2025 ᠣᠨ ᠳ᠋ᠤ᠂ ᠬᠥᠬᠡᠬᠣᠲᠠ 65.23 ᠲᠦᠮᠡᠨ ᠮᠥ᠍ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠵᠤ᠂ ᠡᠭᠦᠷᠭᠡ ᠪᠡᠨ 109.2% ᠵᠢᠡᠷ ᠪᠡᠶᠡᠯᠡᠬᠦᠯᠵᠦ᠂ ᠤᠢ ᠱᠢᠭᠤᠢ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠤ᠋ᠨ ᠬᠦᠨᠳᠦ ᠶᠡᠬᠡ ᠭᠠᠮᠱᠢᠭ ᠭᠠᠷᠤᠭ᠍ᠰᠠᠨ ᠥᠭᠡᠢ᠃
ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠬᠠᠷᠠᠯᠲᠠᠲᠤ ᠬᠠᠮᠢᠶᠠᠷᠤᠯᠲᠠ ᠶ᠋ᠢᠨ ᠬᠠᠷᠢᠭᠤᠴᠠᠯᠭᠠ ᠶ᠋ᠢᠨ ᠲᠦᠷᠢᠮ ᠢ᠋ ᠪᠥᠬᠥ᠌ ᠲᠠᠯᠠ ᠪᠡᠷ ᠨᠠᠢᠳᠠᠪᠤᠷᠢᠵᠢᠭᠤᠯᠵᠤ᠂ ᠨᠠᠷᠠᠰᠤᠨ ᠮᠤᠳᠤᠨ ᠮᠠᠲ᠋ᠧᠷᠢᠶᠠᠯᠤᠨ ᠤᠲᠠᠰᠤᠯᠢᠭ ᠬᠣᠷᠣᠬᠠᠢ ᠵᠢᠨ ᠡᠪᠡᠳᠴᠢᠨ ᠵᠡᠷᠭᠡ ᠣᠶ ᠱᠢᠭᠤᠶ ᠶ᠋ᠢᠨ ᠬᠦᠨᠳᠦ ᠬᠡᠴᠡᠭᠦᠦ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠡᠵᠡᠮᠳᠡᠬᠦ᠌ ᠬᠠᠷᠠᠯᠲᠠᠲᠤ ᠡᠭᠦᠷᠭᠡ ᠵᠢᠴᠢ 《ᠣᠶ ᠱᠢᠭᠤᠶ ᠶ᠋ᠢᠨ ᠬᠥᠨᠥᠭᠡᠯᠲᠤ ᠠᠮᠢᠳᠤ ᠪᠣᠳᠠᠰᠤᠨ ᠭᠠᠮᠱᠢᠭ ᠪᠣᠯᠬᠤ ᠨᠣᠷᠮᠠ ᠶ᠋ᠢ 4‰ ᠡᠴᠡ ᠳᠤᠤᠷᠠ ᠪᠠᠢᠯᠭᠠᠬᠤ᠂ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰᠤᠨ ᠭᠠᠮᠱᠢᠭ ᠪᠣᠯᠬᠤ ᠨᠣᠷᠮᠠ ᠶ᠋ᠢ 10%ᠡᠴᠡ ᠳᠤᠤᠷᠠ ᠪᠠᠢᠯᠭᠠᠬᠤ》 ᠭᠤᠤᠯ ᠭᠦᠶ᠋ᠴᠡᠳᠭᠡᠯ ᠲᠣᠭᠠ ᠶ᠋ᠢ ᠪᠥᠬᠥ᠌ ᠬᠣᠲᠠ ᠶ᠋ᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯᠤᠨ ᠣᠨᠤ ᠱᠢᠯᠭᠠᠨ ᠬᠢᠨᠠᠬᠤ ᠠᠭᠤᠯᠭᠠ ᠳ᠋ᠤ ᠣᠷᠣᠭᠤᠯᠪᠠ᠃ 《ᠲᠤᠰᠭᠠᠶ ᠠᠵᠢᠯᠤᠨ ᠥᠷᠲᠡᠭᠡ ᠴᠡᠭ + ᠲᠤᠤᠷᠴᠢᠯᠠᠯᠤᠨ ᠠᠵᠢᠯᠲᠠᠨ》 ᠵᠢᠡᠷ ᠪᠦᠬᠦᠨ ᠢ᠋ ᠬᠠᠮᠤᠷᠬᠤ ᠬᠢᠨᠠᠨ ᠬᠡᠮᠵᠢᠬᠦ ᠵᠠᠭ᠍ᠪᠤᠷ ᠢ᠋ ᠪᠠᠢᠭᠤᠯᠵᠤ᠂ ᠣᠶ ᠱᠢᠭᠤᠶ ᠶ᠋ᠢᠨ ᠠᠯᠤᠰ ᠡᠵᠡᠮᠱᠢᠯᠲᠦ ᠣᠶᠤᠨᠴᠢ ᠬᠢᠨᠠᠨ ᠬᠡᠮᠵᠢᠬᠦ ᠲᠥᠬᠥᠭᠡᠷᠦᠮᠵᠢ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰᠤᠨ ᠲᠣᠭ᠍ᠲᠠᠮᠠᠯ ᠬᠢᠨᠠᠨ ᠬᠡᠮᠵᠢᠬᠦ ᠴᠡᠭ ᠢ᠋ 10 ᠢᠵᠢ ᠪᠠᠢᠷᠢᠯᠠᠭᠤᠯᠤᠨ᠂ ᠬᠥᠨᠥᠭᠡᠯᠲᠤ ᠠᠮᠢᠳᠤ ᠪᠣᠳᠠᠰᠤᠨ ᠡᠭᠦᠰᠭᠦ ᠬᠥᠳᠡᠯᠦᠯ ᠪᠠᠢᠳᠠᠯ ᠢ᠋ ᠨᠠᠷᠢᠯᠢᠭ ᠣᠨᠣᠪᠴᠢᠲᠠᠶ ᠪᠡᠷ ᠡᠵᠡᠮᠱᠢᠪᠡ᠃ ᠵᠢᠯᠣᠭᠣᠴᠢ ᠥᠬᠡᠶ ᠨᠢᠰᠭᠡᠯ ᠵᠢᠡᠷ ᠨᠠᠷᠠᠰᠤᠨ ᠮᠤᠳᠤᠨ ᠮᠠᠲ᠋ᠧᠷᠢᠶᠠᠯᠤᠨ ᠤᠲᠠᠰᠤᠯᠢᠭ ᠬᠣᠷᠣᠬᠠᠶ ᠶ᠋ᠢᠨ ᠡᠪᠡᠳᠴᠢᠨ ᠢ᠋ ᠣᠶᠤᠨᠴᠢ ᠪᠡᠷ ᠬᠢᠨᠠᠨ ᠬᠡᠮᠵᠢᠪᠡ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠵᠡᠷᠭᠡ ᠭᠤᠤᠯᠳᠠᠯᠭᠠᠲᠠᠶ ᠲᠥᠷᠥᠯ ᠵᠦᠶ᠋ᠯᠳᠦ ᠠᠩᠬᠠᠷᠤᠯ ᠵᠢᠡᠨ ᠲᠥᠪᠯᠡᠷᠡᠭᠦᠯᠵᠦ᠍᠂ ᠦᠷᠡ ᠴᠢᠬᠢ ᠶ᠋ᠢᠨ ᠬᠢᠵᠢᠭ ᠤ᠋ᠨ ᠪᠠᠢᠴᠠᠭᠠᠯᠲᠠ ᠶ᠋ᠢᠨ ᠪᠥᠬᠥ᠌ ᠶᠠᠪᠤᠴᠠ ᠶ᠋ᠢ ᠬᠠᠮᠢᠶᠠᠷᠤᠨ ᠡᠵᠡᠮᠳᠡᠬᠦ᠌ ᠶ᠋ᠢ ᠴᠢᠩᠭᠠᠳᠬᠠᠪᠠ᠃
