ᠢᠷᠡᠬᠦ ᠭᠤᠷᠪᠠᠨ ᠡᠳᠦᠷ᠎ᠲᠦ ᠲᠤᠯᠠᠭᠠᠷᠠᠨ᠎ᠠ
2026-03-20 11:37:33
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠢᠱ᠌ᠢᠯᠲᠡ᠎ᠪᠡᠷ᠂ 3 ᠰᠠᠷ᠎ᠠ᠎ᠶᠢᠨ 19᠎ᠡᠴᠡ 21᠎ᠦ ᠡᠳᠦᠷ ᠪᠤᠯᠲᠠᠯ᠎ᠠ ᠥᠪᠥᠷ ᠮᠣᠩᠭᠣᠯ᠎ᠤᠨ ᠡᠯ᠎ᠡ ᠭᠠᠵᠠᠷ᠎ᠤᠨ ᠠᠭᠠᠷ᠎ᠤᠨ ᠳᠤᠯᠠᠭᠠᠨ ᠳᠡᠭᠡᠭᠰᠢᠯᠡᠵᠦ᠂ ᠶᠡᠬᠡᠩᠬᠢ ᠭᠠᠵᠠᠷ ᠣᠷᠣᠨ᠎ᠤ ᠬᠠᠮᠤᠭ᠎ᠤᠨ ᠥᠨᠳᠥᠷ ᠠᠭᠠᠷ᠎ᠤᠨ ᠳᠤᠯᠠᠭᠠᠨ10°C᠎ᠠᠴᠠ ᠳᠡᠭᠡᠭᠰᠢ ᠬᠦᠷᠴᠦ᠂ ᠬᠥᠬᠡᠬᠣᠲᠠ᠂ ᠦᠬᠠᠢ ᠬᠣᠲᠠ᠂ ᠤᠯᠠᠭᠠᠨᠬᠠᠳᠠ ᠬᠣᠲᠠ ᠵᠡᠷᠭᠡ ᠭᠠᠵᠠᠷ᠎ᠤᠨ ᠬᠠᠮᠤᠭ᠎ᠤᠨ ᠥᠨᠳᠥᠷ ᠠᠭᠠᠷ᠎ᠤᠨ ᠳᠤᠯᠠᠭᠠᠨ ᠳᠠᠬᠢᠨᠲᠠ 15°C᠎ᠠᠴᠠ ᠳᠡᠭᠡᠭᠰᠢ ᠬᠦᠷᠦᠨ᠎ᠡ᠃ ᠡᠭᠦᠨ᠎ᠦ ᠬᠠᠮᠲᠤ᠂ ᠢᠷᠡᠬᠦ ᠭᠤᠷᠪᠠᠨ ᠡᠳᠦᠷ᠎ᠲᠦ᠂ ᠥᠪᠥᠷ ᠮᠣᠩᠭᠣᠯ᠎ᠳᠤ ᠬᠤᠷ᠎ᠠ ᠲᠤᠨᠳᠠᠰᠤ ᠴᠥᠭᠡᠨ ᠰᠠᠯᠬᠢ ᠶᠡᠬᠡᠲᠡᠢ ᠪᠠᠢᠵᠤ᠂ ᠬᠡᠰᠡᠭ ᠭᠠᠵᠠᠷ᠎ᠲᠤ ᠣᠬᠣᠷ ᠬᠤᠭᠤᠴᠠᠭᠠᠨ᠎ᠳᠤ 7᠂ 8 ᠲᠠᠰ᠎ᠤᠨ ᠰᠠᠯᠬᠢ ᠰᠠᠯᠬᠢᠯᠠᠵᠤ᠂ ᠳᠤᠮᠳᠠ ᠪᠠᠷᠠᠭᠤᠨ ᠪᠡᠶ᠎ᠡ ᠵᠢᠨ ᠬᠣᠢᠲᠤ ᠬᠡᠰᠡᠭ᠎ᠦᠨ ᠬᠡᠰᠡᠭ ᠭᠠᠵᠠᠷ᠎ᠲᠤ ᠡᠯᠡᠰᠦᠨ ᠰᠢᠭᠤᠷᠭ᠎ᠠ ᠲᠡᠭᠲᠡᠨ᠎ᠡ᠃

ᠪᠣᠳᠠᠲᠠᠢ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠨᠢ ᠳᠣᠣᠷᠠᠬᠢ ᠮᠡᠲᠦ᠄

19᠎ᠦ ᠡᠳᠦᠷ᠎ᠦᠨ 8 ᠴᠠᠭ᠎ᠠᠴᠠ 20᠎ᠤ ᠡᠳᠦᠷ᠎ᠦᠨ 8 ᠴᠠᠭ ᠪᠣᠯᠲᠠᠯ᠎ᠠ᠄

ᠬᠢᠩᠭᠠᠨ ᠠᠢᠮᠠᠭ᠎ᠤᠨ ᠬᠣᠢᠲᠤ ᠪᠡᠶ᠎ᠡ᠂ ᠬᠥᠯᠥᠨ ᠪᠣᠶ᠋ᠢᠷ ᠬᠣᠲᠠ᠎ᠶᠢᠨ ᠳᠤᠮᠳᠠ ᠪᠡᠶ᠎ᠡ ᠪᠠ ᠵᠡᠭᠦᠨ ᠪᠡᠶ᠎ᠡ᠎ᠳᠦ ᠡᠭᠦᠯᠡᠷᠭᠡᠭ᠂ ᠪᠠᠭ᠎ᠠ ᠴᠠᠰᠤ᠎ᠲᠠᠢ᠂ ᠡᠭᠦᠨ᠎ᠳᠦ ᠬᠥᠯᠥᠨ ᠪᠣᠶ᠋ᠢᠷ ᠬᠣᠲᠠ᠎ᠶᠢᠨ ᠵᠡᠭᠦᠨ ᠡᠮᠦᠨ᠎ᠡ ᠪᠡᠶ᠎ᠡ ᠵᠢᠨ ᠬᠡᠰᠡᠭ ᠭᠠᠵᠠᠷ᠎ᠲᠤ ᠳᠤᠮᠳᠠ ᠵᠡᠷᠭᠡ ᠵᠢᠨ ᠴᠠᠰᠤ ᠤᠷᠤᠨ᠎ᠠ; ᠪᠠᠷᠠᠭᠤᠨ ᠪᠡᠶ᠎ᠡ ᠵᠢᠨ ᠪᠠᠷᠠᠭᠤᠨ ᠬᠡᠰᠡᠭ᠂ ᠳᠤᠮᠳᠠ ᠪᠡᠶ᠎ᠡ ᠵᠢᠨ ᠵᠡᠭᠦᠨ ᠬᠡᠰᠡᠭ᠂ ᠵᠡᠭᠦᠨ ᠪᠡᠶ᠎ᠡ ᠵᠢᠨ ᠶᠡᠬᠡᠩᠬᠢ ᠭᠠᠵᠠᠷ ᠣᠷᠣᠨ᠎ᠳᠤ 5᠂ 6 ᠲᠠᠰ᠎ᠤᠨ ᠰᠠᠯᠬᠢ ᠰᠠᠯᠬᠢᠯᠠᠵᠦ᠂ ᠬᠡᠰᠡᠭ ᠭᠠᠵᠠᠷ᠎ᠲᠦ 8 ᠳᠡᠰ᠎ᠠᠴᠠ ᠳᠡᠭᠡᠭᠰᠢ ᠰᠠᠯᠬᠢ᠎ᠰᠠᠯᠬᠢᠯᠠᠨ᠎ᠠ; ᠪᠦᠬᠦ ᠣᠷᠣᠨ᠎ᠤ ᠶᠡᠬᠡᠩᠬᠢ ᠭᠠᠵᠠᠷ᠎ᠤᠨ ᠠᠭᠠᠷ᠎ᠤᠨ ᠳᠤᠯᠠᠭᠠᠨ ᠡᠬᠢᠯᠡᠨ ᠳᠡᠭᠡᠭᠰᠢᠯᠡᠨ᠎ᠡ᠃


