ᠭᠠᠵᠠᠷ ᠰᠢᠷᠦᠢ ᠵᠢᠨ ᠳᠠᠭᠠᠭᠠᠴᠢᠯᠠᠯᠳᠠ ᠵᠢ ᠳᠠᠬᠢᠭᠠᠳ 30 ᠵᠢᠯ ᠤᠷᠲᠤᠳᠬᠠᠨ᠎ᠠ!
2026-03-20 15:55:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 18᠎ᠤ ᠡᠳᠦᠷ᠂ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠬᠣᠶᠠᠳᠤᠭᠠᠷ ᠡᠭᠡᠯᠵᠢ᠎ᠶᠢᠨ ᠭᠠᠵᠠᠷ ᠰᠢᠷᠣᠶ᠎ᠶᠢᠨ ᠳᠠᠭᠠᠭᠠᠴᠢᠯᠠᠯᠲᠠ᠎ᠶᠢᠨ ᠬᠤᠭᠤᠴᠠᠭ᠎ᠠ ᠲᠤᠯᠤᠭᠰᠠᠨ᠎ᠤ ᠳᠠᠷᠠᠭ᠎ᠠ ᠳᠠᠬᠢᠨ 30 ᠵᠢᠯ ᠤᠷᠲᠤᠳᠬᠠᠬᠤ ᠲᠤᠷᠰᠢᠯᠲᠠ᠎ᠶᠢᠨ ᠴᠡᠭ᠎ᠤᠨ ᠠᠵᠢᠯ᠎ᠢ ᠰᠠᠶ᠋ᠢᠲᠤᠷ ᠬᠢᠬᠦ᠌ ᠲᠤᠬᠠᠶ ᠰᠠᠨᠠᠯ》᠎ᠢ ᠨᠡᠶ᠋ᠢᠲᠡᠯᠡᠵᠦ᠍᠂ ᠳᠤᠰ ᠠᠵᠢᠯ᠎ᠳᠤ ᠪᠣᠳᠠᠲᠠᠶ ᠪᠠᠶ᠋ᠢᠷᠢᠯᠠᠭᠤᠯᠤᠯᠲᠠ ᠬᠢᠪᠠ᠃

ᠳᠠᠭᠠᠭᠠᠴᠢᠯᠠᠯᠳᠠ ᠵᠢᠨ ᠬᠤᠭᠤᠴᠠᠭ᠎ᠠ ᠵᠢ ᠤᠷᠳᠤᠳᠬᠠᠬᠤ ᠲᠤᠷᠰᠢᠯᠲᠠ᠎ᠶᠢᠨ ᠴᠡᠭ᠎ᠤᠨ ᠠᠵᠢᠯ᠎ᠢ ᠰᠠᠶ᠋ᠢᠲᠤᠷ ᠬᠢᠬᠦ᠌᠎ᠶᠢᠨ ᠲᠥᠯᠥᠭᠡ᠂ 2020 ᠣᠨ᠎ᠠᠴᠠ ᠨᠠᠭᠠᠰᠢ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠲᠥᠪ᠎ᠦᠨ ᠬᠥᠳᠡᠭᠡ ᠲᠣᠰᠬᠣᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠡᠯ᠎ᠡ ᠮᠤᠵᠢ᠎ᠶᠢᠨ ᠳᠤᠰᠬᠤᠨ ᠳᠤᠭᠤᠶ᠋ᠢᠯᠠᠩ᠎ᠠᠴᠠ ᠡᠬᠢᠯᠡᠨ ᠲᠤᠷᠰᠢᠯᠲᠠ᠎ᠶᠢᠨ ᠬᠡᠪᠴᠢᠶ᠎ᠡ ᠪᠡᠨ ᠠᠯᠬᠤᠮ ᠠᠯᠬᠤᠮ᠎ᠢᠶᠠᠷ ᠥᠷᠭᠡᠳᠬᠡᠭᠰᠡᠨ ᠪᠠᠶ᠋ᠢᠨ᠎ᠠ᠃ ᠨᠠᠮ᠎ᠤᠨ ᠲᠥᠪ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭᠠᠷ᠂ ᠡᠨᠡ ᠵᠢᠯ ᠮᠠᠨ᠎ᠤ ᠤᠯᠤᠰ 29 ᠮᠤᠵᠢ (ᠣᠷᠣᠨ᠂ ᠬᠤᠳᠠ)᠎ᠳᠤ ᠲᠤᠷᠰᠢᠯᠲᠠ ᠬᠢᠬᠦ᠌ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠬᠦ᠌ ᠪᠣᠯᠤᠨ᠎ᠠ᠃

