ᠤᠢ᠍ᠢᠷ᠎ᠠ᠎ᠶ᠋ᠢᠨ ᠡᠳᠦᠷ᠂ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠢ᠎ᠠ ᠂ ᠬᠥᠬᠡᠬᠣᠲᠠ᠎ᠶ᠋ᠢᠨ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌᠎ᠶ᠋ᠢ ᠠᠬᠢᠭᠤᠯᠬᠤ ᠨᠡᠢᠭᠡᠮᠯᠢᠭ᠎ᠤᠨ ᠬᠢᠨ ᠥᠪᠥᠷ ᠮᠣᠩᠭᠣᠯ᠎ᠤᠨ ᠱᠢᠯᠦᠭ ᠪᠢᠴᠢᠯᠭᠡ ᠵᠢᠷᠤᠭ᠎ᠤᠨ ᠰᠤᠳᠤᠯᠭᠠᠨ᠎ᠤ ᠨᠡᠢᠭᠡᠮᠯᠢᠭ᠎ᠦᠨ ᠤᠷᠠᠯᠢᠭ᠍ᠴᠢᠳ᠎ᠲᠠᠶ ᠬᠠᠮᠳᠤᠷᠠᠨ ᠬᠥᠬᠡᠬᠣᠲᠠ᠎ᠳᠤ ᠰᠠᠭᠤᠭ᠎ᠠ ᠴᠢᠯᠥᠭᠡᠯᠡᠬᠦ᠌ ᠴᠡᠷᠢᠭ᠂ ᠵᠡᠪᠰᠡᠭ᠌ᠲᠦ ᠴᠠᠭ᠍ᠳᠠᠭ᠎ᠠ ᠵᠡᠷᠭᠡ 4 ᠴᠡᠷᠢᠭ ᠠᠩᠬᠢ᠎ᠳᠤ ᠬᠦᠷᠴᠦ᠍᠂ ᠤᠷᠠᠨ ᠪᠢᠴᠢᠯᠭᠡ ᠤᠷᠠᠨ ᠵᠢᠷᠤᠭ᠎ᠢ ᠴᠡᠷᠢᠭ᠎ᠦᠨ ᠬᠤᠸᠠᠷᠠᠨ᠎ᠳᠤ ᠬᠦᠷᠭᠡᠬᠦ ᠠᠵᠢᠯᠯᠠᠭ᠎ᠠ ᠥᠷᠨᠢᠭᠦᠯᠵᠦ᠍᠂ ᠪᠢᠷ ᠪᠡᠬᠡᠰ᠎ᠢᠶᠡᠷ ᠵᠠᠭᠤᠴᠢ ᠪᠣᠯᠭᠠᠨ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠴᠡᠷᠢᠭ ᠠᠷᠠᠳ᠎ᠤᠨ ᠵᠢᠭᠠᠰᠤ ᠤᠰᠤᠨ᠎ᠤ ᠬᠠᠷᠢᠴᠠᠭ᠎ᠠ᠎ᠶ᠋ᠢ ᠤᠯᠠᠮ ᠨᠢᠬᠳᠠᠷᠠᠭᠤᠯᠪᠠ᠃
ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠤᠷᠠᠯᠢᠭ᠍ᠴᠢᠳ ᠪᠢᠷ ᠪᠡᠭᠡᠰ ᠢᠶᠡᠷ ᠤᠷᠳᠤ ᠵᠠᠮ᠎ᠤᠨ ᠠᠶᠠᠨ ᠲᠠᠢ᠌ᠨ᠎ᠦ ᠵᠠᠮ ᠳᠡᠭᠡᠷᠡᠬᠢ ᠡᠷᠡᠰ ᠪᠠᠲᠤ ᠢᠲᠡᠭᠡᠯ ᠪᠢᠱᠢᠷᠡᠯ᠎ᠢ ᠪᠢᠴᠢᠭᠯᠡᠵᠦ᠂ ᠱᠢᠨ᠎ᠡ ᠴᠠᠭ ᠦᠶ᠎ᠡ᠎ᠶ᠋ᠢᠨ ᠴᠡᠷᠢᠭ ᠬᠥᠮᠦᠨ᠎ᠦ ᠴᠤᠭ ᠵᠢᠪᠬᠤᠭ᠎ᠠ᠎ᠶ᠋ᠢ ᠪᠢᠷ ᠪᠡᠭᠡᠰ ᠵᠢᠡᠷ ᠵᠢᠷᠤᠭ᠍ᠯᠠᠵᠤ᠂ ᠭᠣᠣᠯ ᠰᠡᠳᠦᠪ ᠨᠢ ᠢᠯᠡ ᠲᠣᠳᠣ᠂ ᠢᠳᠡ ᠲᠤᠷᠪᠢᠳᠠᠢ ᠤᠷᠠᠨ ᠪᠢᠴᠢᠯᠭᠡ ᠤᠷᠠᠨ ᠵᠢᠷᠤᠭᠦᠳ ᠨᠢᠳᠦᠨ ᠡᠮᠦᠨ᠎ᠡ ᠲᠡᠯᠭᠡᠭᠳᠡᠵᠦ᠂ ᠳᠠᠷᠤᠭ᠎ᠠ ᠪᠠᠢᠯᠳᠤᠬᠴᠢᠳᠤᠨ ᠤᠷᠮ᠎ᠠ ᠵᠤᠷᠢᠭ᠎ᠢ ᠬᠦᠭᠵᠢᠭᠡᠨ᠎ᠡ᠃ ᠬᠤᠪᠢᠰᠭᠠᠯ᠎ᠤᠨ ᠰᠣᠩᠭᠣᠳᠠᠭ ᠱᠢᠯᠦᠭ᠎ᠡᠴᠡ ᠴᠡᠷᠢᠭ ᠵᠢᠡᠨ ᠬᠦᠷᠢᠶᠡᠯᠡᠨ ᠵᠣᠷᠢᠭ᠎ᠢᠶᠠᠨ ᠬᠥᠪᠴᠢᠯᠡᠬᠦ᠌ ᠦᠬᠡ ᠥᠭᠦᠯᠡᠪᠦᠷᠢ ᠬᠦᠷᠳᠡᠯ᠎ᠠ ᠠᠭᠤᠯᠠ ᠤᠰᠤᠨ᠎ᠤ ᠦᠡᠭᠭᠡ ᠦᠵᠡᠮᠵᠢ᠎ᠡᠴᠡ ᠴᠡᠷᠢᠭ᠎ᠦᠨ ᠬᠤᠸᠠᠷᠠᠨ᠎ᠤ ᠴᠤᠭ ᠵᠢᠪᠬᠤᠭ᠎ᠠ ᠬᠦᠷᠲᠡᠯ᠎ᠡ᠂ 500 ᠭᠠᠷᠤᠢ ᠱᠢᠯᠢᠳᠡᠭ ᠪᠦᠲᠦᠭᠡᠯ᠎ᠳᠦ ᠠᠷᠠᠳ ᠲᠦᠮᠡᠨ ᠤ᠋ ᠴᠡᠷᠢᠭ ᠠᠡᠭᠭᠢ ᠳ᠋ᠡᠬᠢ ᠭᠦᠨ ᠵᠤᠵᠠᠭᠠᠨ ᠬᠠᠢᠷ᠎ᠠ ᠰᠡᠳᠭᠢᠯᠭᠡ ᠠᠭᠤᠯᠤᠭ᠍ᠳᠠᠵᠤ᠂ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠲᠤ ᠪᠡᠯᠡᠭᠯᠡᠵᠦ᠂ ᠴᠡᠷᠢᠭ᠎ᠦᠨ ᠬᠤᠸᠠᠷᠠᠨ᠎ᠤ ᠥᠪᠡᠷᠮᠢᠴᠡ ᠰᠣᠶᠣᠯ᠎ᠤᠨ ᠦᠵᠡᠮᠵᠢ ᠪᠣᠯᠵᠠᠢ᠃
ᠲᠤᠰ ᠤᠳᠠᠭ᠎ᠠ᠎ᠶ᠋ᠢᠨ ᠠᠵᠢᠯᠯᠠᠭ᠎ᠠ ᠨᠢ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ᠎ᠦ ᠢᠯᠠᠯᠲᠠ ᠣᠯᠤᠭ᠍ᠰᠠᠨ 90 ᠵᠢᠯ᠎ᠦᠨ ᠤᠢ᠎ᠶ᠋ᠢ ᠳᠤᠷᠠᠰᠭᠠᠬᠤ ᠭᠣᠣᠯ ᠰᠡᠳᠦᠪ᠎ᠲᠡᠶ ᠨᠢᠭ᠍ᠲᠠ ᠤᠶᠠᠯᠳᠤᠭᠤᠯᠵᠤ᠂ ᠤᠳᠬ᠎ᠠ ᠤᠷᠠᠯᠢᠭ ᠪᠣᠯᠤᠨ ᠬᠣᠶᠠᠷ᠎ᠢ ᠬᠦᠷᠢᠶᠡᠯᠡᠬᠦ᠌ ᠠᠵᠢᠯ᠎ᠢ ᠭᠦᠨᠵᠡᠭᠡᠢ ᠠᠭᠤᠰᠤᠯᠴᠠᠭᠤᠯᠵᠤ᠂ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠦᠬᠡᠢ ᠨᠡᠩ ᠴᠤ᠌ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠥᠷᠭᠡᠨ ᠤᠯᠠᠨ ᠴᠡᠷᠢᠭ ᠠᠷᠠᠳ᠎ᠤᠨ ᠬᠤᠪᠢᠰᠭᠠᠯ᠎ᠤᠨ ᠲᠡᠦᠬᠡ᠎ᠡᠴᠡ ᠤᠷᠤᠭ᠍ᠰᠢᠯᠠᠨ ᠲᠠᠪᠱᠢᠬᠤ ᠬᠦᠴᠦᠨ ᠴᠢᠳᠠᠯ ᠤᠯᠬᠤ᠎ᠶ᠋ᠢ ᠬᠦᠳᠦᠯᠦᠨ ᠵᠢᠯᠣᠭᠣᠳᠪᠠ᠃