ᠰᠣᠶᠣᠯ᠎ᠤᠨ ᠦᠢᠯᠡᠴᠢᠯᠡᠭᠡᠨ᠎ᠦ ᠰᠢᠰᠲᠧᠮ᠎ᠤᠨ ᠪᠠᠢᠭᠤᠯᠤᠯᠲᠠ ᠵᠢ ᠳᠡᠮᠵᠢᠬᠦ ᠪᠡᠷ 6.87 ᠳ᠋ᠦᠩᠰᠢᠭᠤᠷ ᠲᠥᠭᠥᠷᠢᠭ ᠪᠠᠭᠤᠯᠭᠠᠪᠠ
2026-03-20 15:48:49
ᠵᠣᠬᠢᠶᠠᠭ᠍ᠴᠢ᠄
ᠶᠠᠩ ᠸᠧᠢ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ ᠵᠢᠡᠷ᠄ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠠ᠋ᠴᠠ ᠣᠢᠷ᠎ᠠ᠎ᠳᠤ 2026 ᠣᠨ᠎ᠤ ᠠᠩᠬᠠᠳᠠᠭ᠍ᠴᠢ ᠪᠦᠯᠦᠭ ᠲᠥᠪ᠎ᠦᠨ ᠡᠳ᠋᠎ᠦᠨ ᠵᠠᠰᠠᠭ ᠠ᠋ᠴᠠ ᠣᠷᠣᠨ ᠨᠤᠲᠤᠭ᠎ᠤᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ᠎ᠶᠢ ᠳᠡᠮᠵᠢᠬᠦ ᠲᠤᠰᠬᠠᠢ ᠪᠡᠯᠡ ᠮᠥᠩᠭᠥ ᠵᠢ 6.87 ᠳ᠋ᠦᠩᠰᠢᠭᠤᠷ ᠲᠥᠭᠥᠷᠢᠭ ᠪᠠᠭᠤᠯᠭᠠᠪᠠ᠂ ᠡᠨᠡ ᠨᠢ ᠣᠲᠣ᠌ ᠦᠶ᠎ᠡ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠠᠷᠠᠳ ᠣᠯᠠᠨ᠎ᠤ ᠰᠣᠶᠣᠯ᠎ᠤᠨ ᠡᠷᠬᠡ ᠠᠰᠢᠭ᠋᠎ᠢ ᠦᠨᠡᠨ ᠬᠦ᠌ ᠪᠠᠲᠤᠯᠠᠬᠤ ᠵᠤᠷᠢᠯᠳᠠ ᠳᠠᠢ᠃

ᠲᠣᠰ ᠤᠳᠠᠭᠠᠨ᠎ᠤ ᠪᠡᠯᠡ ᠮᠥᠩᠭᠥ᠎ᠶᠢ 《ᠨᠢᠭᠡᠳᠦᠯᠲᠡᠢ ᠲᠥᠯᠥᠪᠵᠢᠬᠦᠯᠦᠨ ᠨᠡᠶ᠋ᠢᠲᠡ ᠳ᠋ᠦ᠍ᠨᠢ ᠬᠠᠷᠠᠭᠠᠯᠵᠠᠬᠤ᠂ ᠭᠣᠣᠯᠳᠠᠯᠭ᠎ᠠ᠎ᠶᠢ ᠳᠣᠪᠣᠶ᠋ᠢᠯᠭᠠᠬᠤ᠂ ᠠᠵᠢᠯ᠎ᠤᠨ ᠪᠦᠲᠦᠮᠵᠢ᠎ᠶᠢ ᠴᠢᠬᠤᠯᠠᠴᠢᠯᠠᠬᠤ᠂ ᠲᠤᠰᠬᠠᠢ ᠲᠦᠷᠦᠯ ᠵᠦᠢᠯ ᠎ᠳᠦ ᠵᠠᠷᠤᠴᠠᠭᠤᠯᠬᠤ》 ᠵᠠᠷᠴᠢᠮ᠎ᠵᠢᠡᠷ ᠬᠡᠷᠡᠭᠯᠡᠵᠦ᠂ ᠪᠥᠬᠥ ᠣᠷᠣᠨ᠎ᠤ ᠦᠨᠳᠦᠰᠦᠨ ᠱᠠᠲᠤᠨ᠎ᠤ ᠰᠣᠶᠣᠯ᠎ᠤᠨ ᠲᠥᠬᠦᠭᠡᠷᠦᠮᠵᠢ᠎ᠶᠢ ᠥᠭᠡᠷᠡᠴᠢᠯᠡᠨ ᠰᠠᠢᠵᠢᠷᠠᠭᠤᠯᠵᠤ ᠲᠠᠰ ᠳᠡᠪᠰᠢᠭᠦᠯᠬᠦ᠂ ᠰᠣᠶᠣᠯ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠢ ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠨᠡᠭᠡᠭᠡᠬᠦ᠂ ᠰᠢᠯᠢᠳᠡᠭ ᠰᠣᠶᠣᠯ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠥᠷᠭᠡᠳᠬᠡᠬᠦ᠂ ᠰᠣᠶᠣᠯ᠎ᠤᠨ ᠴᠢᠳᠠᠪᠤᠷᠢᠲᠠᠨ᠎ᠤ ᠡᠩᠨᠡᠭᠡ ᠎ᠶᠢ ᠬᠥᠮᠥᠵᠢᠭᠦᠯᠬᠦ᠎ᠶᠢ ᠴᠢᠩᠭᠠᠳᠬᠠᠬᠤ ᠵᠢᠴᠢ ᠲᠣᠭᠠᠴᠢᠯᠠᠭᠰᠠᠨ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ ᠳᠡᠮᠵᠢᠨ᠎ᠠ᠃ ᠪᠡᠯᠡ ᠮᠥᠩᠭᠥ᠎ᠶᠢᠨ ᠬᠤᠪᠢᠶᠠᠷᠢᠯᠠᠯᠲᠠ᠎ᠶᠢᠨ ᠠᠷᠭ᠎ᠠ ᠬᠡᠯᠪᠡᠷᠢ᠎ᠶᠢᠨ ᠲᠠᠯ᠎ᠠ᠎ᠪᠠᠷ᠂ ᠭᠣᠣᠯᠳᠠᠯᠭ᠎ᠠ᠎ᠲᠠᠢ ᠲᠦᠷᠦᠯ ᠵᠦᠢᠯ ᠪᠣᠯᠣᠨ ᠲᠦᠭᠡᠮᠡᠯ ᠬᠠᠷᠠᠭᠠᠯᠵᠠᠯᠲᠤ ᠬᠤᠪᠢᠶᠠᠷᠢᠯᠠᠯᠲᠠ᠎ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ᠎ᠶᠢ ᠠᠪᠴᠤ᠂ ᠡᠳ᠋᠎ᠦᠨ ᠬᠦᠴᠦᠨ᠎ᠢ ᠳᠣᠷᠣᠭ᠍ᠰᠢ ᠪᠠᠭᠤᠯᠭᠠᠬᠤ᠎ᠶᠢ ᠠᠬᠢᠭᠤᠯᠵᠤ᠂ ᠦᠨᠳᠦᠰᠦᠨ ᠱᠠᠲᠤᠨ᠎ᠤ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠳᠠᠭᠠᠭᠠᠴᠠ᠎ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠬᠠᠮᠤᠷᠬᠤ ᠬᠡᠪᠴᠢᠶ᠎ᠡ᠎ᠶᠢ ᠥᠷᠭᠡᠳᠬᠡᠨ᠎ᠡ᠃

ᠡᠳ᠋᠎ᠦᠨ ᠵᠠᠰᠠᠭ᠎ᠤᠨ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋᠎ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠵᠢᠨ ᠳᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠪᠦᠬᠦ ᠠᠵᠢᠯ᠎ᠤᠨ ᠶᠠᠪᠤᠴᠠ᠎ᠶᠢᠨ ᠪᠦᠲᠦᠮᠵᠢ᠎ᠶᠢᠨ ᠬᠠᠮᠢᠶᠠᠷᠤᠯᠲᠠ᠎ᠶᠢ ᠵᠡᠷᠭᠡᠪᠡᠷ ᠴᠢᠩᠭᠠᠳᠬᠠᠵᠤ᠂ ᠬᠥᠳᠡᠯᠦᠩᠭᠦᠢ ᠪᠡᠷ ᠬᠢᠨᠠᠨ ᠡᠵᠡᠮᠳᠡᠬᠦ ᠪᠠ ᠦᠷ᠎ᠡ ᠪᠦᠲᠦᠮᠵᠢ ᠵᠢ ᠮᠥᠷᠳᠡᠨ ᠠᠰᠠᠭᠤᠬᠤ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠪᠡᠯᠡ ᠮᠥᠩᠭᠥ᠎ᠶᠢᠨ ᠭᠦᠢᠯᠭᠡᠭᠡᠨ᠎ᠦ ᠬᠠᠨᠳᠤᠯᠭ᠎ᠠ ᠲᠣᠳᠣᠷᠬᠠᠢ᠂ ᠲᠣᠭᠲᠠᠭᠠᠯ ᠶᠤᠰᠤᠭᠠᠷ ᠬᠡᠷᠡᠭᠵᠢᠬᠦᠯᠬᠦ᠎ᠶᠢ ᠦᠨᠡᠨᠬᠦ ᠪᠠᠲᠤᠯᠠᠵᠤ᠂  ᠪᠥᠬᠥ ᠣᠷᠣᠨ᠎ᠤ ᠦᠨᠳᠦᠰᠦᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠢ ᠠᠬᠢᠭᠤᠯᠬᠤ ᠡᠳ᠋᠎ᠦᠨ ᠵᠠᠰᠠᠭ᠎ᠤᠨ ᠪᠡᠯᠡ ᠮᠥᠩᠭᠥ᠎ᠶᠢᠨ ᠵᠢᠯᠤᠭᠤᠳᠤᠯᠭ᠎ᠠ ᠵᠢᠨ ᠦᠢᠯᠡᠳᠦᠯ᠎ᠢ ᠦᠨᠡᠨᠬᠦ ᠪᠠᠳᠠᠷᠠᠭᠤᠯᠵᠤ᠂ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠲᠥᠷᠥᠯ ᠵᠦᠢᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠣᠯᠠᠨ ᠲᠦᠮᠡᠨ᠎ᠳᠦ ᠨᠠᠩ ᠪᠦᠷᠢᠨ ᠲᠡᠭᠦᠯᠳᠡᠷ᠂ ᠡᠯᠪᠡᠭ ᠪᠠᠶᠠᠯᠢᠭ᠋᠂ ᠴᠢᠨᠠᠷ ᠰᠠᠢᠲᠠᠢ ᠣᠶᠤᠨ᠎ᠤ ᠰᠣᠶᠣᠯ᠎ᠤᠨ ᠠᠮᠢᠳᠤᠷᠠᠯ᠎ᠢ ᠡᠳ᠋ᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号