ᠵᠠᠮ ᠲᠡᠭᠡᠭᠡᠪᠦᠷᠢ᠎ᠶᠢᠨ ᠠᠵᠢᠯ ᠡᠷᠭᠢᠯᠡᠭᠰᠡᠳ᠎ᠤᠨ ᠨᠠᠰᠤ᠎ᠶᠢ ᠪᠦᠬᠦᠯᠢ 63 ᠨᠠᠰᠦ ᠪᠡᠷ ᠬᠢᠵᠠᠭᠠᠷᠯᠠᠨ᠎ᠠ
2026-03-20 15:43:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2026 ᠣᠨ᠎ᠤ 3 ᠰᠠᠷ᠎ᠠ᠎ᠶᠢᠨ 20᠎ᠤ ᠡᠳᠦᠷ᠎ᠡᠴᠡ ᠡᠬᠢᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠡᠵᠡᠩᠨᠡᠯᠲᠡ᠎ᠶᠢᠨ ᠴᠢᠨᠠᠷᠲᠠᠶ ᠠᠶᠠᠨᠴᠢᠳ᠎ᠤᠨ ᠵᠦᠭᠡᠭᠡᠪᠦᠷᠢ ᠪᠠ ᠪᠠᠷᠠᠭᠠᠨ᠎ᠤ ᠲᠡᠭᠡᠭᠡᠪᠦᠷᠢ᠎ᠶᠢᠨ ᠵᠢᠯᠣᠭᠣᠴᠢ᠂ ᠠᠶᠤᠯᠲᠠᠶ ᠪᠠᠷᠠᠭ᠎ᠠ ᠲᠡᠭᠡᠭᠡᠪᠦᠷᠢᠯᠡᠬᠦ᠌ ᠠᠵᠢᠯ ᠡᠷᠭᠢᠯᠡᠭᠰᠡᠳ᠂ ᠵᠢᠯᠣᠭᠣᠴᠢ᠎ᠶᠢᠨ ᠠᠵᠢᠯ᠎ᠤᠨ ᠰᠤᠷᠭᠠᠭᠴᠢ ᠵᠡᠷᠭᠡ ᠠᠵᠢᠯ ᠡᠷᠭᠢᠯᠡᠭᠰᠡᠳ᠎ᠦᠨ ᠨᠠᠰᠤᠨ᠎ᠤ ᠬᠢᠵᠠᠭᠠᠷᠯᠠᠯ᠎ᠢ ᠳᠣᠭᠢᠷᠠᠭᠤᠯᠵᠤ᠂ 《ᠪᠦᠬᠦᠯᠢ 63 ᠨᠠᠰᠤᠨ᠎ᠠᠴᠠ ᠬᠡᠲᠦᠷᠡᠭᠦᠯᠵᠦ᠍ ᠪᠣᠯᠬᠤ ᠥᠬᠡᠶ》 ᠭᠡᠵᠦ᠍ ᠨᠢᠭᠡᠳᠦᠯᠲᠡᠶ ᠲᠣᠬᠢᠷᠠᠭᠤᠯᠪᠠ᠃

ᠣᠳᠣᠬᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠲᠤ᠌ ᠬᠠᠮᠵᠢᠯᠴᠠᠬᠤ ᠮᠠᠶᠢᠭ᠎ᠤᠨ ᠵᠠᠮ ᠲᠡᠭᠡᠭᠡᠪᠦᠷᠢ᠎ᠶᠢᠨ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ᠎ᠶᠢᠨ ᠰᠢᠰᠲ᠋ᠧᠮ ᠨᠢᠭᠡᠨᠲᠡ ᠬᠠᠮᠢᠶ᠎ᠠ ᠪᠥᠬᠥᠶ ᠴᠢᠳᠠᠮᠵᠢ ᠵᠢᠴᠢ ᠪᠣᠯᠵᠣᠯᠲᠤ᠌ ᠲᠣᠭ᠎ᠠ᠎ᠶᠢᠨ ᠲᠣᠬᠢᠷᠠᠭᠤᠯᠤᠯᠲᠠ᠎ᠶᠢ ᠪᠡᠶᠡᠯᠡᠭᠦᠯᠪᠡ᠃ ᠪᠦᠬᠦᠯᠢ 63 ᠨᠠᠰᠤ ᠬᠦᠷᠦᠬᠡᠳᠦᠢ ᠬᠦᠮᠦᠰ ᠴᠥᠮ ᠠᠵᠢᠯ ᠡᠷᠬᠢᠯᠡᠬᠦ᠌ ᠬᠢᠷᠢ ᠬᠡᠮ᠎ᠦᠨ ᠦᠨᠡᠮᠯᠡᠯ ᠭᠤᠶᠤᠴᠢᠯᠠᠨ ᠠᠪᠬᠤ᠂ ᠰᠣᠯᠢᠬᠤ᠂ ᠬᠤᠪᠢᠷᠠᠭᠤᠯᠬᠤ᠂ ᠡᠷᠦᠬᠡ ᠠᠮᠠ᠎ᠪᠠᠨ ᠰᠢᠯᠵᠢᠭᠦᠯᠬᠦ᠌ ᠵᠡᠷᠭᠡ ᠲᠤᠬᠠᠶ᠋ᠢᠯᠠᠭᠰᠠᠨ ᠠᠵᠢᠯ᠎ᠢ ᠬᠡᠪ᠎ᠦᠨ ᠶᠣᠰᠣᠭᠠᠷ ᠭᠦᠢᠴᠡᠳᠬᠡᠵᠦ᠍ ᠪᠣᠯᠤᠨ᠎ᠠ᠃ ᠡᠭᠦᠨ᠎ᠡᠴᠡ ᠡᠮᠦᠨ᠎ᠡ ᠨᠠᠰᠤᠨ᠎ᠤ ᠰᠢᠯᠲᠠᠭᠠᠨ᠎ᠠᠴᠠ ᠪᠣᠯᠵᠣ ᠬᠦᠴᠦᠨ ᠥᠬᠡᠶ ᠪᠣᠯᠤᠬᠰᠠᠨ ᠠᠵᠢᠯ ᠡᠷᠭᠢᠯᠡᠬᠦ᠌ ᠬᠢᠷᠢ ᠬᠡᠮ᠎ᠦᠨ ᠦᠨᠡᠮᠯᠡᠯ ᠨᠢ ᠣᠲᠣ ᠨᠢᠭᠡᠨᠲᠡ ᠠᠶᠠᠨᠳᠠᠭᠠᠨ ᠬᠦᠴᠦᠨ᠎ᠲᠡᠶ ᠪᠠᠶ᠋ᠢᠳᠠᠯ᠎ᠳᠤ ᠤᠷᠤᠭᠰᠠᠨ ᠪᠥᠭᠡᠳ ᠬᠦᠴᠦᠨ᠎ᠲᠡᠶ ᠬᠤᠭᠤᠴᠠᠭ᠎ᠠ᠎ᠶᠢ ᠨᠢ 63 ᠪᠦᠬᠦᠯᠢ ᠨᠠᠰᠤ ᠬᠦᠷᠲᠡᠯ᠎ᠡ ᠤᠷᠲᠤᠳᠬᠠᠵᠤ᠂ ᠬᠣᠯᠪᠣᠭᠳᠠᠯ ᠪᠥᠬᠥᠶ ᠡᠯᠧᠺᠲ᠋ᠷᠣᠨ ᠭᠡᠷᠡᠴᠢ ᠦᠨᠡᠮᠯᠡᠯ᠎ᠢ ᠴᠦ᠍ ᠨᠢᠭᠡᠨᠲᠡ ᠵᠡᠷᠭᠡᠪᠡᠷ ᠪᠣᠶ ᠪᠣᠯᠭᠠᠭᠰᠠᠨ ᠪᠣᠯᠬᠣᠷ ᠲᠣᠰ ᠬᠥᠮᠦᠨ ᠨᠢ ᠭᠤᠶᠤᠴᠢᠯᠠᠬᠤ ᠪᠤᠶᠤ ᠶᠠᠮᠠᠷ ᠴᠤ᠌ ᠮᠠᠲ᠋ᠧᠷᠢᠶᠠᠯ ᠲᠤᠰᠢᠶᠠᠬᠤ ᠴᠢᠬᠤᠯᠠ ᠥᠬᠡᠶ ᠪᠣᠯᠵᠠᠶ᠃

