ᠠᠬᠢᠭᠠᠳ ᠳᠦᠷᠪᠡᠨ ᠰᠢᠨ᠎ᠡ ᠠᠭᠤᠷᠬᠠᠢ ᠢᠯᠡᠷᠡᠭᠦᠯᠪᠡ
2026-03-20 11:44:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠡᠯᠡᠭᠰᠡᠨ᠎ᠢᠶᠡᠷ᠂ ᠮᠠᠨ᠎ᠤ ᠤᠯᠤᠰ᠎ᠤᠨ ᠰᠢᠨ᠎ᠡ ᠨᠢᠭᠡ ᠡᠭᠡᠯᠵᠢ᠎ᠶᠢᠨ ᠠᠭᠤᠷᠬᠠᠢ ᠬᠠᠢᠬᠤ ᠰᠢᠪᠲᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ ᠳᠠᠬᠢᠨᠲᠠ ᠰᠢᠨ᠎ᠡ ᠦᠷ᠎ᠡ ᠪᠦᠲᠦᠭᠡᠯ ᠣᠯᠵᠤ᠂ ᠰᠧᠴᠤᠸᠠᠨ᠎ᠤ ᠮᠢᠶᠠᠨ ᠨᠢᠩ᠂ ᠭᠠᠨᠰᠤ ᠶ᠋ᠢᠨ ᠳ᠋ᠠᠩᠴᠠᠩ᠎ᠳᠤ ᠬᠠᠲᠠᠭᠤ ᠪᠡᠶᠡᠲᠦ ᠠᠭᠤᠷᠬᠠᠢ᠎ᠶᠢᠨ ᠭᠠᠷᠤᠯᠲᠠ᠎ᠶᠢ ᠢᠯᠡᠷᠡᠭᠦᠯᠪᠡ᠂ ᠡᠲᠡᠭᠡᠷ ᠨᠢ ᠲᠣᠰ ᠲᠤᠰ ᠬᠣᠪᠣᠷ ᠰᠢᠷᠣᠢ᠂ ᠬᠠᠢᠯᠤᠭᠤᠷ ᠴᠢᠯᠠᠭᠤ᠂ ᠬᠦᠨᠳᠦ ᠲᠠᠯᠠᠰᠲᠤ ᠴᠢᠯᠠᠭᠤ᠂ ᠰᠲ᠋ᠢᠪᠢ ᠪᠣᠯᠣᠨ᠎ᠠ᠃

ᠣᠢᠯᠠᠭᠠᠭᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠮᠠᠨ᠎ᠤ ᠤᠯᠤᠰ᠎ᠤᠨ ᠰᠢᠨ᠎ᠡ ᠨᠢᠭᠡ ᠡᠭᠡᠯᠵᠢ᠎ᠶᠢᠨ ᠠᠭᠤᠷᠬᠠᠢ ᠡᠷᠢᠬᠦ ᠰᠢᠪᠲᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ ᠭᠢᠯᠠᠯᠵᠠᠮ᠎ᠠ ᠠᠮᠵᠢᠯᠲᠠ᠎ᠶᠢᠨ ᠬᠠᠭᠤᠳᠠᠰᠤ᠎ᠶᠢ ᠲᠤᠰᠢᠶᠠᠪᠠ᠄ 10 ᠳ᠋ᠦᠩᠰᠢᠭᠤᠷ ᠲᠣᠨ᠎ᠤ ᠲᠠᠰ᠎ᠤᠨ ᠴᠢᠯᠠᠭᠤᠨ ᠲᠣᠰᠣᠨ᠎ᠤ ᠠᠭᠤᠷᠬᠠᠢ᠂ 19 ᠲᠣᠮᠣ᠌ ᠬᠡᠯᠪᠡᠷᠢ᠎ᠶᠢᠨ ᠰᠢᠲᠠᠮᠠᠬᠠᠢ ᠬᠡᠢ᠎ᠶᠢᠨ ᠠᠭᠤᠷᠬᠠᠢ ᠵᠢ ᠰᠢᠨ᠎ᠡ ᠪᠡᠷ ᠢᠯᠡᠷᠡᠭᠦᠯᠵᠦ᠂ ᠦᠷᠡᠨ᠂ ᠵᠡᠰ᠂ ᠠᠯᠲᠠ᠂ ᠯᠢᠲ᠋ᠢ᠂ ᠺᠠᠯᠢ ᠵᠢᠨ ᠳᠠᠪᠤᠰᠤ ᠵᠡᠷᠭᠡ ᠵᠠᠩᠭᠢᠯᠠᠭ᠎ᠠ᠎ᠶᠢᠨ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠤᠨ ᠬᠡᠮᠵᠢᠶ᠎ᠡ ᠶᠡᠬᠡ᠎ᠪᠡᠷ ᠨᠡᠮᠡᠭᠳᠡᠵᠦ᠂ ᠲᠥᠪᠡᠳ᠎ᠦᠨ ᠬᠡᠲᠦ ᠳ᠋ᠦᠩᠰᠢᠭᠤᠷ ᠲᠣᠨ᠎ᠤ ᠲᠠᠰ᠎ᠤᠨ ᠵᠡᠰ᠎ᠦᠨ ᠠᠭᠤᠷᠬᠠᠢ᠂ ᠱᠠᠨᠳᠦ᠋ᠩ᠎ᠦᠨ ᠯᠠᠶ᠋ᠢᠵᠸᠦ᠎ᠶᠢᠨ ᠰᠢ ᠯᠢᠩ ᠬᠡᠲᠦ ᠲᠣᠮᠣ᠌ ᠬᠡᠯᠪᠡᠷᠢ᠎ᠶᠢᠨ ᠠᠯᠲᠠᠨ᠎ᠤ ᠠᠭᠤᠷᠬᠠᠢ᠂ ᠰᠧᠴᠤᠸᠠᠨ᠎ᠤ ᠶᠠᠵᠢᠶᠠᠩ᠎ᠤᠨ ᠠᠽᠢᠶ᠎ᠠ ᠲᠢᠪ᠎ᠦᠨ ᠲᠠᠩ ᠴᠣᠭᠴᠠᠲᠤ ᠯᠢᠲ᠋ᠢ᠎ᠶᠢᠨ ᠠᠭᠤᠷᠬᠠᠢ ᠵᠡᠷᠭᠡ ᠨᠢᠭᠡ ᠪᠦᠯᠦᠭ ᠳᠡᠯᠡᠬᠡᠢ᠎ᠶᠢᠨ ᠲᠠᠰ᠎ᠤᠨ ᠡᠬᠢ ᠪᠠᠶᠠᠯᠢᠭ᠋᠎ᠤᠨ ᠰᠠᠭᠤᠷᠢᠨ᠎ᠢ ᠵᠠᠯᠭᠠᠭ᠎ᠠ ᠪᠠᠷ ᠢᠯᠡᠷᠡᠭᠦᠯᠦᠭᠰᠡᠨ ᠪᠠᠢᠨ᠎ᠠ᠃


QQ截图20260209113408.png

QQ截图20260312093543.png


ᠢᠷᠡᠯᠲᠡ᠄  ᠲᠥᠪ ᠲᠧᠯᠸᠢᠰ᠎ᠦᠨ ᠰᠣᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号