ᠦᠪᠦᠷ ᠮᠤᠩᠭᠤᠯ᠎ᠤᠨ ᠠᠵᠢᠯᠴᠢᠨ᠎ᠤ ᠶᠡᠷᠦᠩᠬᠡᠢ ᠡᠪᠯᠡᠯ ᠭᠣᠣᠯᠳᠠᠯᠭ᠎ᠠ᠎ᠲᠠᠢ ᠠᠵᠢᠯ᠎ᠤᠨ ᠰᠢᠨ᠎ᠡ᠎ᠶᠢ ᠡᠭᠦᠳᠦᠭᠰᠡᠨ ᠬᠡᠷᠡᠭ᠎ᠦᠨ ᠵᠢᠱ᠌ᠢᠶ᠎ᠡ ᠵᠢ ᠨᠡᠢᠲᠡᠯᠡᠪᠡ
2026-03-20 10:36:34
ᠵᠣᠬᠢᠶᠠᠭ᠍ᠴᠢ᠄
​ ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠦᠪᠡᠷᠲᠡᠭᠡᠨ ᠵᠠᠰᠬᠠᠤ ᠤᠷᠤᠨ᠎ᠤ ᠠᠵᠢᠯᠴᠢᠨ᠎ᠤ  ᠶᠡᠷᠦᠩᠬᠡᠢ  ᠡᠪᠯᠡᠯ 2025 ᠤᠨ᠎ᠤ ᠲᠦᠷᠪᠡᠳ᠋ᠤᠭᠡᠷ ᠬᠤᠭᠤᠴᠠᠭᠠᠨ᠎ᠤ ᠦᠪᠦᠷ ᠮᠤᠩᠭᠤᠯ᠎ᠤᠨ ᠠᠵᠢᠯᠴᠢᠨ᠎ᠤ ᠡᠪᠯᠡᠯ᠎ᠤᠨ ᠭᠣᠣᠯᠳᠠᠯᠭ᠎ᠠ᠎ᠲᠠᠢ ᠠᠵᠢᠯ᠎ᠤᠨ ᠰᠢᠨ᠎ᠡ᠎ᠶᠢ ᠡᠭᠦᠳᠦᠭᠰᠡᠨ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠂ ᠡᠨᠡ ᠨᠢ 12 ᠬᠦᠷᠢᠶ᠎ᠡ ᠴᠠᠷᠠᠭ᠎ᠠ᠎ᠶᠢᠨ 18 ᠲᠥᠷᠥᠯ ᠵᠦᠢᠯ᠎ᠳᠦ ᠬᠣᠯᠪᠣᠭᠳᠠᠪᠠ᠃

ᠡᠲᠡᠭᠡᠷ ᠬᠡᠷᠡᠭ᠎ᠤ᠋ᠨ ᠵᠢᠱ᠌ᠢᠶ᠎ᠡ᠎ᠳᠤ᠂ ᠦᠬᠠᠢ ᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ 《ᠦᠵᠡᠯ ᠰᠠᠨᠠᠭ᠎ᠠ ᠤᠯᠤᠰ ᠲᠥᠷᠥ᠎ᠶᠢᠨ ᠰᠦᠭ ᠰᠦᠨᠡᠰᠦ᠎ᠶᠢ ᠱᠤᠭᠤᠵᠤ·ᠠᠵᠢᠯᠴᠢᠨ᠎ᠤ ᠡᠪᠯᠡᠯ᠎ᠤᠨ ᠲᠠᠭᠤᠨ ᠢ᠋ᠢᠡᠷ ᠰᠡᠳᠬᠢᠯ᠎ᠢ ᠤᠮᠳᠠᠯᠠᠬᠤ》 ᠪᠡᠷ ᠠᠵᠢᠯᠲᠠᠨ ᠠᠵᠢᠯᠴᠢᠨ᠎ᠢ ᠬᠥᠲᠥᠯᠥᠨ ᠳᠠᠭᠠᠭᠤᠯᠵᠤ ᠰᠢᠨ᠎ᠡ ᠴᠠᠭ ᠦᠶ᠎ᠡ᠎ᠶᠢᠨ ᠡᠷᠡᠮᠡᠬᠡᠢᠯᠡᠨ ᠤᠷᠤᠭᠰᠢᠯᠠᠬᠤ ᠵᠠᠮ᠎ᠢᠶᠠᠷ ᠰᠠᠢᠲᠤᠷ ᠵᠠᠮᠨᠠᠭᠤᠯᠤᠬᠰᠠᠨ᠂ ᠲᠦᠩᠯᠢᠶᠣᠣ ᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠤᠨ 《ᠳᠥᠷᠪᠡ᠎ᠶᠢ ᠨᠢᠭᠡ ᠴᠣᠭᠴᠠᠵᠢᠭᠤᠯᠤᠭᠰᠠᠨ》 ᠠᠵᠢᠯᠲᠠᠨ ᠠᠵᠢᠯᠴᠢᠨ᠎ᠤ ᠰᠢᠨ᠎ᠡ᠎ᠶᠢ ᠡᠭᠦᠳᠴᠦ ᠦᠷ᠎ᠡ ᠪᠦᠲᠦᠮᠵᠢ ᠣᠯᠬᠤ ᠰᠢᠨ᠎ᠡ ᠪᠠᠢᠷᠢᠰᠢᠯ᠎ᠢ ᠪᠣᠶ ᠪᠣᠯᠭᠠᠬᠰᠠᠨ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠤᠨ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠ᠎ᠶᠢ ᠪᠠᠬᠢᠵᠢᠭᠦᠯᠬᠦ᠎ᠪᠠᠷ ᠬᠥᠲᠥᠯᠥᠮᠵᠢ ᠪᠣᠯᠭᠠᠵᠤ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶᠢᠨ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠠᠬᠢᠭᠤᠯᠤᠬᠰᠠᠨ᠂ ᠣᠷᠳᠣᠰ ᠬᠣᠲᠠ᠎ᠶᠢᠨ ᠡᠵᠡᠨ ᠬᠣᠷᠣᠭ᠎ᠠ ᠬᠣᠰᠢᠭᠤᠨ᠎ᠤ 《ᠲᠠᠪᠤᠨ ᠠᠩᠬᠠᠷᠤᠯ + ᠲᠠᠪᠤᠨ ᠶᠡᠬᠡ ᠠᠵᠢᠯᠯᠠᠭ᠎ᠠ》 ᠨᠢ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶᠢᠨ ᠪᠠᠢᠭᠤᠯᠤᠯᠲᠠ ᠥᠭᠡᠷᠡᠴᠢᠯᠡᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠤᠬᠰᠠᠨ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ 《ᠰᠤᠪᠢᠯᠠᠯᠲᠠ ᠠᠮᠠᠷᠠᠯᠲᠠ +》 ᠦᠢᠯᠡᠴᠢᠯᠡᠭᠡᠨ᠎ᠦ ᠵᠠᠭᠪᠤᠷ᠎ᠤᠨ ᠰᠢᠨ᠎ᠡ᠎ᠶᠢ ᠡᠭᠦᠳᠤᠨ ᠠᠵᠢᠯᠲᠠᠨ ᠠᠵᠢᠯᠴᠢᠨ᠎ᠤ ᠦᠢᠯᠡᠴᠢᠯᠡᠭᠡ᠎ᠶᠢ 《ᠰᠤᠪᠢᠯᠠᠯᠲᠠ ᠠᠮᠠᠷᠠᠯᠲᠠ ᠢ᠋ᠢᠨ ᠪᠠᠲᠤᠯᠠᠭ᠎ᠠ》 ᠡᠴᠡ 《ᠪᠥᠬᠥ ᠲᠠᠯ᠎ᠠ᠎ᠪᠠᠷ ᠬᠥᠭᠵᠢᠭᠦᠯᠬᠦ 》 ᠬᠦᠷᠲᠡᠯ᠎ᠡ  ᠲᠠᠰ ᠳᠡᠪᠰᠢᠭᠦᠯᠬᠦ᠎ᠶᠢ ᠪᠡᠶᠡᠯᠡᠭᠦᠯᠦᠭᠰᠡᠨ᠂ ᠪᠡᠬᠢᠯᠡᠯᠲᠡ᠎ᠶᠢ ᠡᠪᠳᠡᠵᠦ ᠬᠠᠮᠵᠢᠯᠴᠠᠨ ᠬᠠᠮᠲᠤᠷᠠᠯᠴᠠᠨ᠎ᠠ ︱ ᠬᠥᠬᠡᠬᠣᠲᠠ ᠪᠤᠭᠤᠲᠤ ᠣᠷᠳᠣᠰ ᠦᠬᠠᠢ ᠲᠦᠷᠪᠡᠨ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ ᠣᠷᠣᠨ ᠪᠦᠰᠡ᠎ᠶᠢᠨ ᠬᠠᠮᠲᠤᠷᠠᠯᠴᠠᠭᠠᠨ᠎ᠤ ᠬᠠᠮᠵᠢᠯᠴᠠᠨ ᠦᠢᠯᠡᠴᠢᠯᠡᠬᠦ ᠰᠢᠨ᠎ᠡ ᠰᠢᠰᠲ᠋ᠸᠮ᠎ᠢ ᠪᠠᠢᠭᠤᠯᠤᠬᠰᠠᠨ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠠᠵᠢᠯᠴᠢᠨ᠎ᠤ ᠡᠪᠯᠡᠯ᠎ᠤᠨ 《ᠦᠪᠦᠷ ᠮᠣᠩᠭᠣᠯ᠎ᠤᠨ ᠴᠠᠬᠢᠯᠭᠠᠨ ᠬᠦᠴᠦᠨ᠎ᠤ ᠬᠢᠯᠢ ᠵᠢ ᠲᠤᠯᠠᠭᠠᠯᠠᠬᠤ ᠠᠶᠠᠯᠠᠯ》  ᠡᠮᠦᠨ᠎ᠡ ᠹᠷᠣᠨᠲ᠎ᠤᠨ ᠠᠵᠢᠯᠲᠠᠨ ᠠᠵᠢᠯᠴᠢᠨ᠎ᠢ ᠲᠣᠬᠣᠨᠢᠭᠤᠯᠬᠤ ᠦᠢᠯᠡᠴᠢᠯᠡᠭᠡᠨ᠎ᠦ ᠰᠢᠨ᠎ᠡ ᠵᠠᠬᠪᠤᠷ᠂ ᠨᠠᠮ᠎ᠤᠨ ᠪᠠᠢᠭᠤᠯᠤᠯᠲᠠ ᠪᠡᠷ ᠬᠦᠴᠦᠨ ᠤᠯᠭᠤᠨ ᠪᠡᠬᠢᠯᠡᠯᠲᠡ᠎ᠶᠢ ᠡᠪᠳᠡᠵᠦ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ ᠪᠡᠷ ᠪᠦᠷᠬᠦᠴᠡ ᠵᠢ ᠴᠢᠩᠭᠠᠳᠬᠠᠵᠦ ᠰᠢᠯᠢ᠎ᠶᠢᠨ ᠭᠣᠣᠯ ᠠᠢᠮᠠᠭ᠎ᠤᠨ ᠠᠵᠢᠯᠴᠢᠨ᠎ᠤ ᠡᠪᠯᠡᠯ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢᠯᠠᠯ᠎ᠤᠨ ᠨᠡᠢᠭᠡᠮᠯᠢᠭ ᠪᠠᠶ᠋ᠢᠭᠤᠯᠬᠤ ᠠᠵᠢᠯ᠎ᠢ ᠪᠣᠳᠠᠲᠠᠢᠵᠢᠭᠤᠯᠤᠬᠰᠠᠨ᠂ ᠤᠯᠠᠭᠠᠨᠴᠠᠪ ᠬᠣᠲᠠ᠎ᠶᠢᠨ ᠵᠦᠸᠧᠽᠢ ᠰᠢᠶᠠᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢᠯᠠᠯ᠎ᠤᠨ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠ᠎ᠶᠢᠨ ᠠᠵᠢᠯ᠎ᠢ ᠢᠳᠡᠪᠬᠢᠲᠡᠢ ᠠᠬᠢᠭᠤᠯᠤᠬᠰᠠᠨ᠂ ᠦᠬᠠᠢ ᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠤᠨ 《ᠳᠥᠷᠪᠡᠨ ᠬᠡᠮᠵᠢᠯᠲᠦ ᠪᠤᠭᠤᠮᠲᠠ ᠰᠢᠪᠲᠤᠯᠬᠤ ᠠᠷᠭ᠎ᠠ》 ᠢ᠋ᠢᠨ ᠰᠢᠨ᠎ᠡ ᠵᠢ ᠡᠭᠦᠳᠴᠦ ᠰᠢᠨ᠎ᠡ᠎ᠪᠡᠷ ᠮᠠᠨᠳᠤᠬᠰᠠᠨ ᠬᠦᠷᠢᠶᠡᠨ᠎ᠳᠡᠬᠢ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠰᠠᠭᠤᠷᠢ᠎ᠶᠢ ᠪᠡᠬᠢᠵᠢᠭᠦᠯᠦᠭᠰᠡᠨ᠂ ᠬᠢᠩᠭᠠᠨ ᠠᠢᠮᠠᠭ᠎ᠤᠨ ᠲᠦᠴᠢᠦᠸᠠᠨ ᠰᠢᠶᠠᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ《3332》 ᠠᠵᠢᠯ᠎ᠤᠨ ᠠᠷᠭ᠎ᠠ᠎ᠶᠢᠨ ᠰᠢᠨ᠎ᠡ᠎ᠶᠢ ᠡᠭᠦᠳᠴᠦ ᠰᠢᠨ᠎ᠡ ᠴᠠᠭ ᠦᠶ᠎ᠡ᠎ᠶᠢᠨ《ᠹᠸᠩᠴᠢᠶᠤᠤ ᠵᠢᠨ ᠲᠤᠷᠰᠢᠯᠭ᠎ᠠ》 ᠵᠢ ᠦᠢᠯᠡᠳᠦᠯᠭᠡᠵᠢᠭᠦᠯᠦᠭᠰᠡᠨ᠂ ᠬᠥᠬᠡᠬᠣᠲᠠ᠎ᠶᠢᠨ ᠭᠤᠷᠪᠠᠳᠤᠭᠠᠷ ᠠᠵᠤ ᠦᠢᠯᠡᠰ᠎ᠦᠨ ᠦᠢᠯᠡᠴᠢᠯᠡᠭᠡᠨ᠎ᠦ ᠦᠢᠯᠡᠰ᠎ᠦᠨ ᠠᠵᠢᠯᠴᠢᠨ᠎ᠤ ᠡᠪᠯᠡᠯ ᠡᠴᠡ ᠲᠦᠷᠦᠭᠦᠯᠡᠭᠰᠡᠨ ᠦᠢᠯᠡᠴᠢᠯᠡᠭᠡᠨ᠎ᠦ ᠦᠢᠯᠡᠰ᠎ᠲᠦ ᠠᠵᠢᠯᠯᠠᠵᠤ ᠪᠠᠢᠭ᠎ᠠ ᠬᠥᠮᠥᠰ᠎ᠦᠨ ᠠᠵᠢᠯ ᠤᠯᠵᠦ ᠤᠷᠤᠯᠭ᠎ᠠ ᠪᠠᠨ ᠨᠡᠮᠡᠭᠲᠡᠭᠦᠯᠬᠦ ᠵᠠᠮ ᠢ᠋ ᠦᠷᠭᠡᠳᠬᠡᠭᠰᠡᠨ᠂ ᠪᠠᠶᠠᠨᠨᠠᠭᠤᠷ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠤᠨ ᠪᠦᠬᠦ ᠬᠡᠯᠬᠢᠶ᠎ᠡ᠎ᠪᠡᠷ ᠪᠣᠢᠵᠢᠭᠤᠯᠬᠤ ᠰᠢᠰᠲ᠋ᠸᠮ᠎ᠢ ᠪᠠᠢᠭᠤᠯᠵᠤ ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠨ᠎ᠤ ᠰᠢᠨ᠎ᠡ ᠬᠥᠳᠡᠯᠭᠡᠬᠦ ᠬᠦᠴᠦᠨ ᠢ᠋ ᠬᠦᠭᠵᠢᠭᠡᠭᠰᠡᠨ᠂ ᠪᠤᠭᠤᠲᠤ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠤᠨ ᠬᠢᠨ ᠰᠢᠯᠢᠳᠡᠭ᠎ᠢ ᠬᠡᠷᠡᠭᠯᠡᠬᠦ ᠵᠢ ᠴᠢᠬᠤᠯᠠᠴᠢᠯᠠᠬᠰᠠᠨ᠎ᠢᠶᠡᠷ ᠠᠵᠢᠯᠴᠢᠨ᠎ᠤ ᠡᠪᠯᠡᠯ᠎ᠦᠨ ᠡᠳ᠋ ᠬᠥᠷᠥᠩᠭᠡ᠎ᠶᠢᠨ ᠦᠷᠳᠡᠭ᠎ᠢ ᠪᠠᠲᠤᠯᠠᠵᠤ ᠦᠷᠳᠡᠭ᠎ᠢ ᠨᠡᠮᠡᠭᠳᠡᠭᠦᠯᠬᠦ᠎ᠶᠢ ᠠᠬᠢᠭᠤᠯᠤᠬᠰᠠᠨ᠂ ᠲᠦᠩᠯᠢᠶᠣᠣ ᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠤᠨ 《7334》 ᠠᠵᠢᠯ᠎ᠤᠨ ᠲᠣᠭᠲᠠᠴᠠ᠎ᠶᠢ ᠬᠠᠢᠨ ᠰᠦᠪᠡᠭᠴᠢᠯᠡᠵᠦ ᠣᠯᠠᠨ ᠲᠠᠯ᠎ᠠ ᠡᠴᠡ ᠬᠦᠴᠦᠨ ᠣᠯᠭᠣᠵᠤ ᠠᠵᠤ ᠠᠬᠤᠢ᠎ᠶᠢᠨ ᠬᠢᠨᠠᠨ ᠪᠠᠢᠴᠠᠭᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠦᠭᠰᠡᠨ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠠᠵᠢᠯᠴᠢᠨ᠎ᠤ ᠡᠪᠯᠡᠯ ᠵᠠᠷᠤᠳᠠᠯ᠎ᠤᠨ ᠬᠠᠮᠢᠶᠠᠷᠤᠯᠲᠠ᠎ᠶᠢ ᠣᠶᠤᠨᠴᠢ ᠪᠥᠭᠡᠳ ᠦᠨᠳᠦᠷ ᠪᠦᠲᠦᠮᠵᠢᠲᠡᠢ ᠲᠠᠢᠰᠢ  ᠬᠤᠪᠢᠷᠠᠭᠤᠯᠬᠤ ᠵᠢ ᠠᠬᠢᠭᠤᠯᠤᠬᠰᠠᠨ᠂ ᠣᠷᠳᠣᠰ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠤᠨ ᠭᠤᠷᠪᠠ᠎ᠶᠢ ᠠᠳᠬᠤᠵᠤ ᠭᠤᠷᠪᠠ᠎ᠶᠢ ᠠᠬᠢᠭᠤᠯᠵᠤ ᠭᠤᠷᠪᠠ᠎ᠶᠢ ᠳᠡᠭᠡᠭᠰᠢᠯᠡᠭᠦᠯᠵᠦ ᠥᠨᠳᠥᠷ ᠬᠡᠪ ᠪᠣᠯᠪᠠᠰᠤᠷᠠᠯ᠎ᠲᠠᠢ ᠠᠵᠢᠯᠴᠢᠨ᠎ᠤ ᠡᠪᠯᠡᠯ᠎ᠦᠨ ᠨᠡᠢᠭᠡᠮ᠎ᠦᠨ ᠠᠵᠢᠯᠲᠠᠨ᠎ᠤ ᠡᠩᠨᠡᠭᠡ᠎ᠶᠢ ᠳᠠᠪᠲᠠᠨ ᠪᠣᠯᠪᠠᠰᠤᠷᠠᠭᠤᠯᠤᠬᠰᠠᠨ᠂ ᠠᠯᠠᠱᠠ ᠠᠢᠮᠠᠭ᠎ᠤᠨ ᠠᠵᠢᠯᠴᠢᠨ᠎ᠤ ᠡᠪᠯᠡᠯ᠎ᠤᠨ《ᠰᠠᠢᠨ ᠶᠠᠪᠤᠳᠠᠯ ᠬᠢᠵᠦ ᠠᠵᠢᠯᠲᠠᠨ ᠠᠵᠢᠯᠴᠢᠨ᠎ᠳᠤ ᠬᠠᠷᠠᠭᠠᠯᠵᠠᠯ ᠦᠵᠡᠭᠦᠯᠬᠦ》 ᠨᠠᠮ᠎ᠤᠨ ᠪᠠᠢᠭᠤᠯᠤᠯᠲᠠ᠎ᠶᠢᠨ ᠲᠦᠷᠦᠯ ᠲᠡᠮᠲᠡᠭ᠎ᠤᠨ ᠰᠢᠨ᠎ᠡ ᠵᠢ ᠡᠭᠦᠲᠦᠨ ᠴᠤᠬᠴᠠᠯᠠᠵᠦ 《ᠲᠠᠪᠤᠨ ᠰᠡᠳᠬᠢᠯ》 ᠤ᠋ᠨ ᠦᠢᠯᠡᠴᠢᠯᠡᠭᠡ᠎ᠪᠡᠷ ᠠᠵᠢᠯᠴᠢᠨ᠎ᠤ ᠡᠪᠯᠡᠯ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠬᠰᠠᠨ ᠵᠡᠷᠭᠡ ᠪᠤᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号