ᠤᠯᠠᠭᠠᠨᠴᠠᠪ ᠬᠣᠲᠠ᠂ ᠪᠤᠭᠤᠲᠤ ᠬᠣᠲᠠᠯᠤᠭᠠ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ ᠶ᠋ᠢ ᠪᠠᠢᠭᠤᠯᠤᠨ᠂ ᠬᠣᠷᠣᠬᠠᠶ ᠶ᠋ᠢᠨ ᠪᠠᠢᠳᠠᠯ ᠢ᠋ ᠬᠢᠨᠠᠨ ᠬᠡᠮᠵᠢᠭᠰᠡᠨ ᠮᠡᠳᠡᠭᠡ ᠵᠠᠩᠭᠢ ᠶ᠋ᠢ ᠬᠠᠮᠲᠤ ᠪᠠᠷ ᠭᠥᠷᠳᠡᠵᠦ᠍᠂ ᠰᠡᠷᠭᠡᠢᠯᠡᠨ ᠵᠠᠰᠠᠭ᠍ᠰᠠᠨ ᠲᠤᠷᠱᠢᠯᠭᠠᠪᠠᠨ ᠰᠣᠯᠢᠯᠴᠠᠪᠠ; ᠡᠯᠡ ᠬᠣᠱᠢᠭᠤ ᠱᠢᠶᠠᠨ ᠲᠣᠭᠣᠷᠢᠭ ᠮᠡᠳᠡᠭᠡ ᠵᠠᠩᠭᠢ ᠶ᠋ᠢᠨ ᠨᠡᠪᠲᠡᠷᠡᠯᠴᠡᠭᠡᠪᠡᠨ ᠴᠢᠩᠭᠠᠳᠭᠠᠨ᠂ ᠳᠠᠯᠠᠨ ᠬᠠᠷᠠ ᠠᠭᠤᠯᠠ ᠶ᠋ᠢᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠣᠷᠣᠨᠳᠠᠬᠢ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠬᠢᠨᠠᠨ ᠬᠡᠮᠵᠢᠵᠦ᠍ ᠰᠡᠷᠭᠡᠢᠯᠡᠨ ᠵᠠᠰᠠᠬᠤ ᠡᠷᠴᠢᠮ ᠵᠢᠡᠨ ᠴᠢᠩᠭᠠᠷᠠᠭᠤᠯᠪᠠ;《ᠣᠶ ᠱᠢᠭᠤᠶ ᠪᠠ ᠨᠤᠲᠤᠭ ᠪᠡᠯᠴᠢᠭᠡᠷ ᠤ᠋ᠨ ᠠᠮᠢᠳᠤ ᠪᠣᠳᠠᠰᠤᠨ ᠭᠠᠮᠱᠢᠭ ᠢ᠋ ᠰᠡᠷᠭᠡᠢᠯᠡᠨ ᠡᠵᠡᠮᠳᠡᠬᠦ᠌ ᠤᠬᠠᠭᠤᠯᠭᠠ ᠶ᠋ᠢᠨ ᠭᠠᠷᠠᠭ》᠂ 《ᠭᠠᠮᠱᠢᠭ ᠢ᠋ ᠰᠡᠷᠭᠡᠢᠯᠡᠵᠦ᠍ ᠭᠠᠮᠱᠢᠭ ᠢ᠋ ᠪᠠᠭᠠᠰᠭᠠᠬᠤ ᠡᠳᠦᠷ》 ᠵᠡᠷᠭᠡᠲᠡᠶ ᠤᠶᠠᠯᠳᠤᠭᠤᠯᠤᠨ ᠲᠠᠪᠤ ᠤᠳᠠᠭᠠ ᠤᠬᠠᠭᠤᠯᠭᠠ ᠶ᠋ᠢᠨ ᠠᠵᠢᠯᠯᠠᠭᠠ ᠡᠷᠭᠢᠯᠡᠵᠦ᠍᠂ 1200 ᠬᠤᠪᠢ ᠤᠬᠠᠭᠤᠯᠭᠠ ᠶ᠋ᠢᠨ ᠮᠠᠲ᠋ᠧᠷᠢᠶᠠᠯ ᠲᠠᠷᠬᠠᠭᠠᠨ᠂ ᠨᠡᠢᠭᠡᠮ ᠤ᠋ᠨ ᠰᠡᠷᠭᠡᠢᠯᠡᠨ ᠡᠵᠡᠮᠳᠡᠬᠦ᠌ ᠦᠵᠡᠯ ᠤᠬᠠᠮᠰᠠᠷ ᠢ᠋ ᠳᠡᠭᠡᠭ᠌ᠰᠢᠯᠡᠭᠦᠯᠦᠭᠰᠡᠨ ᠪᠠᠢᠨᠠ᠃