ᠣᠨᠴᠠᠭᠠᠶ᠋ᠢᠯᠠᠨ ᠰᠠᠨᠠᠭᠤᠯᠬᠤ ᠴᠢᠬᠤᠯᠠᠲᠠᠶ ᠨᠢ᠂ ᠳᠤᠤᠷᠠᠬᠢ ᠶᠠᠮᠠᠷ ᠨᠢᠭᠡᠨ ᠪᠠᠶ᠋ᠢᠳᠠᠯ ᠣᠷᠣᠰᠢᠵᠤ ᠪᠠᠶ᠋ᠢᠭ᠎ᠠ ᠬᠥᠮᠦᠰ᠎ᠦᠨ ᠠᠵᠢᠯ ᠡᠷᠭᠢᠯᠡᠬᠦ᠌ ᠬᠢᠷᠢ ᠬᠡᠮ᠎ᠦᠨ ᠦᠨᠡᠮᠯᠡᠯ᠎ᠢ ᠨᠢ ᠰᠡᠷᠭᠦᠭᠡᠵᠦ᠍ ᠥᠭᠬᠦ᠌ ᠥᠬᠡᠶ; ᠨᠢᠭᠡᠨᠲᠡ ᠰᠡᠷᠭᠦᠭᠡᠭᠰᠡᠨ ᠪᠠᠶ᠋ᠢᠪᠠᠯ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ ᠬᠦᠴᠦᠨ ᠥᠬᠡᠶ ᠪᠣᠯᠭᠠᠨ᠎ᠠ᠄ ᠮᠠᠰᠢᠨ ᠲᠡᠷᠭᠡᠨ᠎ᠦ ᠵᠢᠯᠣᠭᠣᠴᠢ᠎ᠶᠢᠨ ᠦᠨᠡᠮᠯᠡᠯ ᠨᠢ ᠬᠦᠴᠦᠨ ᠥᠬᠡᠶ ᠪᠣᠯᠤᠭᠰᠠᠨ᠂ ᠵᠢᠯᠣᠭᠣᠴᠢ᠎ᠶᠢᠨ ᠦᠨᠡᠮᠯᠡᠯ ᠨᠢ ᠠᠵᠢᠯ ᠡᠷᠭᠢᠯᠡᠬᠦ᠌ ᠨᠥᠬᠥᠴᠡᠯ᠎ᠳᠦ ᠨᠡᠶ᠋ᠢᠴᠡᠬᠦ᠌ ᠥᠬᠡᠶ᠂ ᠣᠶ᠋ᠢᠷ᠎ᠠ᠎ᠶᠢᠨ 3 ᠵᠢᠯ᠎ᠦᠨ ᠳᠣᠲᠣᠷ᠎ᠠ ᠬᠦᠨᠳᠦ ᠶᠡᠬᠡ᠎ᠡᠴᠡ ᠳᠡᠭᠡᠭᠰᠢᠬᠢ ᠵᠠᠮ ᠬᠠᠷᠢᠯᠴᠠᠭᠠᠨ᠎ᠤ ᠬᠠᠷᠢᠭᠤᠴᠠᠯᠭ᠎ᠠ᠎ᠶᠢᠨ ᠡᠨᠳᠡᠯ ᠭᠠᠷᠴᠤ᠌ ᠥᠩᠭᠡᠷᠡᠭᠰᠡᠨ᠃

ᠠᠵᠢᠯᠯᠠᠵᠤ ᠪᠠᠢᠭ᠎ᠠ ᠬᠥᠮᠦᠰ ᠳᠤᠤᠷᠠᠬᠢ ᠠᠯᠪᠠᠨ ᠲᠠᠯ᠎ᠠ᠎ᠶᠢᠨ ᠠᠷᠭ᠎ᠠ ᠵᠠᠮ᠎ᠢᠶᠠᠷ ᠳᠠᠮᠵᠢᠨ ᠰᠢᠭᠤᠳ ᠪᠠᠶ᠋ᠢᠴᠠᠭᠠᠨ ᠦᠵᠡᠬᠦ᠌ ᠪᠤᠶᠤ ᠪᠠᠭᠤᠯᠭᠠᠵᠤ ᠪᠣᠯᠤᠨ᠎ᠠ᠄

1. ᠶᠠᠮᠤᠨ᠎ᠤ ᠲᠠᠰ᠎ᠤᠨ ᠠᠷᠭ᠎ᠠ ᠵᠠᠮ (ᠪᠥᠬᠥ᠌ ᠤᠯᠤᠰ᠎ᠲᠤ᠌ ᠨᠡᠶ᠋ᠢᠳᠡᠮ ᠬᠡᠷᠡᠭᠯᠡᠬᠦ᠌)

