ᠠᠬᠤᠢ ᠶ᠋ᠢᠨ ᠬᠠᠮᠠᠭᠠᠯᠠᠯᠳᠠ ᠪᠠ ᠴᠢᠨᠠᠷ ᠰᠠᠢᠳᠠᠢ ᠬᠦᠭᠵᠢᠯᠳᠡ ᠶ᠋ᠢᠨ ᠬᠤᠰᠢᠭᠤᠴᠢ ᠤᠷᠤᠨ᠂ ᠤᠮᠠᠷᠠᠳᠦ ᠶ᠋ᠢᠨ ᠲᠠᠷᠢᠶᠠᠯᠠᠩ ᠮᠠᠯ ᠠᠵᠤ ᠠᠬᠤᠢ ᠰᠤᠯᠪᠢᠴᠠᠭᠰᠠᠨ ᠤᠷᠤᠨ ᠤ᠋ ᠠᠵᠤ ᠦᠢᠯᠡᠰ ᠤ᠋ᠨ ᠠᠭᠤᠰᠤᠯᠴᠠᠯ ᠢ᠋ ᠬᠦᠲᠦᠯᠦᠨ ᠳᠠᠭᠠᠭᠤᠯᠬᠤ ᠤᠷᠤᠨ᠂ ᠬᠦᠬᠡᠬᠤᠳᠠ ᠪᠤᠭᠤᠳᠤ ᠤᠷᠳᠤᠰ ᠤᠯᠠᠭᠠᠨᠴᠠᠪ ᠤ᠋ᠨ ᠬᠠᠮᠵᠢᠯᠴᠠᠭᠰᠠᠨ ᠬᠦᠭᠵᠢᠯᠳᠡ ᠶ᠋ᠢᠨ ᠵᠢᠱ᠌ᠢᠶ᠎ᠠ ᠦᠵᠡᠭᠦᠯᠬᠦ ᠤᠷᠤᠨ᠂ ᠤᠮᠠᠷᠠᠳᠦ ᠶ᠋ᠢᠨ ᠰᠤᠶᠤᠯ ᠵᠢᠭᠤᠯᠴᠢᠯᠠᠯ ᠡᠷᠡᠭᠦᠯᠵᠢᠯ ᠰᠤᠪᠢᠯᠠᠯᠳᠠ ᠠᠭᠤᠰᠤᠯᠴᠠᠭᠰᠠᠨ ᠬᠦᠭᠵᠢᠯᠳᠡ ᠶ᠋ᠢᠨ ᠬᠡᠪ ᠵᠠᠭᠪᠤᠷ ᠤ᠋ᠨ ᠤᠷᠤᠨ ᠂ ᠪᠤᠭᠤᠳᠤ ᠬᠤᠳᠠ ᠶ᠋ᠢᠨ ᠪᠤᠬᠢᠷᠳᠦᠯ ᠦᠭᠡᠢ ᠪᠠᠭ᠎ᠠ ᠨᠡᠭᠦᠷᠡᠰᠦᠳ᠋ᠦ᠋ᠷᠦᠭᠴᠢᠳᠤ ᠬᠦᠭᠵᠢᠯᠳᠡ ᠶ᠋ᠢᠨ ᠬᠤᠰᠢᠭᠤᠴᠢ ᠤᠷᠤᠨ ᠢ᠋ ᠪᠦᠳᠦᠬᠡᠨ ᠪᠠᠢᠭᠤᠯᠵᠤ᠂ ᠪᠤᠯᠪᠠᠰᠤᠷᠠᠩᠭᠤᠢ ᠪᠦᠭᠡᠳ ᠳᠤᠭᠳᠠᠪᠤᠷᠢᠵᠢᠭᠰᠠᠨ ᠬᠡᠰᠡᠭ ᠪᠦᠰᠡ ᠵᠢᠨ ᠬᠦᠭᠵᠢᠯᠳᠡ ᠶ᠋ᠢᠨ ᠵᠠᠭᠪᠤᠷ ᠢ᠋ ᠡᠭᠦᠳᠴᠤ᠂ ᠦᠪᠦᠷ ᠮᠤᠩᠭᠤᠯ ᠵᠢᠴᠢ ᠪᠦᠬᠦ ᠤᠯᠤᠰ ᠤ᠋ᠨ ᠠᠳᠠᠯᠢᠪᠳᠤᠷ ᠭᠠᠵᠠᠷ ᠤᠷᠤᠨ ᠳ᠋ᠤ ᠬᠠᠭᠤᠯᠪᠤᠷᠢᠯᠡᠨ ᠳᠡᠯᠭᠡᠷᠡᠭᠦᠯᠵᠦ ᠪᠤᠯᠬᠤᠢᠴᠠ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ 〈ᠲᠦᠮᠡᠳ ᠪᠠᠷᠠᠭᠤᠨ ᠬᠤᠰᠢᠭᠤᠨ ᠤ᠋ ᠲᠦᠰᠦᠯ〉 ᠢ᠋ ᠬᠠᠩᠭᠠᠬᠤ ᠪᠡᠷ ᠴᠢᠷᠮᠠᠢᠵᠤ ᠪᠠᠢᠨ᠎ᠠ》 ᠭᠡᠵᠦ ᠲᠦᠮᠡᠳ ᠪᠠᠷᠠᠭᠤᠨ ᠬᠤᠰᠢᠭᠤᠨ ᠤ᠋ ᠨᠠᠮ ᠤ᠋ᠨ ᠬᠤᠷᠢᠶ᠎ᠠ ᠶ᠋ᠢᠨ ᠱᠦᠵᠢ ᠮᠢᠶᠤᠤ ᠯᠢᠨ ᠸᠠᠩ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号