ᠬᠣᠶᠠᠳᠤᠭᠠᠷ ᠡᠭᠡᠯᠵᠢ᠎ᠶᠢᠨ ᠳᠠᠭᠠᠭᠠᠴᠢᠯᠠᠯᠲᠠ᠎ᠠᠴᠠ ᠨᠠᠭᠠᠰᠢ᠂ ᠬᠥᠳᠡᠭᠡ ᠲᠣᠰᠬᠣᠨ᠎ᠤ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢ ᠲᠠᠭᠠᠯᠳᠤᠨ᠂ ᠬᠥᠮᠦᠨ ᠠᠮᠠ᠂ ᠭᠠᠵᠠᠷ ᠰᠢᠷᠣᠢ ᠵᠡᠷᠭᠡ᠎ᠳᠦ ᠵᠣᠬᠢᠬᠤ ᠬᠤᠪᠢᠷᠠᠯᠲᠠ ᠭᠠᠷᠴᠤ᠌᠂ ᠬᠥᠳᠡᠭᠡ ᠲᠣᠰᠬᠣᠨ᠎ᠤ ᠳᠠᠭᠠᠭᠠᠴᠢᠯᠠᠯᠲᠠ᠎ᠲᠠᠢ ᠬᠣᠯᠪᠣᠭᠳᠠᠭᠰᠠᠨ ᠵᠥᠷᠢᠴᠡᠯ ᠠᠰᠠᠭᠤᠳᠠᠯ ᠠᠳᠠᠯᠢ ᠪᠤᠰᠤ ᠬᠡᠮᠵᠢᠶ᠎ᠡ᠎ᠪᠡᠷ ᠣᠷᠣᠰᠢᠵᠤ ᠪᠠᠶ᠋ᠢᠨ᠎ᠠ᠃ ᠰᠠᠨᠠᠯ᠎ᠳᠤ᠂ ᠭᠠᠵᠠᠷ ᠰᠢᠷᠣᠶ ᠥᠬᠡᠶ ᠲᠠᠷᠢᠶᠠᠴᠢᠨ ᠡᠷᠦᠬᠡ᠎ᠶᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭᠠᠷ ᠬᠠᠮᠠᠭᠠᠯᠠᠵᠤ᠂ ᠭᠠᠵᠠᠷ ᠰᠢᠷᠣᠶ ᠳᠤᠲᠠᠭᠳᠠᠬᠤ᠎ᠠᠴᠠ ᠪᠣᠯᠵᠣ ᠠᠮᠢᠳᠤᠷᠠᠯ᠎ᠨᠢ ᠬᠦᠴᠢᠷᠳᠡᠯᠲᠡᠶ ᠪᠣᠯᠤᠭᠰᠠᠨ ᠲᠠᠷᠢᠶᠠᠴᠢᠨ ᠡᠷᠦᠬᠡ᠎ᠶᠢᠨ ᠵᠦᠶ ᠶᠣᠰᠣᠨ᠎ᠤ ᠬᠦᠰᠡᠯ ᠱᠠᠭᠠᠷᠳᠠᠯᠭ᠎ᠠ᠎ᠶᠢ ᠲᠣᠬᠢᠲᠠᠶ ᠰᠢᠢᠳᠪᠦᠷᠢᠯᠡᠨ᠎ᠡ᠃ ᠡᠮᠦᠨᠡᠬᠢ ᠬᠤᠭᠤᠴᠠᠭᠠᠨ᠎ᠤ ᠲᠤᠷᠰᠢᠯᠲᠠ᠎ᠳᠠᠬᠢ ᠡᠯ᠎ᠡ ᠭᠠᠵᠠᠷ᠎ᠤᠨ ᠠᠷᠭ᠎ᠠ ᠲᠤᠷᠰᠢᠯᠭ᠎ᠠ᠂ ᠰᠠᠨᠠᠯ᠎ᠢ ᠳ᠋ᠦᠩᠨᠡᠨ ᠪᠣᠯᠪᠠᠰᠤᠷᠠᠭᠤᠯᠵᠤ᠂ ᠬᠣᠯᠪᠣᠭᠳᠠᠯ ᠪᠥᠬᠥᠶ ᠲᠣᠭᠲᠠᠭᠠᠯ ᠶᠣᠰᠣᠭᠠᠷ ᠬᠠᠮᠳᠦ ᠵᠢᠨ ᠠᠰᠢᠭ ᠣᠷᠣᠯᠭ᠎ᠠ᠎ᠶᠢᠨ ᠬᠤᠪᠢᠶᠠᠷᠢᠯᠠᠯᠲᠠ᠂ ᠠᠵᠢᠯ ᠣᠯᠭᠣᠯᠲᠠ᠎ᠶᠢᠨ ᠦᠢᠯᠡᠴᠢᠯᠡᠭᠡ ᠬᠠᠩᠭᠠᠬᠤ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠶ ᠠᠵᠢᠯ᠎ᠤᠨ ᠪᠠᠶ᠋ᠢᠷᠢ᠎ᠳᠤ ᠲᠥᠪᠬᠢᠨᠡᠭᠦᠯᠬᠦ᠌ ᠵᠡᠷᠭᠡ ᠭᠠᠵᠠᠷ ᠰᠢᠷᠣᠶ᠎ᠠᠴᠠ ᠭᠠᠳᠠᠨᠠᠬᠢ ᠠᠷᠭ᠎ᠠ ᠮᠠᠶᠢᠭ᠎ᠢᠶᠠᠷ ᠳᠠᠮᠵᠢᠭᠤᠯᠤᠨ ᠲᠣᠪᠣᠶ᠋ᠢᠮ᠎ᠠ ᠵᠥᠷᠢᠴᠡᠯ᠎ᠢ ᠰᠢᠢᠳᠪᠦᠷᠢᠯᠡᠬᠦ᠌᠎ᠶᠢ ᠵᠣᠷᠢᠭᠵᠢᠭᠤᠯᠤᠨ᠎ᠠ ᠭᠡᠵᠦ᠍ ᠳᠤᠷᠠᠳᠤᠨ ᠭᠠᠷᠭᠠᠪᠠ᠃

ᠢᠷᠡᠯᠲᠡ᠄ ᠰᠢᠨᠬᠤᠸᠠ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号