ᠵᠢᠷᠭᠢᠶ᠎ᠠ ᠵᠢᠨ ᠵᠢᠵᠢᠭ ᠫᠷᠤᠭ᠌ᠷᠠᠮ᠄ 《ᠵᠠᠮ ᠲᠡᠭᠡᠭᠡᠪᠦᠷᠢ᠎ᠶᠢᠨ ᠶᠠᠪᠤᠳᠠᠯ᠎ᠤᠨ ᠨᠢᠭᠡ ᠰᠦᠯᠵᠢᠶ᠎ᠡ᠎ᠪᠡᠷ ᠨᠡᠶ᠋ᠢᠳᠡᠮ ᠭᠦᠢᠴᠡᠳᠬᠡᠬᠦ᠌》᠂ 《ᠪᠥᠬᠥ᠌ ᠤᠯᠤᠰ᠎ᠤᠨ ᠵᠠᠮ ᠲᠡᠭᠡᠭᠡᠪᠦᠷᠢ᠎ᠶᠢᠨ ᠡᠯᠧᠺᠲ᠋ᠷᠣᠨ ᠦᠨᠡᠮᠯᠡᠯ》

ᠭᠠᠷ ᠤᠲᠠᠰᠤᠨ᠎ᠤ APP᠄ 《ᠵᠠᠮ ᠲᠡᠭᠡᠭᠡᠪᠦᠷᠢ᠎ᠶᠢᠨ ᠨᠡᠪᠲᠡᠷᠡᠯ》 APP

ᠠᠯᠪᠠᠨ ᠰᠦᠯᠵᠢᠶ᠎ᠡ᠄ ᠢᠨᠲ᠋ᠸᠷ ᠰᠦᠯᠵᠢᠶᠡᠨ᠎ᠦ ᠵᠠᠮ ᠲᠡᠭᠡᠭᠡᠪᠦᠷᠢ᠎ᠶᠢᠨ ᠠᠷᠠᠳ᠎ᠲᠤ᠌ ᠲᠥᠬᠥᠮ ᠦᠵᠡᠭᠦᠯᠬᠦ᠌ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠰᠢᠰᠲ᠋ᠧᠮ (https᠄//ysfw.mot.gov.cn/)

ᠠᠵᠢᠯᠯᠠᠬᠤ ᠵᠢᠱ᠌ᠢᠶ᠎ᠡ᠄ 《ᠵᠠᠮ ᠲᠡᠭᠡᠭᠡᠪᠦᠷᠢ᠎ᠶᠢᠨ ᠶᠠᠪᠤᠳᠠᠯ᠎ᠤᠨ ᠨᠢᠭᠡ ᠰᠦᠯᠵᠢᠶ᠎ᠡ᠎ᠪᠡᠷ ᠨᠡᠶ᠋ᠢᠳᠡᠮ ᠭᠦᠢᠴᠡᠳᠬᠡᠬᠦ᠌》 ᠵᠢᠵᠢᠭ ᠫᠷᠤᠭ᠌ᠷᠠᠮ᠎ᠢᠶᠠᠷ ᠵᠢᠱ᠌ᠢᠶ᠎ᠡ ᠪᠣᠯᠭᠠᠵᠤ ᠠᠯᠬᠤᠮ ᠳᠠᠷᠠᠭ᠎ᠠ᠎ᠶᠢ ᠨᠢ ᠪᠠᠶ᠋ᠢᠴᠠᠭᠠᠨ ᠦᠵᠡᠨ᠎ᠡ᠃ ᠵᠢᠷᠭᠢᠶ᠎ᠠ ᠵᠢᠨ ᠵᠢᠵᠢᠭ ᠫᠷᠤᠭ᠌ᠷᠠᠮ᠎ᠢ ᠨᠡᠭᠡᠭᠡᠵᠦ᠍᠂ ᠦᠨᠡᠨ ᠨᠡᠷ᠎ᠡ᠎ᠪᠡᠷ ᠭᠡᠷᠡᠴᠢᠯᠡᠬᠦ᠌᠎ᠶᠢ ᠪᠡᠶᠡᠯᠡᠭᠦᠯᠦᠨ᠎ᠡ᠃

ᠪᠠᠷᠠᠭᠤᠨ ᠳᠤᠤᠷ᠎ᠠ ᠥᠨᠴᠥᠭ᠎ᠤᠨ 【ᠬᠡᠷᠡᠭᠯᠡᠭᠴᠢ᠎ᠶᠢᠨ ᠲᠥᠪ】᠎ᠢ ᠳᠤᠪᠴᠢᠳᠠᠨ᠎ᠠ᠃

【ᠡᠯᠧᠺᠲ᠋ᠷᠣᠨ ᠦᠨᠡᠮᠯᠡᠯ】᠎ᠢ ᠰᠣᠩᠭᠣᠪᠠᠯ ᠳᠠᠷᠤᠶ ᠬᠣᠯᠪᠣᠭᠰᠠᠨ ᠦᠨᠡᠮᠯᠡᠯ᠎ᠵᠢᠠᠨ ᠣᠯᠵᠤ ᠦᠵᠡᠨ᠎ᠡ᠂ 【ᠨᠠᠷᠢᠨ ᠪᠠᠶ᠋ᠢᠳᠠᠯ】᠎ᠢ ᠲᠣᠪᠴᠢᠳᠠᠬᠤ ᠪᠤᠶᠤ 【ᠪᠠᠭᠤᠯᠭᠠᠬᠤ】᠎ᠵᠢ ᠳᠤᠪᠴᠢᠳᠠᠵᠤ ᠪᠠᠶ᠋ᠢᠴᠠᠭᠠᠨ ᠦᠵᠡᠨ᠎ᠠ᠃

2 . ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠷᠭ᠎ᠠ ᠵᠠᠮ

ᠵᠢᠷᠭᠢᠶ᠎ᠠ ᠵᠢᠨ ᠤᠯᠠᠨ ᠨᠡᠶ᠋ᠢᠲᠡ᠎ᠶᠢᠨ ᠳ᠋ᠤᠭᠠᠷ᠄ 《ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ》 ᠪᠤᠶᠤ 《ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠰ᠎ᠦᠨ ᠬᠥᠭᠵᠢᠯᠲᠡ᠎ᠶᠢᠨ ᠲᠥᠪ》

ᠵᠢᠷᠭᠢᠶ᠎ᠠ ᠵᠢᠨ ᠵᠢᠵᠢᠭ ᠫᠷᠤᠭ᠌ᠷᠠᠮ ᠪᠠ ᠭᠠᠷ ᠤᠲᠠᠰᠤᠨ᠎ᠤ APP᠄ 《ᠮᠥᠩᠬᠡ ᠰᠤᠪᠠᠭ》

ᠠᠯᠪᠠᠨ ᠰᠦᠯᠵᠢᠶ᠎ᠡ᠄ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠰᠦᠯᠵᠢᠶ᠎ᠡ

ᠠᠵᠢᠯᠯᠠᠬᠤ ᠵᠢᠱ᠌ᠢᠶ᠎ᠡ᠄ 《ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ》᠎ᠤᠨ ᠵᠢᠷᠭᠢᠶ᠎ᠠ ᠵᠢᠨ ᠤᠯᠠᠨ ᠨᠡᠶ᠋ᠢᠲᠡ᠎ᠶᠢᠨ ᠳ᠋ᠤᠭᠠᠷ᠎ᠢᠶᠠᠷ ᠵᠢᠱ᠌ᠢᠶᠡᠯᠡᠨ ᠪᠠᠶ᠋ᠢᠴᠠᠭᠠᠨ ᠦᠵᠡᠬᠦ᠌ ᠠᠯᠬᠤᠮ ᠳᠠᠷᠠᠭ᠎ᠠ ᠵᠢ ᠦᠵᠡᠪᠡᠯ᠄

ᠵᠢᠷᠭᠢᠶ᠎ᠠ ᠪᠡᠨ ᠨᠡᠭᠡᠭᠡᠵᠦ᠍᠂ 《ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ》᠎ᠤᠨ ᠣᠯᠠᠨ ᠨᠡᠶ᠋ᠢᠲᠡ᠎ᠶᠢᠨ ᠳ᠋ᠤᠭᠠᠷ᠎ᠢ ᠠᠩᠬᠠᠷᠬᠤ᠎ᠶᠢᠨ ᠬᠠᠮᠲᠤ᠌ ᠳᠤᠪᠴᠢᠳᠠᠵᠤ ᠤᠷᠤᠨ᠎ᠠ᠃