QQ截图20260207120745.png


20᠎ᠤ ᠡᠳᠦᠷ᠎ᠦᠨ 8 ᠴᠠᠭ᠎ᠠᠴᠠ 21᠎ᠦ ᠡᠳᠦᠷ᠎ᠦᠨ 8 ᠴᠠᠭ ᠪᠣᠯᠲᠠᠯ᠎ᠠ᠄

ᠪᠦᠬᠦ ᠣᠷᠣᠨ᠎ᠤ ᠶᠡᠬᠡᠩᠬᠢ ᠭᠠᠵᠠᠷ᠎ᠲᠦ ᠴᠡᠯᠮᠡᠭ᠎ᠪᠠᠢᠭᠰᠠᠨ ᠡᠴᠡ ᠡᠭᠦᠯᠡᠰᠢᠨ᠎ᠡ; ᠳᠤᠮᠳᠠ ᠪᠠᠷᠠᠭᠤᠨ ᠪᠡᠶ᠎ᠡ ᠵᠢᠨ ᠬᠣᠢᠲᠤ ᠬᠡᠰᠡᠭ᠎ᠲᠦ 5᠂ 6 ᠲᠠᠰ᠎ᠤᠨ ᠰᠠᠯᠬᠢ ᠰᠠᠯᠬᠢᠯᠠᠵᠦ᠂ ᠬᠡᠰᠡᠭ ᠭᠠᠵᠠᠷ᠎ᠲᠦ 7 ᠳᠡᠰ᠎ᠠᠴᠠ ᠳᠡᠭᠡᠭᠰᠢ ᠰᠠᠯᠬᠢ᠎ᠰᠠᠯᠬᠢᠯᠠᠨ᠎ᠠ᠃


QQ截图20260209113408.png


21᠎ᠦ ᠡᠳᠦᠷ᠎ᠦᠨ 8 ᠴᠠᠭ᠎ᠠᠴᠠ 22᠎ᠤᠨ ᠡᠳᠦᠷ᠎ᠦᠨ 8 ᠴᠠᠭ ᠪᠣᠯᠲᠠᠯ᠎ᠠ᠄

ᠪᠠᠶᠠᠠᠨᠠᠭᠤᠷ ᠬᠤᠲᠠ᠎ᠶᠢᠨ ᠬᠣᠢᠲᠤ ᠪᠡᠶ᠎ᠡ᠂ ᠣᠷᠳᠣᠰ ᠬᠣᠲᠠ᠎ᠶᠢᠨ ᠵᠡᠭᠦᠨ ᠪᠡᠶ᠎ᠡ᠂ ᠪᠤᠭᠤᠲᠤ ᠬᠣᠲᠠ᠎ᠶᠢᠨ ᠡᠮᠦᠨ᠎ᠡ ᠪᠡᠶ᠎ᠡ᠂ ᠬᠥᠬᠡᠬᠣᠲᠠ᠎ᠶᠢᠨ ᠡᠮᠦᠨ᠎ᠡ ᠪᠡᠶ᠎ᠡ᠂ ᠤᠯᠠᠭᠠᠨᠴᠠᠪ᠎ᠤᠨ ᠡᠮᠦᠨ᠎ᠡ ᠪᠡᠶ᠎ᠡ᠂ ᠰᠢᠯᠢ᠎ᠶᠢᠨ ᠭᠣᠣᠯ ᠠᠢᠮᠠᠭ᠎ᠤᠨ ᠪᠠᠷᠠᠭᠤᠨ ᠡᠮᠦᠨ᠎ᠡ ᠪᠡᠶ᠎ᠡ᠎ᠶᠢᠨ ᠬᠡᠰᠡᠭ ᠭᠠᠵᠠᠷ᠂ ᠲᠦᠩᠯᠢᠶᠣᠣ ᠬᠣᠲᠠ᠎ᠶᠢᠨ ᠪᠠᠷᠠᠭᠤᠨ ᠬᠣᠢᠲᠤ ᠪᠡᠶ᠎ᠡ ᠪᠠ ᠵᠡᠭᠦᠨ ᠪᠡᠶ᠎ᠡ᠎ᠶᠢᠨ ᠵᠡᠭᠦᠨ ᠬᠡᠰᠡᠭ᠂ ᠬᠢᠩᠭᠠᠨ ᠠᠢᠮᠠᠭ᠎ᠤᠨ ᠡᠮᠦᠨ᠎ᠡ ᠪᠡᠶ᠎ᠡ᠎ᠶᠢᠨ ᠡᠮᠦᠨᠡᠲᠦ ᠬᠡᠰᠡᠭ᠂ ᠬᠥᠯᠥᠨ ᠪᠣᠶ᠋ᠢᠷ ᠬᠣᠲᠠ᠎ᠶᠢᠨ ᠪᠠᠷᠠᠭᠤᠨ ᠬᠣᠢᠲᠤ ᠪᠡᠶ᠎ᠡ᠎ᠳᠦ ᠡᠭᠦᠯᠡᠷᠭᠡᠭ᠂ ᠪᠠᠭ᠎ᠠ ᠪᠣᠷᠣᠭᠠᠨ ᠲᠡᠢ᠂ ᠴᠠᠰᠤ ᠪᠣᠷᠣᠭᠠᠨ ᠬᠣᠯᠢᠯᠳᠤᠨ ᠤᠷᠤᠬᠤ ᠪᠤᠶᠤ ᠪᠠᠭ᠎ᠠ ᠴᠠᠰᠤ᠎ᠲᠠᠢ; ᠳᠤᠮᠳᠠ ᠪᠠ ᠪᠠᠷᠠᠭᠤᠨ ᠪᠡᠶ᠎ᠡ ᠵᠢᠨ ᠶᠡᠬᠡᠩᠬᠢ ᠭᠠᠵᠠᠷ᠂ ᠵᠡᠭᠦᠨ ᠪᠡᠶ᠎ᠡ ᠵᠢᠨ ᠡᠮᠦᠨᠡᠲᠦ ᠬᠡᠰᠡᠭ᠎ᠤᠨ ᠭᠠᠵᠠᠷ ᠣᠷᠣᠨ᠎ᠳᠤ 5᠂ 6 ᠲᠠᠰ᠎ᠤᠨ ᠰᠠᠯᠬᠢ ᠰᠠᠯᠬᠢᠯᠠᠵᠦ᠂ ᠬᠡᠰᠡᠭ ᠭᠠᠵᠠᠷ᠎ᠲᠦ 8 ᠳᠡᠰ᠎ᠤᠨ ᠰᠠᠯᠬᠢ᠎ᠰᠠᠯᠬᠢᠯᠠᠨ᠎ᠠ᠂ ᠳᠤᠮᠳᠠ ᠪᠠ ᠪᠠᠷᠠᠭᠤᠨ ᠪᠡᠶ᠎ᠡ ᠵᠢᠨ ᠬᠣᠢᠲᠤ ᠬᠡᠰᠡᠭ᠎ᠤᠨ ᠭᠠᠵᠠᠷ᠎ᠤᠷᠤᠨ᠎ᠳᠦ ᠡᠯᠡᠰᠦᠨ ᠰᠢᠭᠤᠷᠭ᠎ᠠ ᠲᠡᠭᠳᠡᠨ᠎ᠡ; ᠪᠠᠷᠠᠭᠤᠨ ᠪᠡᠶ᠎ᠡ ᠵᠢᠨ ᠬᠣᠢᠲᠤ ᠬᠡᠰᠡᠭ᠂ ᠳᠤᠮᠳᠠ ᠪᠡᠶ᠎ᠡ ᠵᠢᠨ ᠶᠡᠬᠡᠩᠬᠢ ᠭᠠᠵᠠᠷ᠎ᠤᠨ ᠠᠭᠠᠷ᠎ᠤᠨ ᠳᠤᠯᠠᠭᠠᠨ 4°C ~ 6°C ᠳᠣᠷᠣᠭᠰᠢᠯᠠᠵᠤ᠂ ᠬᠡᠰᠡᠭ ᠭᠠᠵᠠᠷ᠎ᠤᠨ ᠠᠭᠠᠷ᠎ᠤᠨ ᠳᠤᠯᠠᠭᠠᠨ 6°C᠎ᠡᠴᠡ ᠳᠡᠭᠡᠭᠰᠢ ᠳᠣᠷᠣᠭᠰᠢᠯᠠᠨ᠎ᠠ᠃


QQ截图20260312093543.png

 

ᠢᠷᠡᠯᠲᠡ᠄ ᠦᠪᠦᠷ ᠮᠤᠨᠭᠭᠤᠯ᠎ᠤᠨ ᠴᠠᠭ ᠠᠭᠤᠷ ᠲᠡᠪᠴᠡᠨᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号