ᠳᠤᠤᠷ᠎ᠠ ᠬᠡᠰᠡᠭ᠎ᠦᠨ ᠪᠤᠯᠤᠩ᠎ᠤᠨ 【ᠣᠯᠠᠨ ᠨᠡᠶ᠋ᠢᠲᠡ᠎ᠶᠢᠨ ᠦᠢᠯᠡᠴᠢᠯᠡᠭᠡ】 ᠵᠢ ᠳᠤᠪᠴᠢᠳᠠᠵᠤ ᠤᠷᠤᠨ᠎ᠠ᠃

【ᠵᠠᠮ ᠲᠡᠭᠡᠭᠡᠪᠦᠷᠢ᠎ᠶᠢᠨ ᠡᠯᠧᠺᠲ᠋ᠷᠣᠨ ᠦᠨᠡᠮᠯᠡᠯ】᠎ᠢ ᠰᠣᠩᠭᠣᠨ᠎ᠠ᠃

ᠳᠤᠰ ᠨᠢᠭᠤᠷ᠎ᠲᠦ ᠣᠷᠣᠭᠰᠠᠨ᠎ᠤ ᠳᠠᠷᠠᠭ᠎ᠠ᠂ 【ᠦᠨᠡᠮᠯᠡᠯ᠎ᠦᠨ ᠬᠠᠮᠢᠶᠠᠷᠤᠯᠲᠠ】 ᠵᠢ ᠲᠣᠪᠴᠢᠳᠠᠪᠠᠯ᠂ ᠲᠠᠨ᠎ᠤ ᠡᠯᠧᠺᠲᠷᠣᠨ ᠦᠨᠡᠮᠯᠡᠯ᠎ᠵᠢᠠᠨ ᠦᠵᠡᠵᠦ᠍ ᠪᠣᠯᠤᠨ᠎ᠠ᠃

ᠬᠡᠷᠪᠡ ᠡᠯᠧᠺᠲ᠋ᠷᠣᠨ ᠦᠨᠡᠮᠯᠡᠯ᠎ᠢ ᠪᠠᠶ᠋ᠢᠴᠠᠭᠠᠨ ᠦᠵᠡᠬᠦ᠌᠎ᠶᠢᠨ ᠠᠷᠭ᠎ᠠ ᠦᠭᠡᠢ ᠪᠣᠯ᠂ ᠰᠡᠭᠦᠳᠡᠷ ᠳᠤᠲᠠᠭᠳᠠᠭᠰᠠᠨ ᠪᠤᠶᠤ ᠮᠡᠳᠡᠭᠡ ᠵᠠᠩᠭᠢ ᠨᠢ ᠪᠤᠷᠤᠭᠤ᠎ᠲᠠᠶ ᠪᠠᠶ᠋ᠢᠵᠤ ᠮᠠᠭᠠᠳ᠂ ᠳᠡᠭᠡᠷ᠎ᠡ ᠳᠤᠷᠠᠳᠤᠭᠰᠠᠨ ᠤᠯᠠᠨ ᠨᠡᠶ᠋ᠢᠲᠡ᠎ᠶᠢᠨ ᠳ᠋ᠤᠭᠠᠷ᠎ᠤᠨ ᠳᠣᠲᠣᠷᠠᠬᠢ ᠦᠨᠡᠮᠯᠡᠯ ᠭᠤᠶᠤᠴᠢᠯᠠᠬᠤ ᠴᠢᠳᠠᠮᠵᠢ ᠨᠥᠬᠥᠪᠥᠷᠢᠯᠡᠬᠦ᠌ ᠮᠡᠳᠡᠭᠡ ᠵᠠᠩᠭᠢ ᠪᠤᠶᠤ ᠦᠨᠡᠮᠯᠡᠯ ᠣᠯᠭᠣᠭᠰᠠᠨ ᠤᠤᠯ᠎ᠤᠨ ᠪᠠᠶ᠋ᠢᠭᠤᠯᠭ᠎ᠠ᠎ᠲᠠᠶ ᠬᠠᠷᠢᠯᠴᠠᠵᠤ ᠯᠠᠪᠯᠠᠨ ᠠᠰᠠᠭᠤᠵᠤ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号